ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠯᠤᠲᠤ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ
2025-11-26 09:43:52
ᠵᠣᠬᠢᠶᠠᠭ᠍ᠴᠢ᠄
ᠵᠧᠦ ᠺᠸ ᠶᠠᠩ ᠱᠸᠨ ᠱᠸᠨ ᠵᠤᠤ ᠷᠦᠢ ᠰᠢ
ᠣᠩᠱᠢᠭ᠍ᠰᠠᠨ ᠣᠳᠠᠭ᠎ᠠ᠄
★★★☆☆

— ᠳᠤᠮᠳᠠᠳᠤ ᠤᠯᠤᠰ ᠤ᠋ᠨ ᠤᠯᠠᠨ ᠤᠯᠤᠰ ᠤ᠋ᠨ ᠳᠡᠭᠡᠳᠤ ᠰᠢᠨ᠎ᠠ ᠮᠡᠷᠭᠡᠵᠢᠯ ᠤ᠋ᠨ ᠦᠷ᠎ᠠ ᠪᠦᠲᠦᠭᠡᠯ ᠤ᠋ᠨ ᠠᠷᠠᠯᠵᠢᠶᠠᠨ᠎ᠤ ᠴᠤᠭ᠍ᠯᠠᠭᠠᠨ ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ᠎ᠵᠢ ᠡᠭᠦᠳᠴᠤ ᠬᠦᠭᠵᠢᠬᠦ ᠲᠠᠢᠯᠪᠤᠷᠢᠯᠠᠯᠳᠠ ᠵᠢ ᠬᠠᠷᠠᠬᠤᠢ


5000 ᠭᠠᠷᠤᠢ ᠵᠦᠢᠯ᠎ᠦᠨ ᠬᠣᠱᠢᠭᠤᠷᠠᠯ ᠦᠷ᠎ᠡ ᠪᠦᠲᠦᠭᠡᠯ᠎ᠢ ᠨᠡᠢᠲᠡᠯᠡᠵᠦ᠍᠂ 1700 ᠳ᠋ᠦᠩᠱᠢᠭᠤᠷ ᠭᠠᠷᠤᠢ ᠲᠥᠭᠥᠷᠢᠭ᠎ᠤᠨ ᠠᠷᠠᠯᠵᠢᠶ᠎ᠠ ᠬᠢᠭᠡᠳ  ᠪᠡᠯᠡ ᠣᠷᠣᠭᠤᠯᠤᠯᠳᠠ ᠪᠡᠯᠡ ᠬᠤᠷᠠᠮᠳᠤᠭᠤᠯᠭ᠎ᠠ ᠵᠢᠨ ᠰᠠᠨᠠᠮᠵᠢ ᠵᠢᠨ ᠬᠡᠷ᠎ᠡ ᠲᠤᠬᠳᠠᠵᠤ᠂ ᠦᠵᠡᠰᠭᠦᠯᠡᠩ ᠳ᠋ᠤ ᠤᠷᠤᠯᠴᠠᠭᠰᠠᠳ 45 ᠲᠦᠮᠡᠨ ᠬᠥᠮᠦᠨ ᠤᠳᠠᠭ᠎ᠠ ᠳ᠋ᠤ ᠬᠦᠷᠪᠡ ᠁ ᠤᠢ᠍ᠢᠷ᠎ᠠ᠎ᠳᠤ᠂ ᠬᠣᠷᠢᠨ ᠳᠣᠯᠣᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠦᠨ ᠠᠷᠠᠯᠵᠢᠶᠠᠨ᠎ᠤ ᠴᠤᠭ᠍ᠯᠠᠭᠠᠨ ᠱᠧᠨᠵᠧᠨ᠎ᠳᠦ ᠶᠠᠪᠤᠭ᠍ᠳᠠᠪᠠ᠃ 3 ᠡᠳᠦᠷ᠎ᠦᠨ ᠬᠤᠭᠤᠴᠠᠭᠠᠨ᠎ᠳᠤ᠂ ᠥᠭᠡᠷᠡᠴᠢᠯᠡᠯᠲᠡ᠎ᠡᠴᠡ ᠪᠤᠯᠵᠦ᠍ ᠮᠡᠨᠳᠦᠯᠡᠭ᠌ᠰᠡᠨ᠂ ᠱᠢᠨ᠎ᠡ᠎ᠶ᠋ᠢ ᠡᠭᠦᠳᠬᠦ᠌᠎ᠡᠴᠡ ᠪᠤᠯᠵᠦ᠍ ᠬᠥᠭ᠌ᠵᠢᠭ᠌ᠰᠡᠨ ᠡᠨᠡ ᠬᠦ᠌ ᠬᠤᠳᠠ ᠪᠦᠬᠦ᠌ ᠪᠥᠮᠪᠥᠷᠴᠡᠭ᠎ᠦᠨ ᠬᠠᠷᠡᠴᠡ᠎ᠶ᠋ᠢ ᠳᠠᠬᠢᠨᠲᠠ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

