ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠣᠣᠮᠧᠨ᠎ᠳᠦ ᠤᠬᠠᠭᠤᠯᠤᠨ ᠲᠠᠢᠯᠪᠤᠷᠢᠯᠠᠪᠠ
2025-11-26 10:35:18
ᠵᠣᠬᠢᠶᠠᠭ᠍ᠴᠢ᠄
ᠯᠢᠦ ᠭᠠᠩ ᠴᠢ ᠹᠸᠢ ᠭᠦᠸᠧ ᠢᠦᠢ ᠴᠢ
ᠣᠩᠱᠢᠭ᠍ᠰᠠᠨ ᠣᠳᠠᠭ᠎ᠠ᠄
★★★☆☆

22᠎ᠡᠴᠡ 23᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠳᠤ ᠲᠥᠪ᠎ᠦᠨ ᠣᠣᠮᠧᠨ᠎ᠳᠦ ᠰᠠᠭᠤᠭ᠎ᠠ ᠪᠠᠢᠭᠤᠯᠤᠮᠵᠢ ᠪᠣᠯᠤᠨ ᠳᠤᠮᠳᠠᠳᠤ᠎ᠶ᠋ᠢᠨ ᠪᠡᠯᠡᠳᠦ ᠠᠵᠤ ᠠᠬᠤᠢᠯᠠᠯ᠎ᠤᠨ ᠲᠥᠯᠥᠭᠡᠯᠡᠭ᠌ᠴᠢ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠬᠠᠮᠢᠶᠠᠷᠤᠨ ᠵᠠᠰᠠᠬᠤ ᠪᠦᠯᠬᠦᠮ ᠂ ᠨᠡᠢᠭᠡᠮ᠎ᠦᠨ ᠡᠯ᠎ᠡ ᠡᠲᠡᠭᠡᠳ᠎ᠦᠨ ᠬᠥᠮᠦᠰ᠎ᠲᠦ ᠭᠤᠷᠪᠠᠨ ᠲᠠᠯᠠᠪᠤᠷ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠾᠧᠩ ᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠲᠤᠭᠤᠷᠢᠭ᠎ᠲᠦ᠎ᠬᠦᠷᠴᠦ᠍ ᠪᠠᠢᠴᠠᠭᠠᠨ ᠰᠤᠳᠤᠯᠵᠦ᠍ ᠶᠠᠷᠢᠯᠴᠠᠨ ᠰᠣᠯᠢᠯᠴᠠᠪᠠ᠃

ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠾᠧᠦ ᠵᠢᠶᠠᠨ ᠭᠦᠸᠧ ᠬᠦᠷᠢᠶ᠎ᠡ ᠴᠠᠷᠠᠭ᠎ᠠ ᠬᠤᠪᠢᠶᠠᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠶᠡᠬᠡ ᠬᠦᠳᠦᠯᠥᠨ ᠳᠠᠭᠠᠭᠤᠯᠬᠤ᠂ ᠬᠥᠳᠡᠯᠭᠡᠬᠦ᠌᠂ ᠲᠤᠯᠭᠠᠭᠤᠷᠢᠯᠠᠬᠤ ᠦᠢᠯᠡᠳᠦᠯ᠎ᠲᠡᠶ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠲᠠᠨᠢᠯᠴᠠᠭᠤᠯᠪᠠ᠃ ᠲᠡᠷᠡ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠠᠵᠤ ᠦᠶ᠋ᠯᠡᠰ᠎ᠦᠨ ᠱᠢᠨ᠎ᠡ ᠵᠢ ᠡᠭᠦᠳᠬᠦ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠂ ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠬᠤ ᠵᠡᠷᠭᠡ ᠪᠠᠢᠷᠢᠯᠠᠭᠤᠯᠤᠯᠲᠠ᠎ᠶ᠋ᠢ ᠳᠤᠷᠠᠳᠴᠤ᠌᠂ ᠣᠣᠮᠧᠨ᠎ᠦ᠎ᠬᠢᠨ ᠶᠡᠬᠡ ᠪᠤᠯᠤᠩ᠎ᠤᠨ ᠣᠷᠣᠨ᠎ᠤ ᠪᠤᠰᠤᠳ ᠬᠣᠲᠠ᠎ᠯᠤᠭ᠎ᠠ ᠬᠠᠮᠵᠢᠯᠴᠠᠨ ᠬᠠᠮᠲᠤᠷᠠᠯᠴᠠᠬᠤ᠎ᠪᠠᠨ ᠴᠢᠩᠭᠠᠳᠭᠠᠵᠤ᠂ ᠬᠡᠷᠡᠭ᠌ᠯᠡᠭᠡᠨ᠎ᠦ ᠦᠵᠡᠭᠳᠡᠯ ᠪᠠᠢᠳᠠᠯ᠎ᠤᠨ ᠪᠠᠢᠭᠤᠯᠤᠯᠲᠠ ᠪᠠ ᠨᠡᠭᠡᠭᠡᠯᠲᠡ ᠬᠢᠬᠦ᠌ ᠡᠷᠴᠢᠮ᠎ᠢᠶᠡᠨ ᠴᠢᠩᠭᠠᠷᠠᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠡᠷ ᠤᠨᠳᠤᠤᠰᠢᠭᠤᠯᠤᠨ ᠠᠱᠢᠭ᠍ᠯᠠᠬᠤ᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭ᠌ᠵᠢᠭᠦᠯᠬᠦ᠎ᠵᠢ ᠰᠠᠨᠠᠭᠤᠯᠪᠠ ᠭᠡᠵᠦ ᠢᠯᠡᠳᠭᠡᠪᠡ᠃ ᠲᠡᠷᠡ ᠪᠠᠰᠠ ᠣᠣᠮᠧᠨ᠎ᠢ ᠳᠤᠮᠳᠠᠳᠤ ᠫᠣᠷᠲ᠋ᠦ᠋ᠭᠠᠯ᠎ᠤᠨ ᠠᠷᠠᠯᠵᠢᠶ᠎ᠠ ᠬᠤᠳᠠᠯᠳᠤᠭᠠᠨ᠎ᠤ ᠬᠠᠮᠲᠤᠷᠠᠯᠴᠠᠭᠠᠨ᠎ᠤ ᠦᠶ᠋ᠯᠡᠴᠢᠯᠡᠭᠡᠨ᠎ᠦ ᠲᠠᠪᠴᠠᠩ᠎ᠤᠨ ᠦᠢᠯᠡᠳᠦᠯ ᠪᠣᠯᠤᠨ ᠴᠢᠯᠥᠭᠡᠲᠦ ᠭᠠᠷᠠᠮ᠂ ᠲᠤᠰᠠᠭᠠᠷ ᠪᠣᠭᠣᠮᠲᠠ᠎ᠶ᠋ᠢᠨ ᠭᠠᠢᠯᠢ᠎ᠶ᠋ᠢᠨ ᠣᠷᠣᠨ᠎ᠤ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠳᠣᠲᠣᠷ᠎ᠠ ᠭᠠᠵᠠᠷ᠎ᠤᠨ ᠠᠵᠤ ᠠᠬᠤᠢᠯᠠᠯ᠎ᠤᠨ 《ᠭᠠᠷᠴᠤ᠌ ᠶᠠᠪᠤᠬᠤ》᠎ᠳ᠋ᠤ ᠬᠦᠴᠦᠨ ᠨᠡᠮᠡᠷᠢᠯᠡᠵᠦ᠍᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠥᠲᠥᠭᠡᠨ ᠪᠠᠢᠭᠤᠯᠬᠤ᠎ᠳᠤ ᠬᠠᠮᠲᠤ᠎ᠪᠠᠷ ᠣᠷᠣᠯᠴᠠᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢᠨ ᠪᠡᠬᠢᠯᠡᠯᠲᠡ᠎ᠶ᠋ᠢ ᠴᠣᠭ᠍ᠴᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠱᠢᠯᠤᠭᠤᠳᠭᠠᠬᠤ᠎ᠳᠤ ᠨᠠᠩ ᠶᠡᠬᠡ ᠦᠢᠯᠡᠳᠦᠯ ᠦᠵᠡᠭᠦᠯᠬᠦ᠌ ᠬᠡᠷᠡᠭ᠌ᠲᠡᠶ ᠭᠡᠵᠦ᠍ ᠰᠠᠨᠠᠭᠤᠯᠪᠠ᠃

ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠠᠯᠪᠠᠨ ᠭᠡᠷ᠎ᠦᠨ ᠳᠡᠳ᠋ ᠡᠷᠬᠢᠯᠡᠭ᠌ᠴᠢ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠦᠨ ᠳᠡᠳ᠋ ᠡᠷᠬᠢᠯᠡᠭ᠌ᠴᠢ ᠵᠦ᠍ ᠸᠧᠢ ᠳ᠋ᠦᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ ᠪᠠ ᠡᠭᠦᠷᠭᠡ᠂ ᠵᠢᠯᠣᠭᠣᠳᠭᠤ ᠴᠢᠭ᠌ᠯᠡᠯᠲᠡ ᠪᠣᠯᠤᠨ ᠭᠣᠣᠯ ᠬᠠᠷᠠᠯᠲᠠ᠎ᠶ᠋ᠢᠨ ᠲᠣᠭᠣᠷᠢᠨ᠎ᠳᠤ ᠪᠦᠬᠦ᠌ ᠲᠠᠯ᠎ᠠ᠎ᠪᠠᠷ ᠱᠢᠰᠲ᠋ᠧᠮ᠎ᠲᠡᠶ ᠭᠦᠨᠵᠡᠭᠡᠢ ᠲᠠᠢᠯᠤᠮᠵᠢ ᠬᠢᠵᠡᠢ᠃ ᠲᠡᠷᠡ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠠ ᠭᠣᠣᠯ ᠬᠠᠷᠠᠯᠲᠠ᠎ᠶ᠋ᠢ ᠭᠦᠨᠵᠡᠭᠡᠢ ᠣᠢᠯᠠᠭᠠᠵᠤ᠂ ᠪᠥᠬᠥᠳᠡ ᠬᠤᠷᠠᠯ᠎ᠡᠴᠡ ᠳᠤᠷᠠᠳᠤᠭ᠍ᠰᠠᠨ 《ᠱᠢᠶᠠᠩᠭᠠᠩ᠂ ᠣᠣᠮᠧᠨ᠎ᠦ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ᠎ᠢ ᠠᠬᠢᠭᠤᠯᠬᠤ》᠎ᠢ᠋ᠢᠨ ᠪᠠᠶᠠᠯᠢᠭ ᠠᠭᠤᠯᠤᠭ᠍ᠳᠠᠬᠤᠨ ᠪᠠ ᠲᠣᠳᠣᠷᠬᠠᠢ ᠴᠢᠭ᠌ᠯᠡᠯ᠎ᠢ ᠡᠵᠡᠮᠳᠡᠵᠦ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ 《ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠲᠡᠶ ᠵᠣᠯᠭᠠᠭᠤᠯᠬᠤ ᠠᠵᠢᠯ᠎ᠢ ᠰᠠᠢᠲᠤᠷ ᠬᠢᠵᠦ᠂ ᠨᠢᠭᠡ ᠪᠦᠯᠦᠭ ᠪᠣᠳᠠᠲᠠᠶ ᠠᠷᠭ᠎ᠠ ᠰᠠᠢᠨ ᠠᠷᠭ᠎ᠠ᠎ᠶ᠋ᠢ ᠤᠬᠠᠭᠠᠯᠠᠨ ᠲᠥᠯᠥᠪᠯᠡᠵᠦ᠂《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠳᠦ ᠳᠤᠷᠠᠳᠤᠭ᠍ᠰᠠᠨ ᠴᠢᠭ᠌ᠯᠡᠯ᠎ᠦᠨ ᠵᠢᠯᠣᠭᠣᠳᠤᠮᠵᠢ᠎ᠶ᠋ᠢ ᠣᠣᠮᠧᠨ᠎ᠦ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠦ᠂ ᠣᠣᠮᠧᠨ᠎ᠦ 《ᠨᠢᠭᠡ ᠲᠥᠪ᠂ ᠨᠢᠭᠡ ᠲᠠᠪᠴᠠᠩ᠂ ᠨᠢᠭᠡ ᠰᠠᠭᠤᠷᠢᠨ》 ᠤ᠋ ᠦᠢᠯᠡᠳᠦᠯ᠎ᠢ ᠲᠠᠰᠤᠷᠠᠯᠲᠠ ᠦᠭᠡᠢ ᠢᠯᠡᠷᠡᠭᠦᠯᠵᠦ᠂ ᠣᠣᠮᠧᠨ᠎ᠦ ᠠᠵᠤ ᠠᠬᠤᠢ᠎ᠶ᠋ᠢᠨ ᠵᠣᠬᠢᠰᠲᠠᠢ ᠤᠯᠠᠨ ᠡᠱᠢᠵᠢᠭ᠌ᠰᠡᠨ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ ᠭᠡᠵᠦ ᠢᠯᠡᠳᠭᠡᠪᠡ᠃

ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ ᠨᠡᠢᠭᠡᠮ᠎ᠦᠨ ᠡᠯ᠎ᠡ ᠡᠲᠡᠭᠡᠳ᠎ᠢ ᠪᠦᠯᠬᠦᠮᠳᠡᠭᠦᠯᠦᠨ ᠳᠠᠭᠠᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠠᠪᠴᠢᠷᠠᠭ᠍ᠰᠠᠨ ᠱᠢᠨ᠎ᠡ ᠠᠵᠠ ᠲᠣᠬᠢᠶᠠᠯ᠎ᠢ ᠠᠮᠵᠢᠵᠤ᠂ ᠣᠣᠮᠧᠨ᠎ᠦ ᠡᠯ᠎ᠡ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠦᠢᠯᠡᠰ᠎ᠢ ᠴᠢᠨᠠᠷ ᠰᠠᠢᠲᠠᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ᠎ᠢ ᠡᠭᠦᠳᠬᠦ᠌᠎ᠳᠦ ᠣᠣᠮᠧᠨ᠎ᠦ ᠨᠡᠩ ᠶᠡᠬᠡ ᠱᠢᠨ᠎ᠡ ᠬᠤᠪᠢ ᠨᠡᠮᠡᠷᠢ ᠵᠢ ᠦᠵᠡᠭᠦᠯᠦᠨ᠎ᠡ ᠭᠡᠵᠦ᠍ ᠢᠯᠡᠳᠭᠡᠪᠡ᠃

23᠎ᠤ᠋ ᠦᠳᠡ᠎ᠶ᠋ᠢᠨ ᠬᠣᠢᠨ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠰᠠ ᠾᠧᠩ ᠴᠢᠨ ᠭᠤᠸᠠᠩᠳᠦ᠋ᠩ ᠣᠣᠮᠧᠨ᠎ᠦ ᠭᠦᠨᠵᠡᠭᠡᠢ ᠬᠠᠮᠲᠤᠷᠠᠯᠴᠠᠭᠠᠨ᠎ᠤ ᠲᠣᠭᠣᠷᠢᠭ᠎ᠲᠤ ᠬᠦᠷᠴᠦ᠍᠂ ᠣᠣᠮᠧᠨ᠎ᠦ ᠱᠢᠨ᠎ᠡ ᠵᠡᠭᠡᠯᠢ ᠭᠤᠳᠤᠮᠵᠢ ᠭᠡᠷ ᠪᠦᠯᠢ᠎ᠨᠡᠢᠭᠡᠮ ᠲᠣᠭᠣᠷᠢᠭ᠎ᠤᠨ ᠦᠢᠯᠡᠴᠢᠯᠡᠭᠡᠨ᠎ᠦ ᠲᠥᠪ ᠪᠣᠯᠤᠨ ᠣᠣᠮᠧᠨ᠎ᠦ ᠪᠡᠯᠡᠲᠦ ᠠᠵᠤ ᠠᠬᠤᠢᠯᠠᠯ ᠵᠡᠷᠭᠡ᠎ᠭᠠᠵᠠᠷ ᠲᠤ᠌ ᠬᠦᠷᠴᠦ᠍᠂ ᠰᠠᠭᠤᠭᠠᠯᠢ ᠠᠷᠠᠳ᠂ ᠠᠵᠤ ᠠᠬᠤᠢᠯᠠᠯ᠎ᠤᠨ ᠲᠥᠯᠥᠭᠡᠯᠡᠭ᠌ᠴᠢᠳ᠎ᠲᠡᠶ ᠲᠤᠬᠠᠢ᠎ᠶ᠋ᠢᠨ ᠲᠠᠯᠠᠪᠠᠢ᠎ᠳᠤ ᠶᠠᠷᠢᠯᠴᠠᠨ ᠰᠣᠯᠢᠯᠴᠠᠪᠠ᠃

(ᠱᠢᠨᠬᠤᠸᠠ ᠬᠣᠷᠢᠶ᠎ᠠ᠎ᠶᠢᠨ ᠣᠣᠮᠧᠨ᠎ᠦ 11 ᠰᠠᠷ᠎ᠠ᠎ᠶ᠋ᠢᠨ 23᠎ᠤ᠋ ᠴᠠᠬᠢᠯᠭᠠᠨ ᠮᠡᠳᠡᠭᠡ ᠡᠴᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号