ᠣᠳᠣᠬᠢᠴᠢᠯᠠᠭ᠍ᠰᠠᠨ ᠣᠷᠣᠨ᠎ᠤ ᠲᠥᠪ ᠬᠣᠲᠠ᠎ᠶ᠋ᠢ ᠲᠦᠷᠭᠡᠳᠭᠡᠨ ᠪᠥᠲᠥᠭᠡᠨ ᠪᠠᠢᠭᠤᠯᠵᠤ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠵᠤᠷᠢᠭᠲᠠᠢ ᠪᠡᠷ ᠭᠤᠤᠯ ᠡᠭᠦᠷᠭᠡ ᠵᠢ ᠡᠭᠦᠷᠭᠡᠯᠡᠨ᠎ᠡ
2025-11-26 10:32:38
ᠵᠣᠬᠢᠶᠠᠭ᠍ᠴᠢ᠄
​ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

— ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠾᠧ ᠬᠠᠶ ᠳ᠋ᠦᠩ ᠢ᠋ ᠰᠤᠷᠪᠤᠯᠵᠢᠯᠠᠭᠰᠠᠨ ᠨᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠵᠢᠷᠤᠭ ᠲᠦᠰᠦᠪ᠎ᠢ ᠵᠢᠷᠤᠭ᠍ᠯᠠᠪᠠ᠃ ᠱᠢᠨ᠎ᠡ ᠠᠶᠠᠨ᠎ᠳᠤ ᠲᠤᠭ ᠳᠠᠯᠪᠠᠭ᠎ᠠ ᠵᠢ ᠥᠨᠳᠥᠷ ᠮᠠᠨᠳᠤᠭᠤᠯᠵᠤ᠂ ᠱᠢᠨ᠎ᠡ ᠠᠶᠠᠨ᠎ᠳᠡᠬᠢ ᠡᠭᠦᠷᠭᠡ ᠬᠠᠷᠢᠭᠤᠴᠠᠯᠭ᠎ᠠ ᠦᠩᠬᠡ ᠬᠡᠷᠡᠯᠳᠡᠢ ᠶᠤᠮ᠂ ᠥᠪᠡᠷᠲᠡᠭᠡᠨ ᠵᠠᠰᠠᠬᠤ ᠣᠷᠣᠨ᠎ᠤ ᠲᠥᠪ ᠬᠤᠳᠠ ᠪᠣᠯᠤᠭ᠍ᠰᠠᠨ᠎ᠤ ᠬᠤᠪᠢ᠎ᠳᠤ᠂ ᠬᠥᠬᠡᠬᠣᠲᠠ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠡᡁᠸ ᠬᠠᠢ ᠳ᠋ᠦᠩ᠎ᠢ ᠰᠤᠷᠪᠤᠯᠵᠢᠯᠠᠪᠠ᠃

ᠾᠧ ᠬᠠᠢ ᠳ᠋ᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠪᠦᠬᠦ᠌ ᠣᠷᠣᠨ᠎ᠤ ᠬᠥᠭ᠌ᠵᠢᠯᠲᠡ᠎ᠶ᠋ᠢᠨ ᠬᠠᠷᠠᠯᠲᠠ ᠪᠣᠯᠤᠨ ᠭᠣᠣᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠵᠤ᠂ ᠣᠷᠣᠨ ᠲᠠᠶᠠᠭᠠᠷ᠎ᠤᠨ ᠦᠷᠭᠦᠯᠵᠢᠯᠡᠨ ᠲᠡᠮᠡᠴᠡᠬᠦ᠌᠎ᠳᠦ ᠴᠢᠭ᠌ᠯᠡᠯ᠎ᠢ ᠵᠢᠭᠠᠨ ᠥᠭ᠌ᠴᠦ᠂ ᠢᠲᠡᠭᠡᠯ ᠵᠣᠷᠢᠭ᠎ᠢ ᠬᠥᠪᠴᠢᠯᠡᠵᠡᠢ᠃

ᠬᠥᠬᠡᠬᠣᠲᠠ ᠵᠢᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ᠂ ᠡᠷᠡᠰ ᠨᠠᠢᠳᠠᠪᠤᠷᠢᠵᠢᠭᠤᠯᠵᠤ᠂ 《ᠭᠤᠤᠯ ᠡᠭᠦᠷᠭᠡ ᠵᠢ ᠡᠭᠦᠷᠭᠡᠯᠡᠬᠦ》 ᠬᠠᠷᠢᠭᠤᠴᠠᠯᠭ᠎ᠠ᠎ᠶ᠋ᠢ ᠰᠠᠨᠠᠭᠠᠴᠢᠯᠠᠭ᠎ᠠ᠎ᠡᠴᠡ᠎ᠪᠠᠨ ᠡᠭᠦᠷᠭᠡᠯᠡᠨ᠂ ᠦᠷᠭᠦᠯᠵᠢᠯᠡᠨ ᠬᠦᠴᠦᠯᠡᠵᠦ᠍᠂ ᠤᠳᠠᠭᠠᠨ ᠲᠠᠭᠠᠭᠠᠮᠠᠭᠠᠢ ᠪᠡᠷ ᠵᠢᠳᠭᠦᠯ ᠴᠢᠷᠮᠠᠢᠯᠭ᠎ᠠ ᠭᠠᠷᠭᠠᠵᠤ᠂ ᠣᠷᠣᠨ᠎ᠤ ᠲᠥᠪ᠎ᠦᠨ ᠠᠵᠤ ᠠᠬᠤᠶ᠎ᠶ᠋ᠢᠨ ᠴᠢᠳᠠᠪᠬᠢ᠎ᠶ᠋ᠢᠨ ᠲᠠᠰ᠂ ᠰᠣᠶᠣᠯ᠎ᠤᠨ ᠴᠢᠳᠠᠪᠬᠢ᠎ᠶ᠋ᠢᠨ ᠲᠠᠰ᠂ ᠵᠠᠰᠠᠯᠲᠠ᠎ᠶ᠋ᠢᠨ ᠴᠢᠳᠠᠪᠬᠢ᠎ᠶ᠋ᠢᠨ ᠲᠠᠰ᠂ ᠠᠮᠢ ᠠᠬᠤᠶ᠎ᠶ᠋ᠢᠨ ᠴᠢᠳᠠᠪᠬᠢ᠎ᠶ᠋ᠢᠨ ᠲᠠᠰ ᠪᠣᠯᠤᠨ ᠬᠥᠮᠦᠨ ᠠᠮᠠ᠎ᠶ᠋ᠢᠨ ᠴᠢᠳᠠᠪᠬᠢ᠎ᠶ᠋ᠢᠨ ᠲᠠᠰ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠥᠬᠥ᠌ ᠤᠯᠤᠰ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠨ ᠪᠠᠲᠤᠯᠠᠭ᠎ᠠ ᠬᠠᠩᠭᠠᠬᠤ ᠲᠤᠮᠲᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠦᠨ᠎ᠡ᠃

ᠨᠢᠭᠡ᠂ ᠲᠤᠭ᠎ᠠ ᠬᠡᠮᠵᠢᠢ᠎ᠡ ᠶᠠᠰᠤ ᠴᠢᠨᠠᠷ᠎ᠢ ᠵᠡᠷᠭᠡ᠎ᠪᠡᠷ ᠴᠢᠬᠤᠯᠠᠴᠢᠯᠠᠵᠤ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃ ᠣᠢᠷ᠎ᠠ᠎ᠶ᠋ᠢᠨ ᠵᠢᠯ᠎ᠡᠴᠡ ᠨᠠᠭᠠᠰᠢ᠂ ᠪᠢᠳᠡ 《ᠶᠡᠷᠦᠩᠬᠡᠶ ᠬᠡᠮᠵᠢᠶ᠎ᠡ᠎ᠶ᠋ᠢ ᠥᠷᠭᠡᠳᠭᠡᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠵᠡᠷᠭᠡ᠎ᠪᠡᠷ ᠴᠢᠬᠤᠯᠠᠴᠢᠯᠠᠬᠤ》 ᠶ᠋ᠢ ᠪᠠᠷᠢᠮᠲᠠᠯᠠᠵᠤ᠂ ᠣᠷᠣᠨ᠎ᠤ ᠲᠥᠪ᠎ᠦᠨ ᠳᠠᠪᠠᠭᠤᠯᠢᠭ᠎ᠢ ᠢᠯᠡᠷᠡᠭᠦᠯᠦᠭ᠌ᠰᠡᠨ᠂ ᠣᠷᠣᠨ᠎ᠤ ᠲᠥᠪ᠎ᠦᠨ ᠣᠨᠴᠠᠯᠢᠭ᠎ᠲᠤ ᠨᠡᠢᠴᠡᠭ᠌ᠰᠡᠨ 《ᠵᠢᠷᠭᠤᠭᠠᠨ ᠶᠡᠬᠡ ᠠᠵᠤ ᠦᠶ᠋ᠯᠡᠰ᠎ᠦᠨ ᠪᠦᠯᠦᠭ᠌ᠵᠢᠯ》 ᠢ᠋ ᠪᠣᠢᠵᠢᠭᠤᠯᠤᠨ ᠪᠦᠷᠢᠯᠳᠦᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠤᠶᠤᠨᠴᠢᠯᠠᠬᠤ᠂ ᠪᠣᠬᠢᠷᠲᠤᠯ ᠦᠬᠡᠢ ᠪᠣᠯᠭᠠᠬᠤ ᠂ ᠠᠭᠤᠰᠤᠯᠴᠠᠭᠤᠯᠬᠤ ᠴᠢᠭ᠌ᠯᠡᠯ᠎ᠢ ᠦᠷᠭᠦᠯᠵᠢᠯᠡᠨ ᠪᠠᠷᠢᠮᠲᠠᠯᠠᠵᠤ᠂ 《ᠵᠢᠷᠭᠤᠭᠠᠨ ᠶᠡᠬᠡ ᠠᠵᠤ ᠦᠢᠯᠡᠰ᠎ᠦᠨ ᠪᠦᠯᠦᠭ᠌ᠵᠢᠯ 》 ᠢ᠋ ᠳᠣᠷᠣᠭ᠍ᠰᠢ ᠤᠷᠲᠤᠳᠭᠠᠬᠤ᠂ ᠬᠠᠷᠢᠯᠴᠠᠨ ᠠᠪᠤᠴᠠᠯᠳᠤᠬᠤ᠎ᠶ᠋ᠢ ᠠᠬᠢᠭᠤᠯᠬᠤ ᠪᠤᠯᠤᠨ᠎ᠠ ᠃ ᠰᠦ ᠶ᠋ᠢᠨ ᠦᠶ᠋ᠯᠡᠰ᠎ᠨᠢ 《ᠳᠡᠯᠡᠬᠡᠶ᠎ᠶ᠋ᠢᠨ ᠰᠦ ᠶ᠋ᠢᠨ ᠬᠣᠲᠠ》 ᠳᠠᠢᠰᠢ ᠪᠥᠬᠥ᠌ ᠬᠦᠴᠦᠨ᠎ᠢᠶᠡᠷ᠎ᠢᠶᠡᠨ ᠤᠷᠤᠭ᠍ᠰᠢᠯᠠᠵᠤ᠂ ᠤᠯᠤᠰ᠎ᠤᠨ ᠰᠦ ᠶ᠋ᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠡᠪᠡᠰᠦᠨ᠎ᠦ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠬᠣᠱᠢᠭᠤᠷᠠᠯ ᠳᠠᠪᠠᠭᠤᠯᠢᠭ᠎ᠲᠤ ᠲᠦᠱᠢᠭ᠌ᠯᠡᠨ᠂ ᠰᠦ ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠥᠨᠳᠥᠷ ᠨᠡᠮᠡᠯᠲᠡ ᠥᠷᠲᠡᠭ᠌ᠲᠦ ᠴᠢᠭ᠌ᠯᠡᠯ ᠳᠠᠢᠰᠢ ᠬᠥᠭ᠌ᠵᠢᠬᠦ᠌᠎ᠶ᠋ᠢ ᠠᠬᠢᠭᠤᠯᠤᠨ᠎ᠠ; ᠲᠤᠭᠠᠴᠢᠯᠠᠯᠳᠠ ᠤᠶᠤᠨᠴᠢᠯᠠᠯᠳᠠ ᠵᠢ ᠲᠠᠰ ᠳᠡᠪᠰᠢᠭᠦᠯᠬᠦ ᠵᠢ ᠠᠰᠢᠭᠯᠠᠵᠤ᠂ ᠴᠢᠨᠠᠷ ᠰᠠᠢᠲᠠᠢ ᠲᠡᠵᠢᠭᠡᠯ ᠡᠪᠡᠰᠦ᠂ ᠰᠠᠭᠠᠯᠢ᠎ᠶᠢᠨ ᠦᠨᠢᠶᠡᠨ᠎ᠦ ᠰᠠᠢᠨ ᠡᠭᠦᠯᠳᠡᠷ᠂ ᠣᠶᠤᠨᠲᠤ ᠮᠠᠯᠵᠢᠯ᠎ᠤᠨ ᠲᠠᠯᠠᠪᠠᠶ᠂ ᠬᠡᠷᠡᠯᠳᠦ ᠴᠠᠮᠬᠠᠭ ᠎ᠤᠨ ᠦᠢᠯᠡᠳᠪᠦᠷᠢ᠂ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ᠎ᠶᠢ ᠬᠠᠮᠤᠷᠤᠭᠰᠠᠨ ᠣᠲᠣ᠌ ᠦᠶ᠎ᠡ᠎ᠶᠢᠨ ᠡᠷᠡᠭᠦᠯ ᠮᠡᠨᠳᠦ᠎ᠶᠢᠨ ᠠᠵᠤ ᠦᠢᠯᠡᠰ᠎ᠦᠨ ᠠᠮᠢ ᠠᠬᠤᠢ᠎ᠶᠢ ᠴᠣᠭᠴᠠᠯᠠᠨ ᠪᠠᠢᠭᠤᠯᠵᠤ᠂ ᠳᠡᠯᠡᠬᠡᠢ᠎ᠶᠢᠨ ᠲᠠᠰ᠎ᠤᠨ ᠰᠦ᠎ᠶᠢᠨ ᠦᠢᠯᠡᠰ᠎ᠦᠨ ᠠᠵᠤ ᠦᠢᠯᠡᠰ᠎ᠦᠨ ᠰᠦᠷᠦᠭᠵᠢᠯ᠂ ᠪᠥᠬᠥ ᠪᠥᠮᠪᠥᠷᠴᠡᠭ᠎ᠦᠨ ᠰᠦ᠎ᠶᠢᠨ ᠦᠢᠯᠡᠰ᠎ᠦᠨ ᠰᠢᠨ᠎ᠡ᠎ᠶᠢ ᠡᠭᠦᠳᠬᠦ ᠥᠨᠳᠥᠷᠯᠢᠭ᠎ᠢ ᠴᠤᠭᠴᠠᠯᠠᠨ᠎ᠠ᠃ ᠲᠣᠮᠣ᠌ ᠳ᠋ᠠᠢᠲ᠋ᠠ᠎ᠶᠢᠨ ᠠᠵᠤ ᠦᠢᠯᠡᠰ 《ᠳᠤᠮᠳᠠᠳᠤ ᠤᠯᠤᠰ᠎ᠤᠨ ᠡᠭᠦᠯᠡᠨ ᠬᠥᠨᠳᠡᠢ》 ᠶ᠋ᠢ ᠪᠦᠲᠦᠭᠡᠨ ᠪᠠᠢᠭᠤᠯᠵᠤ᠂ ᠬᠠᠮ ᠪᠣᠳᠣᠯᠲᠠ᠂ ᠣᠶᠤᠨᠲᠤ ᠪᠣᠳᠣᠯᠲᠠ᠂ ᠬᠡᠳᠤ ᠪᠣᠳᠣᠯᠲᠠ᠂ ᠺᠸᠠᠨ᠋ᠲ᠎ᠤᠨ ᠪᠣᠳᠣᠯᠭ᠎ᠠ᠂ ᠳᠠᠭᠠᠭᠤᠯᠢ ᠤᠳᠤᠨ᠎ᠤ ᠪᠣᠳᠣᠯᠭ᠎ᠠ᠎ᠶᠢ ᠪᠦᠬᠦ ᠲᠠᠯ᠎ᠠ᠎ᠪᠠᠷ ᠪᠠᠢᠷᠢᠰᠢᠭᠤᠯᠵᠤ᠂ 《ᠲᠠᠪᠤᠨ ᠪᠣᠳᠣᠯᠲᠠ᠎ᠶᠢ ᠠᠭᠤᠰᠤᠯᠴᠠᠭᠤᠯᠬᠤ》 ᠬᠦᠢᠰᠦ ᠴᠡᠭ᠎ᠢ ᠴᠤᠭᠴᠠᠯᠠᠨ᠎ᠠ; ᠡᠬᠢᠨ᠎ᠤ ᠬᠡᠯᠬᠢᠶ᠎ᠡ ᠵᠢᠨ ᠪᠤᠳᠤᠯᠳᠠ ᠵᠢᠨ ᠬᠦᠴᠦᠨ᠎ᠤ ᠲᠥᠬᠦᠭᠡᠷᠦᠮᠵᠢ᠎ᠶᠢᠨ ᠠᠵᠤ ᠦᠢᠯᠡᠰ᠎ᠢ ᠪᠤᠵᠠᠭᠠᠢᠷᠠᠭᠤᠯᠵᠤ᠂ ᠳᠣᠣᠷᠠᠳᠤ ᠤᠷᠤᠰᠬᠠᠯ᠎ᠤᠨ᠎ᠳ᠋ᠠᠢᠲ᠋ᠠ᠎ᠶᠢ ᠲᠣᠳᠣᠷᠬᠠᠢᠯᠠᠬᠤ᠂ ᠴᠡᠪᠡᠷᠯᠡᠬᠦ᠂ ᠡᠷᠬᠡ᠎ᠶᠢ ᠨᠤᠲᠠᠯᠠᠨ ᠲᠣᠭᠲᠠᠭᠠᠬᠤ᠂ ᠠᠷᠠᠯᠵᠢᠶᠠᠯᠠᠬᠤ᠂ ᠠᠮᠤᠷ ᠲᠦᠪᠰᠢᠨ ᠵᠡᠷᠭᠡ ᠠᠵᠤ ᠦᠢᠯᠡᠰ᠎ᠢ ᠤᠷᠲᠤᠳᠬᠠᠵᠤ᠂ ᠵᠣᠬᠢᠶᠠᠮᠠᠯ ᠤᠶᠤᠨ ᠴᠢᠳᠠᠪᠤᠷᠢ᠎ᠶᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠠᠵᠤ ᠦᠢᠯᠡᠳᠪᠦᠷᠢ᠎ᠶᠢᠨ ᠦᠢᠯᠡᠳᠬᠡᠯ᠂ ᠨᠡᠢᠭᠡᠮ᠎ᠦᠨ ᠵᠠᠰᠠᠯᠲᠠ᠂ ᠰᠤᠷᠭᠠᠨ ᠬᠥᠮᠦᠵᠢᠯ ᠡᠮᠴᠢᠯᠡᠭᠡ ᠵᠡᠷᠭᠡ ᠬᠦᠷᠢᠶᠡᠨ᠎ᠳᠦ ᠬᠡᠪᠴᠢᠶᠡᠵᠢᠭᠦᠯᠦᠨ ᠬᠡᠷᠡᠭᠯᠡᠬᠦ᠎ᠶᠢ ᠠᠬᠢᠭᠤᠯᠵᠤ᠂ ᠪᠦᠬᠦ ᠤᠯᠤᠰ᠎ᠤᠨ᠎ᠳ᠋ᠠᠢᠲ᠋ᠠ᠎ᠶᠢᠨ ᠠᠵᠤ ᠦᠢᠯᠡᠰ᠎ᠦᠨ ᠲᠥᠪᠯᠡᠷᠡᠭᠰᠡᠨ ᠣᠷᠣᠨ᠎ᠢ ᠪᠠᠶ᠋ᠢᠭᠤᠯᠤᠨ᠎ᠠ᠃ ᠠᠮᠢᠳᠤ ᠪᠣᠳᠠᠰ᠎ᠤᠨ ᠦᠢᠯᠡᠳᠬᠡᠯ᠎ᠤᠨ ᠠᠵᠤ ᠦᠢᠯᠡᠰ᠎ᠲᠦ ᠰᠢᠯᠦᠬᠡᠢ ᠡᠪᠡᠳᠴᠢᠨ᠎ᠦ ᠸᠠᠺᠼᠢᠨ᠂ ᠳᠠᠭᠠᠯᠲᠠ ᠢᠰᠬᠡᠭᠦᠷ Q10 ᠵᠡᠷᠭᠡ ᠦᠢᠯᠡᠳᠪᠦᠷᠢᠯᠡᠬᠦ ᠴᠢᠳᠠᠪᠤᠷᠢ᠎ᠶᠢ ᠥᠷᠭᠡᠳᠬᠡᠵᠦ᠂ ᠠᠰᠢᠭ᠍ᠲᠤ ᠪᠠᠺᠲᠧᠷᠢ᠂ ᠨᠡᠢᠯᠡᠮᠡᠯ ᠤᠭᠤᠷᠠᠭ᠂ ᠠᠮᠢᠳᠤ ᠪᠣᠳᠠᠰ᠎ᠤᠨ ᠲᠡᠵᠢᠭᠡᠯ ᠪᠣᠷᠳᠣᠭ᠎ᠠ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠠᠮᠢᠳᠤ ᠪᠣᠳᠠᠰ᠎ᠤᠨ ᠰᠠᠭᠤᠷᠢ ᠮᠠᠲᠧᠷᠢᠶᠠᠯ ᠵᠡᠷᠭᠡ ᠪᠥᠬᠥ ᠠᠵᠤ ᠦᠢᠯᠡᠰ᠎ᠦᠨ ᠠᠮᠢ ᠠᠬᠤᠢ᠎ᠶᠢ ᠭᠣᠣᠯᠳᠠᠯᠭ᠎ᠠ᠎ᠲᠠᠢ ᠪᠠᠢᠷᠢᠰᠢᠭᠤᠯᠵᠤ᠂ ᠠᠮᠢᠳᠤ ᠪᠣᠳᠠᠰ᠎ᠤᠨ ᠣᠶᠤᠨᠲᠦ ᠦᠢᠯᠡᠳᠬᠡᠯ᠎ᠤᠨ ᠬᠦᠨᠳᠡᠢ᠎ᠶᠢ ᠲᠦᠷᠭᠡᠳᠬᠡᠨ ᠪᠠᠢᠭᠤᠯᠵᠤ᠂ ᠠᠮᠢᠳᠤ ᠪᠣᠳᠠᠰ᠎ᠤᠨ ᠦᠢᠯᠡᠳᠬᠦ ᠠᠵᠤ ᠦᠢᠯᠡᠰ᠎ᠦᠨ ᠰᠢᠨ᠎ᠡ᠎ᠶᠢ ᠡᠭᠦᠳᠬᠦ ᠥᠨᠳᠥᠷᠯᠢᠭ᠎ᠢ ᠴᠤᠭᠴᠠᠯᠠᠨ᠎ᠠ᠃ ᠡᠭᠦᠨ᠎ᠦ ᠬᠠᠮᠲᠤ᠂ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠥᠷᠲᠡᠭ᠎ᠦᠨ ᠬᠡᠯᠬᠢᠶ᠎ᠡ᠎ᠶᠢ ᠳᠡᠭᠡᠭᠰᠢᠯᠡᠭᠦᠯᠬᠦ᠎ᠶᠢᠨ ᠲᠣᠭᠣᠷᠢᠨ᠎ᠳᠤ ᠂ ᠪᠥᠬᠥ ᠣᠷᠣᠨ᠎ᠤ 《ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢ ᠨᠢᠭᠡ ᠴᠣᠭᠴᠠᠵᠢᠭᠤᠯᠬᠤ》 ᠠᠵᠤ ᠦᠢᠯᠡᠰ᠎ᠦᠨ ᠤᠷᠢᠳ᠎ᠢᠶᠡᠷ ᠬᠡᠷᠡᠭᠵᠢᠭᠦᠯᠬᠦ ᠭᠠᠵᠠᠷ᠂ ᠬᠢᠮᠢ᠎ᠶᠢᠨ ᠠᠵᠤ ᠦᠢᠯᠡᠳᠪᠦᠷᠢ᠎ᠶᠢᠨ ᠰᠢᠨ᠎ᠡ ᠮᠠᠲᠧᠷᠢᠶᠠᠯ᠎ᠤᠨ ᠠᠵᠤ ᠦᠢᠯᠡᠰ ᠲᠦᠪᠯᠡᠷᠡᠭᠰᠡᠨ ᠤᠷᠤᠨ᠎ᠢ ᠪᠦᠬᠦ ᠬᠦᠴᠦᠨ᠎ᠢᠶᠡᠷ ᠴᠤᠭᠴᠠᠯᠠᠨ᠎ᠠ; ᠰᠢᠨ᠎ᠡ ᠡᠨᠧᠷᠭᠢ᠎ᠶᠢᠨ ᠠᠵᠤ ᠦᠢᠯᠡᠰ᠎ᠢ ᠪᠦᠬᠦ ᠬᠡᠯᠬᠢᠶ᠎ᠡ᠎ᠪᠡᠷ ᠪᠠᠢᠷᠢᠰᠢᠭᠤᠯᠬᠤ᠎ᠶᠢᠨ ᠲᠣᠭᠣᠷᠢᠨ᠎ᠳᠤ᠂《ᠰᠠᠯᠬᠢ᠂ ᠭᠡᠷᠡᠯ᠂ ᠤᠰᠤ᠂ ᠭᠠᠯ᠂ ᠤᠰᠤᠲᠥ᠋ᠷᠥᠭᠴᠢ᠂ ᠰᠢᠪᠲᠦᠷ᠂ ᠠᠯᠺᠣᠣᠯ᠂ ᠨᠥᠭᠡᠴᠡᠯᠡᠬᠦ᠂ ᠦᠢᠯᠡᠳᠬᠦ》ᠶ᠋ᠢ ᠵᠣᠬᠢᠴᠠᠭᠤᠯᠤᠨ ᠬᠥᠭᠵᠢᠭᠦᠯᠬᠦ᠎ᠶᠢ ᠠᠬᠢᠭᠤᠯᠤᠨ᠎ᠠ; ᠤᠢᠷ᠎ᠠ ᠤᠭᠲᠠᠷᠭᠤᠢ ᠵᠢᠨ ᠠᠵᠤ ᠠᠬᠤᠢ᠎ᠪᠠᠷ ᠰᠢᠪᠲᠤᠯᠤᠯᠲᠠ᠎ᠶᠢᠨ ᠴᠡᠭ ᠪᠣᠯᠭᠠᠵᠤ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶᠢᠨ ᠭᠣᠣᠯᠯᠠᠬᠤ ᠠᠵᠤ ᠦᠢᠯᠡᠰ᠎ᠦᠨ ᠬᠦᠷᠢᠶᠡᠯᠡᠩ᠂ ᠴᠡᠷᠢᠭ ᠠᠷᠠᠳ᠎ᠤᠨ ᠬᠡᠷᠡᠭᠯᠡᠭᠡ᠎ᠶᠢ ᠠᠭᠤᠰᠤᠯᠴᠠᠭᠤᠯᠤᠨ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠬᠦᠷᠢᠶᠡᠯᠡᠩ᠂ ᠤᠮᠠᠷᠠᠲᠤ ᠬᠢᠯᠢ᠎ᠶᠢᠨ ᠰᠡᠷᠭᠡᠢᠯᠡᠯᠲᠡ᠎ᠶᠢᠨ ᠠᠵᠢᠯ᠎ᠤᠨ ᠠᠮᠤᠷ ᠲᠦᠪᠰᠢᠨ᠎ᠢ ᠪᠠᠲᠤᠯᠠᠬᠤ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠡᠭᠦᠨ᠎ᠡᠴᠡ ᠭᠠᠳᠠᠨ᠎ᠠ᠂ ᠪᠢᠳᠡ ᠪᠠᠰᠠ ᠲᠠᠪᠤᠨ ᠵᠢᠯ᠎ᠦᠨ ᠬᠤᠭᠤᠴᠠᠭ᠎ᠠ᠎ᠶᠢ ᠠᠰᠢᠭ᠍ᠯᠠᠵᠤ ᠪᠠᠢᠭᠠᠳ ᠳᠤᠮᠳᠠ ᠬᠡᠰᠡᠭ᠂ ᠡᠮᠦᠨ᠎ᠡ ᠬᠡᠰᠡᠭ᠎ᠢ ᠲᠤᠰ ᠲᠤᠰ ᠬᠣᠶᠠᠷ ᠮᠢᠩᠭᠠᠨ ᠳ᠋ᠦᠩᠰᠢᠭᠤᠷ᠎ᠤᠨ ᠲᠡᠰ᠎ᠤᠨ ᠠᠵᠤ ᠦᠢᠯᠡᠰ᠎ᠦᠨ ᠪᠦᠰᠡ ᠪᠣᠯᠭᠠᠨ ᠪᠠᠢᠭᠤᠯᠵᠤ᠂ ᠤᠮᠠᠷᠠᠲᠤ ᠬᠡᠰᠡᠭ᠂ ᠬᠠᠳᠤᠨ ᠭᠣᠣᠯ ᠳᠠᠭᠠᠤ ᠣᠷᠣᠨ᠎ᠢ ᠲᠤᠰ ᠲᠤᠰ ᠮᠢᠩᠭᠠᠨ ᠳ᠋ᠦᠩᠰᠢᠭᠤᠷ᠎ᠤᠨ ᠲᠡᠰ᠎ᠤᠨ ᠠᠵᠤ ᠦᠢᠯᠡᠰ᠎ᠦᠨ ᠪᠦᠰᠡ ᠪᠣᠯᠭᠠᠨ ᠪᠠᠢᠭᠤᠯᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠦᠰᠡᠯᠢᠭ ᠬᠡᠯᠪᠡᠷᠢ᠎ᠶᠢᠨ ᠠᠭᠤᠰᠤᠯᠴᠠᠯ᠂ ᠲᠥᠪᠯᠡᠷᠡᠯ᠎ᠦᠨ ᠪᠠᠢᠳᠠᠯ᠎ᠢ ᠪᠤᠢ ᠪᠣᠯᠭᠠᠬᠤ᠎ᠶᠢ ᠲᠦᠯᠬᠢᠨ ᠠᠬᠢᠭᠤᠯᠤᠨ᠎ᠠ᠃

