11 ᠰᠠᠷ᠎ᠠ ᠶ᠋ᠢᠨ 22 ᠤ᠋ᠨ ᠡᠳᠦᠷ᠂ ᠪᠦᠬᠦ ᠤᠯᠤᠰ ᠤ᠋ᠨ ᠳ᠋ᠢᠵᠢᠲ᠋ᠠᠯ ᠬᠦᠮᠦᠯᠢᠭ ᠤ᠋ᠨ ᠲᠤᠰᠬᠠᠢ ᠮᠡᠷᠭᠡᠵᠢᠯ ᠤ᠋ᠨ ᠬᠦᠭᠵᠢᠯᠳᠡ ᠶ᠋ᠢᠨ ᠬᠤᠯᠪᠤᠭ᠎ᠠ ᠪᠤᠯᠤᠨ ᠦᠪᠦᠷ ᠮᠤᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠤᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠡᠴᠡ ᠭᠤᠤᠯᠯᠠᠨ ᠡᠷᠬᠢᠯᠡᠭᠰᠡᠨ ᠰᠢᠨ᠎ᠠ ᠴᠠᠭ ᠦᠶ᠎ᠠ ᠶ᠋ᠢᠨ ᠳᠤᠮᠳᠠᠳᠤ ᠤᠯᠤᠰ ᠤ᠋ᠨ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠳᠤᠭᠳᠠᠯᠴᠠᠭ᠎ᠠ ᠶ᠋ᠢᠨ ᠴᠤᠭᠴᠠᠯᠠᠯ ᠵᠢᠴᠢ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠰᠠᠭᠤᠷᠢ ᠮᠦᠩᠬᠦ ᠶ᠋ᠢᠨ ᠲᠤᠮᠤ ᠲᠦᠰᠦᠯ ᠤ᠋ᠨ ᠪᠦᠲᠦᠭᠡᠯ — 《ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠲᠡᠦᠬᠡ》 ᠶ᠋ᠢᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳ᠋ᠤ ᠶᠠᠪᠤᠭᠳᠠᠵᠤ᠂ ᠤᠷᠤᠰ ᠤ᠋ᠨ ᠬᠤᠯᠪᠤᠭ᠎ᠠ᠂ ᠶᠠᠫᠤᠨ ᠤᠯᠤᠰ᠂ ᠮᠤᠩᠭᠤᠯ ᠤᠯᠤᠰ ᠵᠢᠴᠢ ᠪᠦᠬᠦ ᠤᠯᠤᠰ ᠤ᠋ᠨ ᠡᠯ᠎ᠠ ᠭᠠᠵᠠᠷ ᠡᠴᠡ ᠬᠦᠷᠦᠯᠴᠡᠨ ᠢᠷᠡᠭᠰᠡᠨ 150 ᠭᠠᠷᠤᠢ ᠡᠷᠳᠡᠮᠳᠡᠨ ᠤᠷᠤᠯᠴᠠᠵᠠᠢ᠃
ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠮᠤᠩᠭᠤᠯ ᠰᠤᠳᠤᠯᠤᠯ ᠤ᠋ᠨ ᠳᠡᠭᠡᠳᠦ ᠰᠤᠷᠭᠠᠭᠤᠯᠢ ᠶ᠋ᠢᠨ ᠵᠠᠬᠢᠷᠤᠯ ᠮᠠᠨ ᠴᠢᠤᠸᠠᠨ (ᠳᠤᠷᠤᠨᠠᠲᠩᠷᠢ) ᠫᠷᠤᠹᠧᠰᠰᠤᠷ ᠡᠴᠡ ᠭᠤᠤᠯᠯᠠᠨ ᠡᠷᠬᠢᠯᠡᠵᠦ᠂ ᠦᠪᠦᠷ ᠮᠤᠩᠭᠤᠯ ᠤ᠋ᠨ ᠦᠨᠳᠦᠰᠦᠳᠡᠨ ᠤ᠋ ᠶᠡᠬᠡ ᠰᠤᠷᠭᠠᠭᠤᠯᠢ ᠶ᠋ᠢᠨ ᠫᠷᠤᠹᠧᠰᠰᠤᠷ ᠪᠠ᠊·ᠰᠦᠭᠡ᠂ ᠲᠦᠪ ᠤ᠋ᠨ ᠦᠨᠳᠦᠰᠦᠳᠡᠨ ᠤ᠋ ᠶᠡᠬᠡ ᠰᠤᠷᠭᠠᠭᠤᠯᠢ ᠶ᠋ᠢᠨ ᠫᠷᠤᠹᠧᠰᠰᠤᠷ ᠸᠠᠩ ᠮᠠᠨᠳᠤᠭ᠎ᠠ᠂ ᠦᠪᠦᠷ ᠮᠤᠩᠭᠤᠯ ᠤ᠋ᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠫᠷᠤᠹᠧᠰᠰᠤᠷ ᠴ·ᠴᠤᠯᠮᠤᠨ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠶ᠋ᠢᠨ ᠫᠷᠤᠹᠧᠰᠰᠤᠷ ᠰ·ᠤᠷᠤᠰᠬᠠᠯ ᠵᠡᠷᠭᠡ ᠤᠯᠠᠨ ᠡᠷᠳᠡᠮᠳᠡᠨ ᠤᠷᠤᠯᠴᠠᠭᠰᠠᠨ 《ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠲᠡᠦᠬᠡ》 ᠭᠡᠬᠦ ᠲᠤᠮᠤ ᠲᠦᠰᠦᠯ ᠤ᠋ᠨ ᠰᠡᠳᠦᠪ ᠨᠢ 2014 ᠤᠨ ᠳ᠋ᠤ ᠪᠠᠳᠤᠯᠠᠭᠳᠠᠵᠤ᠂ 2022 ᠤᠨ ᠳ᠋ᠤ ᠪᠡᠶᠡᠯᠡᠭᠦᠯᠤᠨ᠂ 2024 ᠤᠨ ᠳ᠋ᠤ ᠰᠤᠳᠤᠯᠭᠠᠨ ᠤ᠋ ᠪᠦᠲᠦᠭᠡᠯ ᠪᠤᠯᠬᠤ 3 ᠪᠤᠳᠢ 5 ᠳᠡᠪᠳᠡᠷ ᠨᠤᠮ ᠶ᠋ᠢᠡᠨ ᠬᠡᠪᠯᠡᠭᠦᠯᠵᠠᠢ᠃ ᠡᠭᠦᠨ ᠳ᠋ᠤ 《ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠲᠡᠦᠬᠡ》 (ᠮᠠᠲ᠋ᠧᠷᠢᠶᠠᠯ ᠤ᠋ᠨ ᠰᠢᠰᠲ᠋ᠧᠮ) ᠵᠢᠨ ᠪᠤᠳᠢ ᠨᠢ ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠬᠦᠪᠤᠷᠡᠯ᠂ ᠪᠦᠷᠢᠯᠳᠦᠯ ᠪᠠ ᠬᠦᠭᠵᠢᠯ ᠤ᠋ᠨ ᠱᠠᠳᠤ ᠦᠶ᠎ᠠ᠂ ᠰᠤᠳᠤᠯᠭᠠᠨ ᠤ᠋ ᠤᠯᠠᠮᠵᠢᠯᠠᠯ ᠬᠢᠭᠡᠳ ᠠᠷᠭ᠎ᠠ ᠵᠦᠢ᠂ ᠲᠡᠦᠬᠡᠨ ᠮᠠᠲᠧᠷᠢᠶᠠᠯ ᠤ᠋ᠨ ᠴᠤᠭᠴᠠᠯᠠᠯ ᠤ᠋ᠨ ᠡᠬᠡ ᠮᠠᠲᠧᠷᠢᠶᠠᠯ ᠤ᠋ᠨ ᠴᠤᠭᠯᠠᠭᠤᠯᠭ᠎ᠠ ᠪᠠ ᠦᠷᠡᠵᠢᠪᠤᠷᠢ ᠮᠠᠲᠧᠷᠢᠶᠠᠯ ᠤ᠋ᠨ ᠴᠤᠭᠯᠠᠭᠤᠯᠭ᠎ᠠ ᠵᠡᠷᠭᠡ ᠠᠭᠤᠯᠭ᠎ᠠ ᠪᠠᠭᠳᠠᠪᠠ; 《ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠲᠡᠦᠬᠡ》 (ᠬᠦᠮᠦᠵᠢᠯ ᠤ᠋ᠨ ᠰᠢᠰᠲ᠋ᠧᠮ) ᠵᠢᠨ ᠪᠤᠳᠢ ᠨᠢ ᠳᠡᠭᠡᠳᠦ ᠳᠤᠤᠷᠠᠳᠦ ᠬᠤᠶᠠᠷ ᠳᠡᠪᠳᠡᠷ ᠬᠤᠪᠢᠶᠠᠵᠤ᠂ ᠮᠤᠩᠭᠤᠯ ᠤᠳᠬ᠎ᠠ ᠵᠤᠬᠢᠶᠠᠯ ᠤ᠋ᠨ ᠤᠷᠴᠢᠨ ᠦᠶ᠎ᠠ ᠶ᠋ᠢᠨ ᠰᠤᠷᠭᠠᠭᠤᠯᠢ ᠶ᠋ᠢᠨ ᠬᠦᠮᠦᠵᠢᠯ ᠤ᠋ᠨ ᠡᠭᠦᠰᠪᠤᠷᠢ᠂ ᠮᠤᠩᠭᠤᠯ ᠤᠳᠬ᠎ᠠ ᠵᠤᠬᠢᠶᠠᠯ ᠤ᠋ᠨ ᠰᠤᠷᠭᠠᠬᠤ ᠪᠢᠴᠢᠭ᠂ ᠮᠤᠩᠭᠤᠯ ᠤᠳᠬ᠎ᠠ ᠵᠤᠬᠢᠶᠠᠯ ᠤ᠋ᠨ ᠰᠤᠷᠭᠠᠭᠤᠯᠢ ᠶ᠋ᠢᠨ ᠬᠦᠮᠦᠵᠢᠯ ᠤ᠋ᠨ ᠡᠬᠢᠯᠡᠯ᠂ ᠬᠦᠭᠵᠢᠯ᠂ ᠬᠤᠪᠢᠷᠠᠯ᠂ ᠰᠡᠷᠭᠦᠯ᠂ ᠡᠷᠢᠯᠬᠢᠯᠡᠯ᠂ ᠲᠡᠭᠦᠯᠳᠡᠷᠵᠢᠯ᠂ ᠳᠡᠭᠡᠭᠰᠢᠯᠡᠯ ᠤ᠋ᠨ ᠡᠯ᠎ᠠ ᠱᠠᠳᠤ ᠦᠶ᠎ᠠ ᠶ᠋ᠢᠨ ᠠᠭᠤᠯᠭ᠎ᠠ ᠪᠠᠭᠳᠠᠵᠠᠢ; 《ᠮᠤᠩᠭᠤᠯ ᠤᠳᠬ᠎ᠠ ᠵᠤᠬᠢᠶᠠᠯ ᠤ᠋ᠨ ᠰᠢᠨᠵᠢᠯᠡᠭᠡᠨ ᠤ᠋ ᠰᠠᠯᠠᠭ᠎ᠠ ᠶ᠋ᠢᠨ ᠲᠡᠦᠬᠡ》 (ᠰᠤᠳᠤᠯᠭᠠᠨ ᠤ᠋ ᠰᠢᠰᠲ᠋ᠧᠮ) ᠵᠢᠨ ᠪᠤᠳᠢ ᠨᠢ ᠳᠡᠭᠡᠳᠦ ᠳᠤᠤᠷᠠᠳᠦ ᠬᠤᠶᠠᠷ ᠳᠡᠪᠳᠡᠷ ᠬᠤᠪᠢᠶᠠᠵᠤ᠂ ᠠᠮᠠᠨ ᠤᠯᠠᠮᠵᠢᠯᠠᠯ ᠡᠴᠡ ᠰᠦᠯᠵᠢᠶᠠᠨ ᠤᠯᠠᠮᠵᠢᠯᠠᠯ ᠬᠦᠷᠳᠡᠯᠡᠬᠢ ᠮᠤᠩᠭᠤᠯ ᠤᠳᠬ᠎ᠠ ᠵᠤᠬᠢᠶᠠᠯ ᠤ᠋ᠨ ᠤᠷᠤᠰᠢᠬᠤᠢ ᠶ᠋ᠢᠨ ᠬᠡᠯᠪᠡᠷᠢ ᠬᠢᠭᠡᠳ ᠦᠨᠳᠦᠰᠦᠨ ᠳᠤᠭᠳᠠᠯᠴᠠᠭ᠎ᠠ᠂ ᠳᠤᠮᠳᠠᠳᠤ ᠤᠯᠤᠰ᠂ ᠮᠤᠩᠭᠤᠯ ᠤᠯᠤᠰ᠂ ᠶᠠᠫᠤᠨ ᠤᠯᠤᠰ ᠵᠢᠴᠢ ᠤᠷᠤᠰ ᠤ᠋ᠨ ᠬᠤᠯᠪᠤᠭᠠᠨ ᠤ᠋ ᠮᠤᠩᠭᠤᠯᠴᠢ ᠡᠷᠳᠡᠮᠳᠡᠳ ᠤ᠋ᠨ ᠮᠤᠩᠭᠤᠯ ᠤᠳᠬ᠎ᠠ ᠵᠤᠬᠢᠶᠠᠯ ᠤ᠋ᠨ ᠰᠤᠳᠤᠯᠭᠠᠨ ᠵᠡᠷᠭᠡ ᠠᠭᠤᠯᠭ᠎ᠠ ᠶ᠋ᠢ ᠪᠠᠭᠳᠠᠭᠠᠭᠰᠠᠨ ᠪᠠᠢᠨ᠎ᠠ᠃
ᠰᠤᠳᠤᠯᠤᠨ ᠶᠠᠷᠢᠯᠴᠠᠬᠤ ᠬᠤᠷᠠᠯ ᠳ᠋ᠤ ᠤᠷᠤᠯᠴᠠᠭᠰᠠᠨ ᠡᠷᠳᠡᠮᠳᠡᠳ ᠲᠤᠰ ᠪᠦᠲᠦᠭᠡᠯ ᠪᠤᠯ 《ᠮᠤᠩᠭᠤᠯ ᠤᠳᠬ᠎ᠠ ᠵᠤᠬᠢᠶᠠᠯ ᠤ᠋ᠨ ᠡᠷᠳᠡᠮ ᠰᠢᠨᠵᠢᠯᠡᠭᠡᠨ ᠤ᠋ ᠰᠠᠯᠠᠭ᠎ᠠ ᠪᠦᠷᠢᠯᠳᠦᠨ ᠳᠤᠭᠳᠠᠭᠰᠠᠨ ᠢ᠋ ᠲᠤᠩᠬᠠᠭᠯᠠᠭᠰᠠᠨ ᠲᠤᠭᠴᠢ ᠴᠢᠨᠠᠷᠳᠠᠢ ᠪᠦᠲᠦᠭᠡᠯ ᠮᠦᠨ》 ᠭᠡᠬᠦ ᠦᠨᠳᠦᠷ ᠦᠨᠡᠯᠡᠯᠳᠡ ᠦᠭᠴᠠᠢ᠃