ᠮᠠᠨ᠎ᠤ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠨ᠎ᠦ ᠭᠠᠳᠠᠭᠠᠳᠤ ᠨᠡᠭᠡᠭᠡᠯᠲᠡ᠎ᠶ᠋ᠢᠨ ᠴᠢᠬᠤᠯᠠ ᠴᠤᠩᠬᠤᠪᠴᠢ ᠪᠠ ᠦᠷ᠎ᠡ ᠪᠦᠲᠦᠭᠡᠯ ᠢ᠋ ᠤᠨᠳᠤᠤᠰᠢᠭᠤᠯᠬᠤ᠎ᠴᠢᠬᠤᠯᠠ ᠲᠠᠪᠴᠠᠩ ᠪᠣᠯᠤᠭ᠍ᠰᠠᠨ᠎ᠤ ᠬᠤᠪᠢ᠎ᠳᠤ᠂ ᠬᠣᠷᠢᠨ ᠲᠤᠯᠤᠭᠠᠨ ᠵᠢᠯ ᠶᠠᠪᠤᠭᠳᠠᠭᠰᠠᠨ ᠡᠨᠡ ᠬᠦ᠌ ᠴᠤᠭ᠍ᠯᠠᠭᠠᠨ ᠨᠢ ᠳᠤᠮᠳᠠᠳᠤ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠠᠵᠢᠭ᠍ᠯᠠᠬᠤ ᠲᠠᠪᠴᠠᠩ ᠪᠤᠯᠤᠭᠰᠠᠨ ᠵᠢᠡᠷ ᠪᠠᠷᠠᠬᠤ ᠦᠭᠡᠢ᠂ ᠨᠡᠩ ᠴᠤ᠌ ᠳᠤᠮᠳᠠᠳᠤ ᠤᠯᠤᠰ ᠨᠡᠭᠡᠭᠡᠯᠲᠡᠲᠦ ᠣᠪᠣᠷ᠎ᠢᠶᠠᠷ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠣᠣᠷ᠎ᠲᠤ ᠠᠭᠤᠰᠤᠯᠴᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠤᠯᠭᠤᠬᠤ ᠠᠮᠢᠳᠤᠯᠢᠭ ᠦᠢᠯᠡᠳᠦᠯᠭᠡ ᠪᠤᠯᠵᠠᠢ᠃

ᠥᠨᠳᠥᠷ ᠬᠢᠷᠢ ᠲᠦᠪᠱᠢᠨ ᠪᠥᠬᠥᠶ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠭᠰᠡᠨ 《ᠳᠤᠮᠳᠠᠳᠤ ᠤᠯᠤᠰ᠎ᠤᠨ ᠬᠠᠷᠢᠭᠤᠯᠲᠠ᠎ᠶ᠋ᠢᠨ ᠬᠠᠭᠤᠳᠠᠰᠤ》

22 ᠶᠡᠬᠡ ᠲᠤᠰᠭᠠᠶ ᠮᠡᠷᠭᠡᠵᠢᠯ᠎ᠦᠨ ᠦᠵᠡᠭᠦᠯᠭᠡ᠎ᠶ᠋ᠢᠨ ᠲᠣᠭᠣᠷᠢᠭ᠂ 5000 ᠭᠠᠷᠤᠶ ᠨᠠᠷᠠᠲᠤ ᠠᠵᠤ ᠠᠬᠤᠢᠯᠠᠯ ᠪᠠ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠣᠳᠣᠨ ᠮᠡᠴᠢᠳ ᠮᠡᠲᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠭ᠍ᠲᠠᠷᠭᠤᠶ᠎ᠶ᠋ᠢ ᠭᠡᠷᠡᠯᠲᠦᠭᠦᠯᠪᠡ᠃

ᠶᠠ᠎ᠲᠠᠶ ᠬᠡᠷᠡᠯ ᠴᠠᠬᠢᠯᠭᠠᠨ᠎ᠤ ᠺᠤᠮᠫᠠᠨᠢ ᠵᠢᠨ ᠶᠡᠷᠦᠩᠬᠡᠶ ᠳᠠᠭᠠᠭᠠᠮᠠᠯ ᠵᠧᠩ ᠱᠢᠶᠠᠩ᠄ 《ᠪᠢᠳᠡ ᠬᠣᠶᠠᠷ ᠠᠷᠪᠠᠨ ᠵᠢᠯ ᠬᠡᠷᠡᠭ᠌ᠯᠡᠵᠦ᠍᠂ ᠡᠴᠦᠰ᠎ᠲᠡᠬᠡᠨ 〈ᠳᠤᠮᠳᠠᠳᠤ ᠤᠯᠤᠰ᠎ᠤᠨ ᠴᠠᠬᠢᠮ ᠢᠯᠳᠠᠰᠤ〉 ᠵᠢᠨ ᠬᠠᠮᠤᠭ᠎ᠤᠨ ᠭᠤᠤᠯ ᠪᠣᠯᠬᠤ ᠲᠡᠷᠡ ᠬᠦ᠌ ᠵᠤᠷᠪᠤᠰ ᠬᠡᠷᠡᠯ᠎ᠢ ᠭᠡᠷᠡᠯᠲᠦᠭᠦᠯᠪᠡ》 ᠭᠡᠪᠡ᠃

ᠡᠨᠡ ᠬᠦ᠌ ᠵᠤᠷᠪᠤᠰ ᠭᠡᠷᠡᠯ ᠨᠢ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠡᠷᠴᠢ ᠵᠣᠷᠢᠭ᠎ᠢ ᠬᠦᠭᠵᠢᠬᠡᠪᠡ᠃ ᠳᠡᠭᠡᠳᠦ ᠲᠡᠰ᠎ᠤᠨ ᠴᠠᠬᠢᠮ ᠢᠯᠳᠠᠰᠤ᠂ ᠰᠠᠭᠤᠷᠢ ᠠᠵᠤ ᠦᠢᠯᠡᠳᠪᠦᠷᠢ᠎ᠶ᠋ᠢᠨ ᠵᠥᠭᠡᠯᠡᠨ ᠲᠤᠨᠤᠭ᠎ᠡᠴᠡ᠂ ᠱᠢᠷᠪᠢᠯᠲᠡ ᠵᠢᠨ ᠴᠠᠬᠢᠯᠭᠠᠨ ᠲᠤᠯᠢ ᠵᠡᠷᠭᠡ ᠱᠢᠨᠵᠢᠯᠡᠬᠦ᠌ ᠤᠬᠠᠭᠠᠨ᠎ᠤ ᠬᠡᠮᠵᠢᠭᠦᠷᠯᠢᠭ ᠬᠦᠷᠲᠡᠯ᠎ᠡ᠂ ᠠᠯᠢ ᠤᠯᠠᠨ ᠮᠡᠷᠭᠡᠵᠢᠯ᠎ᠦᠨ ᠦᠷ᠎ᠡ ᠪᠦᠲᠦᠭᠡᠯ ᠨᠢ ᠱᠢᠷᠭᠠᠭᠤ ᠴᠢᠷᠮᠠᠢᠯᠭ᠎ᠠ᠎ᠪᠠᠷ ᠳᠠᠮᠵᠢᠨ 《0 ᠡᠴᠡ 1 ᠬᠦᠷᠬᠦ᠌》 ᠱᠢᠪᠲᠤᠯᠤᠯᠲᠠ᠎ᠶ᠋ᠢ ᠪᠡᠶᠡᠯᠡᠭᠦᠯᠪᠡ᠃