ᠬᠣᠶᠠᠷ᠂ ᠰᠡᠳᠭᠢᠯ ᠲᠠᠯᠪᠢᠨ ᠬᠦᠴᠦ᠍ ᠣᠷᠣᠭᠤᠯᠵᠤ ᠪᠠᠢᠭᠠᠳ ᠬᠤᠳᠠ᠎ᠶ᠋ᠢ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠤᠨ᠎ᠠ᠃ ᠣᠳᠣᠬᠠᠨ᠎ᠳᠤ᠂ ᠣᠷᠣᠨ᠎ᠤ ᠲᠥᠪ ᠬᠤᠳᠠ᠎ᠶ᠋ᠢᠨ ᠣᠷᠣᠨ ᠵᠠᠢ᠎ᠶ᠋ᠢᠨ ᠪᠠᠢᠷᠢᠱᠢᠯ ᠦᠨᠳᠦᠰᠦᠨ᠎ᠳᠡᠭᠡᠨ ᠪᠦᠷᠢᠯᠳᠦᠵᠦ᠍᠂ ᠲᠠᠷᠠᠭᠠᠴᠢ᠎ᠶ᠋ᠢᠨ ᠠᠯᠬᠤᠮ᠎ᠳᠤ ᠭᠣᠣᠯᠳᠠᠭᠤ《ᠳᠤᠲᠠᠭᠤᠳᠠᠯ᠎ᠢ ᠨᠥᠬᠥᠪᠥᠷᠢᠯᠡᠬᠦ᠌》 ᠪᠠ 《ᠬᠠᠮᠢᠶᠠᠷᠤᠯᠲᠠ᠎ᠶ᠋ᠢ ᠱᠢᠯᠢᠳᠡᠭ᠌ᠵᠢᠭᠦᠯᠬᠦ᠌》 ᠳᠡᠭᠡᠷ᠎ᠡ ᠬᠦᠴᠦ᠍ ᠲᠠᠯᠪᠢᠬᠤ ᠬᠡᠷᠡᠭ᠌ᠲᠡᠢ᠃ ᠬᠠᠲᠠᠭᠤ ᠲᠤᠨᠤᠭ᠎ᠤᠨ ᠲᠠᠯ᠎ᠠ᠎ᠪᠠᠷ ᠬᠢ ᠳᠤᠲᠠᠭᠤᠳᠠᠯ᠎ᠢ ᠳᠠᠷᠤᠢ ᠲᠦᠷᠭᠡᠨ ᠨᠥᠬᠥᠪᠥᠷᠢᠯᠡᠵᠦ᠍᠂ 《ᠶᠡᠬᠡ᠎ᠪᠡᠷ ᠨᠤᠷᠠᠭᠠᠵᠤ ᠶᠡᠬᠡ᠎ᠪᠡᠷ ᠪᠦᠳᠦᠭᠡᠨ ᠪᠠᠢᠭᠤᠯᠬᠤ》 ᠵᠢ ᠡᠷᠡᠰ ᠲᠡᠪᠴᠢᠵᠦ᠍᠂ 《ᠶᠠᠭᠤ ᠳᠤᠲᠠᠭᠤ ᠪᠠᠢᠪᠠᠯ ᠶᠠᠭᠤ᠎ᠶ᠋ᠢ ᠨᠥᠬᠥᠪᠥᠷᠢᠯᠡᠬᠦ᠌》ᠵᠠᠷᠴᠢᠮ ᠶᠣᠰᠣᠭᠠᠷ᠂ ᠱᠧᠩ ᠯᠸ ᠤᠯᠠᠨ ᠤᠯᠤᠰ᠎ᠤᠨ ᠨᠢᠰᠭᠡᠯ᠎ᠦᠨ ᠪᠠᠭᠤᠳᠠᠯ ᠵᠢᠴᠢ ᠲᠦᠷᠭᠡᠨ᠎ᠦ ᠲᠡᠮᠦᠷ ᠵᠠᠮ᠂ ᠲᠦᠷᠭᠡᠨ᠎ᠦ ᠵᠠᠰᠠᠮᠠᠯ ᠵᠠᠮ ᠵᠡᠷᠭᠡ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠱᠢᠰᠲᠸᠮ᠎ᠤᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠬᠤᠳᠠ᠎ᠶ᠋ᠢᠨ ᠬᠡᠰᠡᠭ ᠲᠣᠭᠣᠷᠢᠭ᠎ᠢ ᠨᠢᠭᠡ ᠴᠤᠬ᠍ᠴᠠᠵᠢᠭᠤᠯᠤᠨ ᠱᠢᠨᠡᠴᠢᠯᠡᠬᠦ᠌ ᠠᠵᠢᠯᠯᠠᠭ᠎ᠠ᠎ᠶ᠋ᠢ ᠠᠬᠢᠭᠤᠯᠵᠤ᠂ ᠨᠢᠭᠡ ᠪᠦᠯᠦᠭ 《ᠮᠤᠬᠤᠷ ᠵᠠᠮ》 ᠢ᠋ ᠨᠡᠪᠲᠡᠷᠡᠭᠦᠯᠵᠦ᠍᠂ ᠨᠢᠭᠡ ᠪᠦᠯᠦᠭ ᠪᠤᠢᠳᠠ ᠵᠡᠭᠡᠯᠢ ᠭᠤᠳᠤᠮᠵᠢ᠎ᠶ᠋ᠢ ᠥᠭᠡᠷᠡᠴᠢᠯᠡᠨ ᠵᠠᠰᠠᠵᠤ᠂ ᠨᠢᠭᠡ ᠪᠦᠯᠦᠭ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠢᠭᠤᠯᠵᠤ᠂ ᠱᠢᠲᠠᠮᠠᠬᠠᠢ ᠬᠡᠢ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠤᠰᠤ ᠭᠠᠳᠠᠭ᠍ᠰᠢᠯᠠᠭᠤᠯᠬᠤ᠂ ᠶᠡᠷᠦᠩᠬᠡᠢᠯᠡᠭ᠌ᠰᠡᠨ ᠬᠣᠭᠣᠯᠠᠢ ᠬᠤᠩᠬᠢᠯ᠂ ᠪᠣᠬᠢᠷ ᠤᠰᠤ᠎ᠶ᠋ᠢ ᠱᠢᠢᠳᠪᠦᠷᠢᠯᠡᠬᠦ᠌ ᠵᠡᠷᠭᠡ ᠲᠥᠬᠥᠭᠡᠷᠦᠮᠵᠢ᠎ᠶ᠋ᠢ ᠱᠢᠨᠡᠳᠭᠡᠬᠦ᠌ ᠪᠠ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠠᠮᠢᠶᠠᠷᠤᠯᠲᠠ᠎ᠶ᠋ᠢᠨ ᠲᠠᠯ᠎ᠠ᠎ᠶ᠋ᠢᠨ ᠲᠣᠭ᠍ᠲᠠᠴᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠣᠲᠠ᠎ᠶ᠋ᠢᠨ ᠶᠡᠬᠡ ᠲᠠᠷᠢᠬᠢᠨ᠎ᠤ ᠣᠶᠤᠨᠴᠢ ᠲᠣᠬᠢᠷᠠᠭᠤᠯᠤᠯᠲᠠ᠎ᠶ᠋ᠢᠨ ᠲᠥᠪ᠎ᠦᠨ ᠴᠢᠳᠠᠮᠵᠢ᠎ᠶ᠋ᠢ ᠲᠠᠰ ᠳᠡᠪᠱᠢᠭᠦᠯᠵᠦ᠍᠂ ᠭᠠᠵᠠᠷ ᠳᠡᠭᠡᠷᠡᠬᠢ ᠪᠠ ᠭᠠᠵᠠᠷ ᠳᠤᠤᠷᠠᠬᠢ ᠣᠷᠣᠨ ᠵᠠᠶ᠎ᠶ᠋ᠢᠨ ᠣᠶᠤᠨᠴᠢ ᠮᠡᠳᠡᠷᠡᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠢᠯᠠᠩᠭᠤᠶ᠎ᠠ 《ᠬᠠᠳᠭᠤᠮᠠᠯ ᠬᠠᠳᠭᠤᠬᠤ ᠡᠷᠳᠡᠮ ᠴᠢᠳᠠᠯ》 ᠢ᠋ᠶ᠋ᠠᠨ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ᠎ᠦ ᠲᠤᠰᠭᠠᠯ ᠨᠡᠯᠢᠶᠡᠳ ᠲᠥᠪᠯᠡᠷᠡᠭ᠌ᠰᠡᠨ ᠠᠳᠠᠯ ᠠᠬᠤᠶ ᠪᠠ ᠲᠡᠷᠭᠡ ᠵᠣᠭ᠍ᠰᠣᠬᠤ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠠᠷᠠᠳ ᠲᠦᠮᠡᠨ᠎ᠦ ᠰᠡᠳᠭᠢᠯ ᠬᠠᠨᠤᠮᠵᠢᠲᠠᠶ ᠣᠳᠣᠬᠢᠴᠢᠯᠠᠭ᠍ᠰᠠᠨ ᠲᠥᠪ ᠬᠣᠲᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠤᠨ᠎ᠠ᠃

