ᠥᠪᠥᠷ ᠮᠣᠩᠭᠣᠯ ᠎ᠤᠨ 2025 ᠣᠨ ᠎ᠤ ᠡᠨᠧᠷᠭᠢ ᠬᠢᠮᠢ᠎ᠶᠢᠨ ᠠᠵᠤ ᠦᠢᠯᠡᠳᠪᠦᠷᠢ᠎ᠶᠢᠨ ᠲᠤᠰᠬᠠᠢ ᠳᠠᠯᠠᠪᠠᠢ ᠠᠵᠢᠯᠲᠠᠨ ᠤᠷᠢᠵᠤ ᠡᠯᠰᠡᠬᠦ ᠴᠤᠭᠯᠠᠭᠠᠨ ᠶᠠᠪᠤᠭᠳᠠᠵᠡᠢ
2025-11-26 10:52:00
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠦᠪᠦᠷ ᠮᠤᠩᠭᠤᠯ᠎ᠤᠨ 2025 ᠣᠨ᠎ᠤ ᠡᠨᠧᠷᠭᠢ ᠬᠢᠮᠢ᠎ᠶᠢᠨ ᠠᠵᠤ ᠦᠢᠯᠡᠳᠪᠦᠷᠢ᠎ᠶᠢᠨ ᠲᠤᠰᠬᠠᠢ ᠲᠠᠯᠠᠪᠠᠶ ᠠᠵᠢᠯᠲᠠᠨ ᠤᠷᠢᠵᠤ ᠡᠯᠰᠡᠬᠦ ᠴᠤᠭᠯᠠᠭᠠᠨ ᠥᠪᠥᠷ ᠮᠣᠩᠭᠣᠯ ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠬᠡᠵᠢᠯ᠎ᠤᠨ ᠳᠡᠬᠡᠳᠤ ᠰᠤᠷᠭᠠᠭᠤᠯᠢ ᠳ᠋ᠤ ᠶᠠᠪᠤᠭᠳᠠᠪᠠ᠃

ᠲᠣᠰ ᠤᠳᠠᠭᠠᠨ ᠎ᠤ ᠠᠵᠢᠯᠲᠠᠨ ᠤᠷᠢᠵᠤ ᠡᠯᠰᠡᠬᠦ ᠴᠤᠭᠯᠠᠭᠠᠨ ᠨᠢ ᠥᠪᠥᠷ ᠮᠣᠩᠭᠣᠯ᠎ᠤᠨ ᠣᠶᠤᠨᠲᠤ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ ᠲᠠᠪᠴᠠᠩ᠎ᠤᠨ ᠳᠠᠪᠠᠭᠤᠯᠢᠭ᠋᠎ᠲᠤ ᠲᠦᠰᠢᠭᠯᠡᠨ᠂ ᠳᠤᠮᠳᠠᠳᠤ ᠤᠯᠤᠰ᠎ᠤᠨ ᠳᠠᠪᠤᠰᠤᠨ᠎ᠤ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠬᠤᠪᠢᠴᠠᠭᠠᠳᠤ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠵᠦᠧᠸ ᠵᠧᠩ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠂ ᠱᠠᠨᠳᠦ᠋ᠩ᠎ᠦᠨ ᠾᠧᠩ ᠪᠠᠩ ᠲᠡᠮᠦᠷᠯᠢᠭ ᠪᠣᠯᠪᠠᠰᠤᠷᠠᠭᠤᠯᠬᠤ ᠬᠤᠪᠢᠴᠠᠭᠠᠳᠤ ᠬᠢᠵᠠᠭᠠᠷᠲᠤ ᠺᠣᠮᠫᠠᠨᠢ ᠵᠡᠷᠭᠡ ᠣᠷᠣᠨ᠎ᠤ ᠳᠤᠳᠤᠨ᠎ᠠ ᠭᠠᠳᠠᠨᠠᠬᠢ 110 ᠭᠠᠷᠤᠢ ᠰᠢᠯᠢᠳᠡᠭ ᠠᠵᠤ ᠠᠬᠤᠢᠯᠠᠯ᠎ᠢ ᠴᠤᠭᠯᠠᠭᠤᠯᠤᠭᠰᠠᠨ ᠪᠠᠢᠨ᠎ᠠ᠃ ᠡᠭᠦᠨ᠎ᠡᠴᠡ ᠭᠠᠳᠠᠨ᠎ᠠ᠂ ᠣᠷᠳᠣᠰ᠎ᠤᠨ ᠱᠠᠩᠬᠤ᠎ᠶᠢᠨ ᠰᠦᠮ᠎ᠡ᠎ᠶᠢᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠂ ᠦᠬᠠᠢ ᠬᠣᠲᠠ᠎ᠶᠢᠨ ᠤᠳᠠ ᠵᠢᠨ ᠲᠤᠬᠤᠢ ᠲᠣᠭᠣᠷᠢᠭ᠋᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠵᠡᠷᠭᠡ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠢᠨ ᠲᠤᠬᠠᠢ᠎ᠶᠢᠨ ᠲᠠᠯᠠᠪᠤᠷ᠎ᠲᠤ ᠴᠢᠳᠠᠪᠤᠷᠢᠲᠠᠨ ᠤᠷᠢᠵᠤ᠂ 5000 ᠭᠠᠷᠤᠢ ᠠᠵᠢᠯ᠎ᠤᠨ ᠪᠠᠢᠷᠢ ᠬᠠᠩᠭᠠᠭᠰᠠᠨ ᠪᠠᠢᠨ᠎ᠠ᠃ ᠠᠵᠢᠯᠲᠠᠨ ᠤᠷᠢᠵᠤ ᠡᠯᠰᠡᠬᠦ ᠴᠤᠭᠯᠠᠭᠠᠨ᠎ᠤ ᠠᠵᠢᠯ᠎ᠤᠨ ᠪᠠᠢᠷᠢ ᠨᠢ ᠡᠨᠧᠷᠭᠢ ᠬᠢᠮᠢ᠎ᠶᠢᠨ ᠠᠵᠤ ᠦᠢᠯᠡᠳᠪᠦᠷᠢ᠂ ᠲᠣᠨᠣᠭ ᠲᠥᠬᠦᠭᠡᠷᠦᠮᠵᠢ ᠦᠢᠯᠡᠳᠬᠦ᠂ ᠰᠢᠨ᠎ᠡ ᠮᠠᠲᠧᠷᠢᠶᠠᠯ᠂ ᠮᠡᠳᠡᠭᠡ ᠵᠠᠩᠭᠢ᠎ᠶᠢᠨ ᠮᠡᠷᠭᠡᠵᠢᠯ᠂ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠡᠷᠭᠡ ᠣᠯᠠᠨ ᠬᠦᠷᠢᠶ᠎ᠡ᠎ᠶᠢ ᠬᠠᠮᠤᠷᠴᠤ ᠂ 4000 ᠭᠠᠷᠤᠢ ᠲᠡᠭᠦᠰᠬᠦ ᠤᠶᠤᠳᠠᠳ ᠳᠤᠬᠠᠢ ᠵᠢᠨ ᠲᠠᠯᠠᠪᠠᠶ᠎ᠳᠤ ᠠᠵᠢᠯ ᠡᠷᠢᠵᠦ᠂ ᠲᠤᠬᠠᠢ᠎ᠶᠢᠨ ᠳᠠᠯᠠᠪᠠᠢ ᠳ᠋ᠤ 6000 ᠭᠠᠷᠤᠢ ᠬᠤᠪᠢ ᠲᠣᠪᠴᠢ ᠨᠠᠮᠲᠠᠷ᠎ᠢᠶᠠᠨ ᠬᠦᠷᠭᠡᠵᠦ ᠂ 1500 ᠭᠠᠷᠤᠢ ᠬᠥᠮᠥᠨ᠎ᠲᠠᠢ ᠰᠠᠨᠠᠮᠵᠢ ᠵᠢᠨ ᠭᠡᠷ᠎ᠡ ᠲᠣᠭᠲᠠᠵᠤ᠂ ᠲᠡᠭᠦᠰᠬᠦ ᠤᠶᠤᠳᠠᠳ ᠪᠣᠯᠣᠨ ᠠᠵᠤ ᠠᠬᠤᠢᠯᠠᠯ᠎ᠳᠤ ᠥᠨᠳᠥᠷ ᠪᠦᠲᠦᠮᠵᠢᠲᠡᠶ ᠠᠵᠢᠯ ᠣᠯᠭᠣᠯᠲᠠ᠎ᠶᠢᠨ ᠬᠥᠭᠥᠷᠭᠡ ᠪᠠᠢᠭᠤᠯᠵᠤ ᠥᠭᠭᠦᠭᠰᠡᠨ ᠪᠠᠢᠨ᠎ᠠ᠃

ᠣᠲᠣ᠌ ᠪᠤᠯ ᠶᠠᠭ ᠶᠡᠬᠡ ᠳᠡᠭᠡᠳᠦ ᠰᠤᠷᠭᠠᠭᠤᠯᠢ ᠳᠡᠬᠦᠰᠬᠦ ᠤᠶᠤᠳᠠᠳ᠎ᠦᠨ ᠠᠵᠢᠯ ᠡᠷᠢᠬᠦ ᠵᠠᠩᠭᠢᠯᠠᠭ᠎ᠠ᠎ᠶᠢᠨ ᠬᠤᠭᠤᠴᠠᠭ᠎ᠠ ᠪᠤᠯᠬᠤ ᠶᠤᠮ᠃  ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠡᠯ᠎ᠡ ᠳᠡᠭᠡᠳᠦ ᠰᠤᠷᠭᠠᠭᠤᠯᠢ᠎ᠶᠢ ᠵᠣᠬᠢᠶᠠᠨ ᠪᠠᠢᠭᠤᠯᠤᠨ ᠠᠵᠢᠯ᠎ᠤᠨ ᠪᠠᠢᠷᠢ᠎ᠶᠢᠨ ᠳᠠᠯᠳᠠ ᠬᠦᠴᠦᠨ᠎ᠢ ᠠᠭᠤᠳᠠᠯᠵᠤ᠂ ᠬᠠᠩᠭᠠᠯᠭ᠎ᠠ᠎ᠶᠢᠨ ᠠᠷᠭ᠎ᠠ ᠵᠠᠮ᠎ᠢ ᠥᠷᠭᠡᠳᠬᠡᠬᠦ᠎ᠶᠢᠨ ᠬᠠᠮᠲᠤ ᠨᠠᠷᠢᠯᠢᠭ᠋ ᠣᠨᠣᠴᠠᠲᠠᠢ ᠰᠡᠳᠬᠢᠯ ᠳ᠋ᠤ ᠬᠦᠷᠦᠭᠰᠡᠨ ᠠᠵᠢᠯ ᠣᠯᠭᠣᠯᠲᠠ᠎ᠶᠢᠨ ᠲᠥᠯᠦᠪᠵᠢᠭᠦᠯᠭᠡ᠎ᠶᠢᠨ ᠵᠢᠯᠣᠭᠣᠳᠤᠯᠭ᠎ᠠ  ᠬᠠᠩᠭᠠᠵᠤ᠂ ᠳᠡᠬᠦᠰᠬᠦ ᠤᠶᠤᠳᠠᠳ᠎ᠤᠨ ᠴᠢᠨᠠᠷ ᠰᠠᠢᠲᠠᠢ ᠪᠥᠭᠡᠳ ᠭᠦᠢᠴᠡᠳ ᠠᠵᠢᠯ ᠤᠯᠭᠤᠯᠳᠠ ᠵᠢ ᠪᠥᠬᠥ ᠬᠦᠴᠦᠨ᠎ᠢᠶᠡᠷ᠎ᠢᠶᠡᠨ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号