ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠬᠤᠷᠢᠶ᠎ᠡ ᠵᠢᠨ ᠠᠯᠪᠠᠨ ᠭᠡᠷ) ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ
2025-11-26 09:40:22
ᠵᠣᠬᠢᠶᠠᠭ᠍ᠴᠢ᠄
ᠮᠠ ᠹᠠᠩ ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 22᠎ᠤ᠋ᠨ ᠡᠳᠦᠷ ᠪᠤᠯᠤᠨ 24᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠬᠤᠷᠢᠶ᠎ᠡ ᠵᠢᠨ ᠠᠯᠪᠠᠨ ᠭᠡᠷ)᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠳ᠋ᠦ᠋ ᠹᠸᠩ ᠯᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠳ᠋ᠡᠬᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠠᠬᠢᠴᠠ ᠳᠤᠮᠳᠠᠬᠢ ᠴᠢᠬᠤᠯᠠ ᠪᠠᠢᠷᠢ ᠰᠠᠭᠤᠷᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠪᠥᠬᠥ᠌ ᠲᠠᠯ᠎ᠠ᠎ᠵᠢᠨ ᠪᠦᠭᠡᠳ ᠱᠢᠰᠲ᠋ᠧᠮ᠎ᠲᠡᠶ᠂ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠵᠡᠶ᠃

ᠮᠡᠳᠡᠭᠦᠯᠦᠯᠲᠡ᠎ᠶ᠋ᠢᠨ ᠠᠭᠤᠯᠭ᠎ᠠ ᠨᠢ ᠪᠠᠶᠠᠯᠢᠭ᠂ ᠭᠣᠣᠯᠳᠠᠯᠭ᠎ᠠ ᠨᠢ ᠲᠤᠪᠤᠢ᠌ᠮ᠎ᠠ᠂ ᠥᠭᠦᠯᠡᠯᠲᠡ ᠨᠢ ᠭᠦᠨᠵᠡᠭᠡᠢ᠂ ᠲᠠᠢᠯᠪᠤᠷᠢᠯᠠᠯᠲᠠ ᠨᠢ ᠣᠨᠣᠪᠴᠢᠲᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠵᠢᠨ ᠬᠠᠤᠯᠢ ᠪᠡᠷ ᠵᠠᠰᠠᠬᠤ ᠭᠠᠵᠠᠷ᠎ᠤᠨ ᠳᠠᠷᠤᠭ᠎ᠠ ᠨᠠ ᠨᠠ᠄ 《ᠤᠬᠠᠭᠤᠯᠤᠨ ᠲᠠᠢᠯᠪᠤᠷᠢᠯᠠᠯᠲᠠ ᠨᠢ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠤᠯᠵᠠᠢ᠂ ᠰᠣᠨᠣᠰᠤᠭᠠᠳ ᠮᠠᠰᠢ ᠶᠡᠬᠡ ᠰᠡᠩᠬᠡᠷᠡᠭᠦᠯᠦᠯ ᠣᠯᠵᠠᠢ᠃ ᠪᠢ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠪᠦᠬᠦ᠌ ᠲᠠᠯ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠠᠭᠤᠰᠤᠯᠴᠠᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠲᠣᠭ᠍ᠲᠠᠭᠤᠨ᠎ᠢ ᠬᠠᠮᠠᠭᠠᠯᠠᠬᠤ᠂ ᠬᠥᠭ᠌ᠵᠢᠯᠲᠡ᠎ᠳᠦ ᠦᠢᠯᠡᠴᠢᠯᠡᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ ᠪᠣᠳᠠᠲᠠᠢ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠦ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ (ᠥᠭᠡᠷᠡᠴᠢᠯᠡᠯᠲᠡ᠎ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠬᠤᠷᠢᠶ᠎ᠡ ᠵᠢᠨ ᠠᠯᠪᠠᠨ ᠭᠡᠷ) ᠲᠤ᠌᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ᠂ ᠥᠭᠡᠷᠡᠴᠢᠯᠡᠯᠲᠡ᠎ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠬᠤᠷᠢᠶ᠎ᠡ ᠵᠢᠨ ᠠᠯᠪᠠᠨ ᠭᠡᠷ᠎ᠦᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠡᠷᠬᠢᠯᠡᠭ᠌ᠴᠢ ᠸᠠᠩ ᠰᠢ ᠦ᠋ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥᠳᠡ ᠬᠤᠷᠠᠯ᠎ᠤᠨ《ᠰᠠᠨᠠᠭᠤᠯᠭ᠎ᠠ》 ᠶ᠋ᠢᠨ ᠲᠣᠭᠣᠷᠢᠨ᠎ᠳᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠲᠠᠯ᠎ᠠ᠎ᠪᠠᠷ ᠪᠥᠬᠥ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠵᠤ᠂ ᠰᠢᠰᠲᠸᠮ ᠲᠠᠢ ᠦᠭᠦᠯᠡᠵᠡᠢ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠮᠠᠰᠢ ᠴᠢᠩᠭ᠎ᠠ ᠵᠢᠯᠣᠭᠣᠳᠭᠤ ᠴᠢᠨᠠᠷ᠎ᠲᠠᠶ᠃《ᠤᠬᠠᠭᠤᠯᠤᠨ ᠲᠠᠢᠯᠪᠤᠷᠢᠯᠠᠬᠤ᠎ᠳᠠᠭᠠᠨ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠭᠤᠤᠯ ᠴᠢᠮᠥᠭᠡ ᠴᠢᠬᠤᠯᠠ ᠠᠭᠤᠯᠭ᠎ᠠ᠎ᠶ᠋ᠢ ᠲᠣᠳᠣᠷᠬᠠᠶ ᠶᠠᠷᠢᠭ᠍ᠰᠠᠨ ᠪᠥᠭᠡᠳ ᠪᠠᠰᠠ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠵᠠᠮ ᠪᠠ ᠭᠠᠷᠳᠠᠴᠠ ᠵᠢ ᠲᠣᠳᠣᠷᠬᠠᠢᠯᠠᠵᠤ᠂ ᠪᠢᠳᠡᠨ᠎ᠦ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠬᠦ᠌᠂ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠬᠦᠴᠦᠲᠡᠶ ᠵᠢᠯᠣᠭᠣᠳᠣᠯᠭ᠎ᠠ ᠬᠠᠩᠭᠠᠪᠠ》᠃ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ᠎ᠶ᠋ᠢᠨ ᠰᠤᠳᠤᠯᠭᠠᠨ᠎ᠤ ᠲᠥᠪ᠎ᠦᠨ ᠺᠠᠳ᠋ᠷ ᠭᠤᠤ ᠹᠸᠢ ᠹᠸᠢ᠂ 《ᠥᠭᠡᠷᠡᠴᠢᠯᠡᠯᠲᠡ᠎ᠶ᠋ᠢᠨ ᠰᠤᠳᠤᠯᠭᠠᠨ᠎ᠤ ᠠᠵᠢᠯ ᠬᠢᠵᠤ ᠪᠠᠢᠭ᠎ᠠ ᠠᠵᠢᠯᠲᠠᠨ ᠪᠤᠯᠤᠭᠰᠠᠨ᠎ᠤ ᠬᠤᠪᠢ ᠳ᠋ᠦ᠂ ᠪᠢ ᠯᠠᠪᠲᠠᠢ ᠨᠠᠷᠢᠨ ᠬᠢᠨᠠᠮᠠᠭᠠᠢ ᠱᠢᠩᠭᠡᠭᠡᠨ ᠠᠪᠴᠤ᠌᠂ ᠦᠷᠭᠦᠯᠵᠢᠯᠡᠨ ᠳᠠᠭᠠᠨ ᠰᠤᠷᠤᠯᠴᠠᠵᠤ᠂ ᠳᠥᠷᠪᠡᠳᠦᠭᠡᠷ ᠪᠦᠬᠦᠳᠠ ᠬᠤᠷᠠᠯ᠎ᠤᠨ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠩ ᠠᠯᠤᠰ ᠬᠡᠳᠦ᠍᠎ᠶ᠋ᠢᠨ ᠴᠢᠨᠠᠷᠲᠠᠢ᠂ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠢ ᠲᠦᠷᠦ᠍᠎ᠶ᠋ᠢᠨ ᠪᠤᠳᠤᠯᠭ᠎ᠠ᠎ᠶ᠋ᠢᠨ ᠰᠠᠨᠠᠭᠤᠯᠭ᠎ᠠ ᠪᠣᠯᠤᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠴᠢᠷᠮᠠᠢᠨ ᠳᠤᠷᠠᠳᠴᠤ᠌᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠲᠤᠬᠳᠠᠭᠠᠬᠤ᠎ᠳᠤ ᠦᠢᠯᠡᠴᠢᠯᠡᠬᠦ᠌᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ》 ᠭᠡᠵᠦ᠍ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠶ᠋ᠢᠨ ᠲᠡᠷᠢᠭᠦᠯᠡᠭ᠌ᠴᠢ ᠦᠨᠡᠨᠴᠢ ᠲᠤᠰᠭᠠᠶ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠦᠨᠡᠨᠴᠢ ᠪᠥᠬᠥᠳᠡ ᠬᠤᠷᠠᠯ᠎ᠤᠨ ᠶᠡᠷᠦᠩᠬᠡᠶ ᠪᠠᠢᠳᠠᠯ᠂ ᠴᠢᠬᠤᠯᠠ ᠶᠡᠬᠡ ᠠᠴᠢ ᠬᠣᠯᠪᠣᠭ᠍ᠳᠠᠯ᠎ᠤᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠡᠷᠭᠡ ᠠᠭᠤᠯᠭ᠎ᠠ᠎ᠪᠡᠷ ᠱᠢᠰᠲ᠋ᠧᠮ᠎ᠲᠡᠶ ᠲᠠᠢᠯᠪᠤᠷᠢᠯᠠᠵᠤ ᠭᠦᠨᠵᠡᠭᠡᠶ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠤᠤᠯ ᠳᠡᠳ᠋ ᠨᠢ ᠲᠣᠳᠣᠷᠬᠠᠢ᠂ ᠠᠭᠤᠯᠭ᠎ᠠ ᠨᠢ ᠪᠠᠶᠠᠯᠢᠭ᠂ ᠲᠦᠬᠦᠮ ᠣᠢᠯᠠᠭᠠᠮᠵᠢᠲᠠᠢ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠠᠵᠤ ᠠᠬᠤᠢ᠎ᠶ᠋ᠢᠨ ᠬᠡᠯᠲᠡᠰ᠎ᠦᠨ ᠳᠡᠳ᠋ ᠳᠠᠷᠤᠭ᠎ᠠ ᠯᠢᠦ ᠵᠢᠶ᠍ᠸ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠭᠣᠣᠯᠳᠠᠯᠭ᠎ᠠ ᠨᠢ ᠲᠤᠪᠤᠢ᠌ᠮ᠎ᠠ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ᠂ ᠪᠢᠳᠡ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠵᠠᠢ᠃ ᠪᠢᠳᠡ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠠᠵᠤ ᠦᠶ᠋ᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠮᠠᠨ᠎ᠤ ᠣᠷᠣᠨ᠎ᠤ ᠤᠷᠠᠨ ᠳᠠᠷᠬᠠᠨ᠎ᠤ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠤᠯᠠᠮ ᠨᠢᠬᠡ ᠠᠯᠬᠤᠮ ᠴᠢᠩᠭᠠᠳᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭ᠍ᠰᠠᠨ ᠪᠠ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠴᠢᠭ᠌ᠯᠡᠯ᠎ᠳᠦ ᠨᠡᠢᠴᠡᠭ᠌ᠰᠡᠨ ᠲᠣᠮᠣ ᠤᠯᠤᠰ᠎ᠤᠨ ᠤᠷᠠᠨ ᠳᠠᠷᠬᠠᠨ᠂ ᠤᠮᠠᠷᠠᠲᠤ ᠬᠢᠯᠢ᠎ᠶ᠋ᠢᠨ ᠤᠷᠠᠨ ᠳᠠᠷᠬᠠᠨ ᠪᠠ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠨᠠᠩ ᠣᠯᠠᠨ ᠬᠥᠮᠦᠵᠢᠭᠦᠯᠬᠦ᠌᠎ᠶ᠋ᠢᠨ ᠲᠥᠯᠥᠭᠡ ᠴᠥᠬᠥᠷᠡᠰᠢ ᠥᠬᠡᠶ ᠲᠡᠮᠡᠴᠡᠨ᠎ᠡ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号