ᠭᠤᠷᠪᠠ᠂ ᠣᠷᠣᠨ᠎ᠤ ᠲᠥᠪ᠎ᠦᠨ 《ᠤᠯᠤᠰ᠎ᠤᠨ ᠲᠡᠦᠬᠡ ᠰᠣᠶᠣᠯ᠎ᠤᠨ ᠨᠠᠷᠠᠲᠤ ᠬᠣᠲᠠ》 ᠭᠡᠬᠦ᠌ ᠠᠯᠲᠠᠨ ᠥᠰᠥᠭᠳᠦ ᠫᠠᠢᠰᠠ᠎ᠶ᠋ᠢ ᠭᠡᠷᠡᠯᠲᠦᠭᠦᠯᠦᠨ᠎ᠡ᠃ 《ᠨᠢᠭᠡ ᠬᠣᠩᠭᠢᠯ ᠬᠣᠶᠠᠷ ᠲᠡᠩᠭᠡᠯᠢᠭ ᠲᠠᠪᠤᠨ ᠪᠦᠰᠡ》ᠶ᠋ᠢᠨ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠷᠢᠰᠢᠭᠤᠯᠤᠯᠳᠠ᠎ᠶ᠋ᠢ ᠤᠯᠠᠮ ᠨᠢᠭᠡ ᠠᠯᠬᠤᠮ ᠪᠠᠢᠭᠤᠯᠤᠨ ᠲᠡᠭᠦᠯᠳᠡᠷᠵᠢᠭᠦᠯᠵᠦ᠍᠂ ᠬᠦᠢᠰᠦ᠋ᠢ᠎ᠶ᠋ᠢᠨ ᠬᠠᠭᠤᠴᠢᠨ ᠬᠣᠲᠠ᠎ᠶ᠋ᠢ ᠪᠦᠲᠦᠭᠡᠨ ᠪᠠᠢᠭᠤᠯᠬᠤ ᠲᠡᠦᠬᠡ ᠰᠣᠶᠣᠯ᠎ᠤᠨ ᠲᠡᠩᠭᠡᠯᠢᠭ᠎ᠢᠶᠡᠷ ᠭᠣᠣᠯ ᠪᠣᠯᠭᠠᠵᠤ᠂ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ᠎ᠶ᠋ᠢ ᠴᠢᠩᠭᠠᠳᠭᠠᠵᠤ᠂ ᠲᠦ ᠴᠧᠩ ᠽᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠂ ᠳ᠋ᠠ ᠶᠣᠣ ᠵᠡᠷᠭᠡ ᠪᠠᠭᠤᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠨ ᠳᠡᠯᠭᠡᠨ ᠦᠵᠡᠭᠦᠯᠵᠦ᠍ ᠠᠱᠢᠭ᠍ᠯᠠᠬᠤ᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠢ; ᠲᠣᠷᠭᠠᠨ ᠵᠠᠮ᠎ᠤᠨ ᠴᠡᠴᠡᠷᠯᠢᠭ᠎ᠦᠨ ᠣᠲᠣ ᠦᠶ᠎ᠡ᠎ᠶ᠋ᠢᠨ ᠰᠣᠶᠣᠯ᠎ᠤᠨ ᠲᠡᠩᠭᠡᠯᠢᠭ᠎ᠢ ᠪᠥᠲᠥᠭᠡᠨ ᠪᠠᠢᠭᠤᠯᠬᠤ᠎ᠪᠠᠷ ᠭᠤᠤᠯ ᠪᠣᠯᠭᠠᠵᠤ᠂ ᠱᠤᠭᠤᠮᠠᠯ᠎ᠤᠨ ᠤᠷᠠᠯᠢᠭ᠎ᠤᠨ ᠣᠷᠳᠣᠨ᠂ ᠱᠤᠭᠤᠮᠠᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ 《ᠵᠣᠣ ᠵᠢᠶᠦ᠋ᠨ》᠂ 《ᠴᠡᠯᠡᠭᠡᠷ ᠲᠠᠯ᠎ᠠ ᠵᠢᠨ ᠲᠠᠭᠤᠯᠠᠯ》᠂ 《ᠱᠧᠩ ᠯᠸ》 ᠵᠡᠷᠭᠡ ᠰᠣᠶᠣᠯ᠎ᠤᠨ IP ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠌ ᠪᠠ ᠤᠬᠠᠭᠤᠯᠤᠨ ᠳᠡᠯᠭᠡᠷᠡᠭᠦᠯᠬᠦ᠌᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠲᠥᠷᠥᠯ ᠲᠡᠮᠳᠡᠭ᠌ᠲᠦ᠍ ᠰᠣᠶᠣᠯ᠎ᠤᠨ ᠠᠵᠢᠯᠯᠠᠭ᠎ᠠ᠎ᠶ᠋ᠢ ᠰᠠᠢᠲᠤᠷ ᠡᠷᠭᠢᠯᠡᠬᠦ ᠬᠡᠷᠡᠭᠳᠡᠢ᠃ ᠡᠭᠦᠨ᠎ᠦ ᠬᠠᠮᠲᠤ᠂ ᠠᠷᠠᠳ ᠢᠷᠭᠡᠳ᠎ᠦᠨ ᠶᠣᠰᠣ ᠮᠣᠷᠠᠯ᠎ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍᠂ ᠪᠣᠯᠪᠠᠰᠤᠨ ᠨᠤᠲᠤᠭ᠎ᠤᠨ ᠰᠤᠷᠲᠠᠯ᠂ ᠪᠣᠯᠪᠠᠰᠤᠨ ᠭᠡᠷ᠎ᠦᠨ ᠰᠤᠷᠲᠠᠯ᠂ ᠪᠣᠯᠪᠠᠰᠤᠨ ᠰᠤᠷᠭᠠᠭᠤᠯᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠥᠷᠨᠢᠭᠦᠯᠵᠦ᠍᠂ 《ᠪᠣᠯᠪᠠᠰᠤᠨ ᠬᠤᠳᠠ》ᠶ᠋ᠢ ᠡᠭᠦᠳᠦᠨ ᠪᠠᠢᠭᠤᠯᠬᠤ᠎ᠶ᠋ᠢ 《ᠬᠤᠳᠠ᠎ᠶ᠋ᠢᠨ ᠪᠣᠯᠪᠠᠰᠤᠨ》 ᠢ᠋ ᠪᠠᠢᠭᠤᠯᠬᠤ ᠲᠡᠢᠰᠢ ᠠᠬᠢᠭᠤᠯᠤᠨ᠎ᠠ᠃

ᠳᠥᠷᠪᠡ᠂ ᠣᠷᠴᠢᠨ ᠲᠣᠭᠣᠷᠢᠨ᠎ᠢ ᠨᠣᠭᠣᠭᠠᠷᠠᠭᠤᠯᠵᠤ ᠭᠤᠶᠤᠵᠢᠭᠤᠯᠬᠤ᠎ᠶ᠋ᠢ ᠣᠷᠳᠣ ᠬᠤᠭᠤᠴᠠᠭ᠎ᠠ᠎ᠪᠠᠷ ᠪᠠᠷᠢᠮᠲᠠᠯᠠᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂《ᠤᠮᠠᠷᠠᠲᠤ᠎ᠵᠢᠨ ᠭᠤᠷᠪᠠᠨ ᠤᠷᠤᠨ》ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠰᠠᠢᠲᠤᠷ ᠬᠠᠮᠠᠭᠠᠯᠠᠨ ᠦᠷᠭᠦᠯᠵᠢᠯᠡᠨ ᠪᠡᠬᠢᠵᠢᠭᠦᠯᠵᠦ᠍᠂ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ᠂ ᠮᠠᠯ ᠪᠡᠯᠴᠢᠭᠡᠷ᠎ᠦᠨ ᠲᠡᠩᠴᠡᠭᠦᠷᠢ ᠪᠣᠯᠤᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂《ᠬᠣᠶᠠᠷ ᠪᠦᠰᠡ᠂ ᠭᠤᠷᠪᠠᠨ ᠱᠤᠭᠤᠮ᠂ ᠳᠥᠷᠪᠡᠨ ᠬᠡᠰᠡᠭ ᠲᠣᠭᠣᠷᠢᠭ》ᠤ᠋ᠨ ᠬᠣᠲᠠ᠎ᠶ᠋ᠢᠨ ᠬᠠᠯᠬᠠᠪᠴᠢ ᠣᠶ᠎ᠶ᠋ᠢᠨ ᠱᠢᠰᠲ᠋ᠧᠮ᠎ᠢ ᠪᠠᠢᠭᠤᠯᠵᠤ᠂ ᠳᠠᠯᠠᠨ ᠬᠠᠷ᠎ᠠ ᠠᠭᠤᠯᠠ᠂ ᠴᠡᠯᠡᠭᠡᠷ ᠲᠠᠯ᠎ᠠ᠂ ᠬᠠᠲᠤᠨ ᠭᠤᠤᠯ᠂ ᠬᠠᠷᠠᠠᠤᠰᠤ ᠨᠠᠭᠤᠷ ᠳᠥᠷᠪᠡᠨ ᠬᠣᠲᠠ᠎ᠶ᠋ᠢᠨ ᠠᠮᠢ ᠠᠬᠤᠶ᠎ᠶ᠋ᠢᠨ ᠬᠠᠯᠬᠠᠪᠴᠢ᠎ᠶ᠋ᠢ ᠪᠡᠬᠢᠵᠢᠭᠦᠯᠦᠨ᠎ᠡ; ᠪᠠᠰᠠ ᠰᠠᠢᠲᠤᠷ ᠵᠠᠰᠠᠵᠤ᠂ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ᠎ᠶ᠋ᠢ ᠠᠬᠢᠭᠤᠯᠵᠤ᠂ ᠬᠦᠨᠳᠦ ᠪᠣᠬᠢᠷᠲᠤᠯ᠎ᠲᠠᠶ ᠴᠠᠭ ᠠᠭᠤᠷ᠎ᠢ ᠦᠨᠳᠦᠰᠦᠨ᠎ᠳᠡᠭᠡᠨ ᠠᠷᠢᠯᠭᠠᠵᠤ᠂ ᠰᠣᠨᠢᠨ ᠦᠨᠦᠷ᠂ ᠪᠣᠬᠢᠷ ᠤᠰᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠵᠡᠷᠭᠡ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠱᠢᠰᠲ᠋ᠧᠮ᠎ᠲᠡᠶ ᠬᠡᠷᠡᠭ᠌ᠵᠢᠭᠦᠯᠵᠦ᠍᠂ ᠦᠵᠡᠰᠭᠦᠯᠡᠩᠲᠦ ᠰᠠᠢᠬᠠᠨ ᠣᠷᠣᠨ᠎ᠤ ᠲᠥᠪ᠎ᠦᠨ ᠪᠣᠬᠢᠷᠲᠤᠯ ᠥᠬᠡᠶ ᠳᠡᠪᠢᠰᠭᠡᠷ ᠥᠩᠭᠡ᠎ᠶ᠋ᠢ ᠰᠠᠢᠲᠤᠷ ᠰᠠᠬᠢᠨ ᠬᠠᠮᠠᠭᠠᠯᠠᠨ᠎ᠠ᠃

ᠲᠠᠪᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠪᠣᠳᠠᠲᠠᠢ ᠨᠠᠷᠢᠯᠢᠭ ᠬᠢᠨ᠎ᠡ᠃ ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠴᠢᠳᠠᠯ᠎ᠤᠨ᠎ᠵᠢᠡᠨ ᠬᠢᠷᠢ ᠪᠡᠷ ᠬᠢᠬᠦ᠌᠎ᠶ᠋ᠢ ᠪᠠᠷᠢᠮᠲᠠᠯᠠᠵᠤ᠂ 《ᠵᠠᠯᠠᠭᠤᠴᠤᠳ᠎ᠢ ᠬᠦᠬᠡᠡᠡᠤᠲᠠ ᠳ᠋ᠤ ᠦᠯᠡᠳᠡᠭᠡᠬᠦ》 ᠲᠦᠷᠦᠯ ᠲᠡᠮᠳᠡᠭ᠎ᠢ ᠦᠷᠭᠦᠯᠵᠢᠯᠡᠨ ᠪᠤᠵᠠᠭᠠᠢᠷᠠᠭᠤᠯᠵᠤ᠂《ᠵᠠᠯᠠᠭᠤᠴᠤᠳ᠎ᠤᠨ ᠨᠡᠢᠭᠡᠮ ᠲᠣᠭᠣᠷᠢᠭ》ᠤ᠋ᠨ ᠪᠠᠢᠭᠤᠯᠤᠯᠲᠠ᠎ᠶ᠋ᠢ ᠠᠬᠢᠭᠤᠯᠵᠤ᠂ ᠵᠠᠯᠠᠭᠤ ᠴᠢᠳᠠᠪᠤᠷᠢᠲᠠᠨ᠎ᠤ ᠳᠠᠷᠤᠭᠠᠰᠤ ᠦᠭᠡᠢ ᠪᠡᠷ ᠦᠢᠯᠡᠰ ᠪᠤᠰᠭᠠᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠡᠩ ᠤᠯᠠᠨ ᠵᠠᠯᠠᠭᠤᠴᠤᠳ᠎ᠢ ᠲᠠᠲᠠᠨ ᠢᠷᠡᠭᠦᠯᠵᠦ ᠣᠷᠣᠨ᠎ᠤ ᠲᠥᠪ᠎ᠢ ᠰᠣᠩᠭᠣᠬᠤ ᠪᠤᠯᠭᠠᠵᠤ᠂ ᠣᠷᠣᠨ᠎ᠤ ᠲᠥᠪ᠎ᠲᠦ ᠠᠭᠤᠰᠤᠯᠴᠠᠭᠤᠯᠤᠨ᠎ᠠ᠃ 《ᠴᠢᠨᠠᠷ ᠰᠠᠢᠲᠠᠶ ᠲᠡᠩᠴᠡᠭᠦᠷᠢᠲᠡᠶ》 ᠪᠡᠷ ᠰᠤᠷᠭᠠᠨ ᠬᠥᠮᠦᠵᠢᠯ᠎ᠢ ᠬᠥᠭ᠌ᠵᠢᠭᠦᠯᠬᠦ ᠵᠢ ᠪᠠᠷᠢᠮᠲᠠᠯᠠᠵᠤ᠂ ᠣᠷᠣᠨ᠎ᠤ ᠳᠣᠲᠣᠷ᠎ᠠ ᠭᠠᠳᠠᠨᠠᠬᠢ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠠᠭᠠᠭᠤᠯᠤᠭᠴᠢ ᠪᠤᠯᠵᠤ ᠳᠡᠢᠯᠬᠦ ᠰᠤᠷᠭᠠᠭᠤᠯᠢ᠎ᠶ᠋ᠢᠨ ᠵᠠᠬᠢᠷᠤᠯ᠎ᠢ ᠪᠣᠢᠵᠢᠭᠤᠯᠵᠤ᠂ ᠭᠠᠷᠮᠠᠭᠠᠶ ᠪᠠᠭ᠍ᠰᠢ᠎ᠶ᠋ᠢ ᠬᠥᠮᠦᠵᠢᠭᠦᠯᠦᠨ ᠪᠣᠢᠵᠢᠭᠤᠯᠵᠤ᠂ ᠱᠢᠯᠢᠳᠡᠭ ᠵᠢᠭᠠᠨ ᠰᠤᠳᠤᠯᠤᠭ᠍ᠴᠢ᠎ᠶ᠋ᠢ ᠬᠥᠮᠦᠵᠢᠭᠦᠯᠦᠨ᠂ ᠥᠷᠭᠡᠨ ᠣᠯᠠᠨ ᠲᠦᠮᠡᠨ᠎ᠦ ᠣᠷᠣᠨ᠎ᠤ ᠲᠥᠪ᠎ᠦᠨ ᠰᠤᠷᠭᠠᠨ ᠬᠥᠮᠦᠵᠢᠯ᠎ᠢ ᠮᠡᠳᠡᠷᠡᠬᠦ᠌ ᠬᠡᠮᠵᠢᠶ᠎ᠡ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ᠃ 《ᠬᠦᠬᠡᠬᠤᠳᠠ ᠪᠤᠯᠤᠨ ᠪᠡᠭᠡᠵᠢᠩ》 ᠤ᠋ᠨ ᠡᠷᠡᠭᠦᠯ ᠮᠡᠨᠳᠦ᠍᠎ᠶ᠋ᠢᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠡᠮᠴᠢᠯᠡᠭᠡᠨ᠎ᠦ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠂ ᠬᠣᠲᠠ᠎ᠶ᠋ᠢᠨ ᠲᠠᠰ᠎ᠤᠨ ᠠᠯᠪᠠᠨ᠎ᠡᠴᠡ ᠪᠠᠢᠭᠤᠯᠤᠭ᠍ᠰᠠᠨ ᠡᠮᠨᠡᠯᠭᠡ᠎ᠶ᠋ᠢᠨ ᠬᠣᠷᠢᠶ᠎ᠠ᠂ ᠴᠢᠨᠠᠷ ᠰᠠᠢᠲᠠᠶ ᠲᠤᠰᠭᠠᠶ ᠡᠮᠨᠡᠯᠭᠡ᠎ᠶ᠋ᠢᠨ ᠬᠣᠷᠢᠶ᠎ᠠ᠂ ᠤᠶᠤᠨᠲᠤ ᠡᠮᠨᠡᠯᠭᠡ᠎ᠶ᠋ᠢᠨ ᠬᠣᠷᠢᠶ᠎ᠠ᠎ᠶ᠋ᠢ ᠥᠨᠳᠥᠷ ᠲᠦᠪᠱᠢᠨ᠎ᠢᠶᠡᠷ ᠪᠠᠢᠭᠤᠯᠵᠤ᠂ ᠥᠷᠭᠡᠨ ᠣᠯᠠᠨ ᠲᠦᠮᠡᠨ᠎ᠤ ᠬᠡᠷ᠎ᠦᠨ᠎ᠵᠢᠡᠨ ᠡᠭᠦᠳᠡᠨ ᠳ᠋ᠤ ᠴᠢᠨᠠᠷ ᠰᠠᠢᠲᠠᠶ᠂ ᠰᠠᠨᠠᠭ᠎ᠠ ᠠᠮᠤᠷ ᠡᠮᠴᠢᠯᠡᠭᠡᠨ᠎ᠦ ᠡᠬᠢ ᠪᠠᠶᠠᠯᠢᠭ᠎ᠢ ᠡᠳ᠋ᠯᠡᠵᠦ ᠳᠡᠢᠯᠬᠦ ᠪᠤᠯᠭᠠᠨ᠎ᠠ᠃ ᠬᠤᠳᠠ ᠬᠥᠳᠡᠭᠡ᠎ᠶ᠋ᠢᠨ ᠨᠠᠰᠤᠵᠢᠯ᠎ᠤᠨ ᠦᠢᠯᠡᠴᠢᠯᠡᠭᠡᠨ᠎ᠦ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠤᠳᠠ ᠬᠥᠳᠡᠭᠡ᠎ᠶ᠋ᠢᠨ ᠭᠤᠷᠪᠠᠨ ᠱᠠᠳᠤ᠎ᠶ᠋ᠢ ᠪᠦᠷᠬᠦᠭ᠌ᠰᠡᠨ ᠨᠠᠰᠤᠵᠢᠯ᠎ᠤᠨ ᠦᠢᠯᠡᠴᠢᠯᠡᠭᠡᠨ᠎ᠦ ᠱᠢᠰᠲᠸᠮ᠎ᠢ ᠴᠣᠭ᠍ᠴᠠᠯᠠᠵᠤ᠂ ᠣᠷᠣᠨ᠎ᠤ ᠲᠥᠪ᠎ᠦᠨ ᠤᠯᠠᠨ ᠲᠦᠮᠡᠨ᠎ᠦ ᠠᠮᠢᠳᠤᠷᠠᠯ᠎ᠤᠨ ᠠᠵᠠ ᠵᠢᠷᠭᠠᠯ᠎ᠢ ᠨᠡᠩ ᠥᠨᠳᠥᠷ ᠲᠦᠪᠱᠢᠨ᠎ᠳᠦ ᠬᠦᠷᠭᠡᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号