ᠤᠳᠠᠭ᠎ᠠ ᠳᠠᠷᠠᠭᠠᠯᠠᠨ ᠱᠢᠨ᠎ᠡ᠎ᠶ᠋ᠢ ᠡᠭᠦᠳᠦᠭ᠌ᠰᠡᠨ ᠲᠣᠭ᠎ᠠ ᠪᠠᠷᠢᠮᠲᠠ᠎ᠡᠴᠡ᠂ ᠳᠡᠭᠡᠳᠦ ᠱᠢᠨ᠎ᠡ ᠮᠡᠷᠭᠡᠵᠢᠯ᠎ᠦᠨ ᠦᠷ᠎ᠠ ᠪᠦᠲᠦᠭᠡᠯ ᠤ᠋ᠨ ᠠᠷᠠᠯᠵᠢᠶᠠᠨ᠎ᠤ ᠴᠤᠭ᠍ᠯᠠᠭᠠᠨ᠎ᠤ ᠱᠢᠳᠢ ᠬᠦᠴᠦᠨ᠎ᠢ ᠮᠡᠳᠡᠵᠤ ᠪᠤᠯᠤᠨ᠎ᠠ᠄ 1999 ᠣᠨ᠎ᠤ ᠠᠩᠬᠠᠳᠤᠭᠠᠷ ᠬᠤᠭᠤᠴᠠᠭᠠᠨ᠎ᠤ ᠳᠡᠭᠡᠳᠦ ᠱᠢᠨ᠎ᠡ ᠮᠡᠷᠭᠡᠵᠢᠯ᠎ᠦᠨ ᠦᠷ᠎ᠠ ᠪᠦᠲᠦᠭᠡᠯ ᠤ᠋ᠨ ᠠᠷᠠᠯᠵᠢᠶᠠᠨ᠎ᠤ ᠴᠤᠭ᠍ᠯᠠᠭᠠᠨ ᠤ᠋ ᠲᠠᠯᠠᠪᠠᠢ ᠪᠠᠷᠤᠭ 2 ᠲᠦᠮᠡᠨ ᠲᠡᠭ᠌ᠰᠢ ᠳᠥᠷᠪᠡᠯᠵᠢᠨ ᠮᠸᠲᠷ ᠪᠠᠢᠵᠤ᠂ ᠴᠤᠭᠯᠠᠭᠠᠨ᠎ᠳᠦ ᠣᠷᠣᠯᠴᠠᠭ᠍ᠰᠠᠨ ᠠᠵᠤ ᠠᠬᠤᠢᠯᠠᠯ 2856 ᠪᠠᠢᠵᠤ᠂ ᠨᠡᠭᠦᠳᠡᠯ ᠬᠠᠳᠠᠭᠠᠯᠠᠮᠵᠢ᠂ ᠲᠣᠭᠠᠴᠢᠯᠠᠭ᠍ᠰᠠᠨ ᠳᠠᠷᠤᠮᠠᠯᠯᠠᠯ᠂ ᠺᠣᠮᠫᠢᠦ᠋ᠲ᠋ᠧᠷ ᠪᠣᠯᠤᠨ ᠰᠦᠯᠵᠢᠶᠡᠨ᠎ᠦ ᠮᠡᠷᠭᠡᠵᠢᠯ᠂ ᠲᠧᠯᠸᠢᠰ ᠪᠣᠯᠤᠨ ᠳᠡᠯᠭᠡᠴᠡ᠎ᠶ᠋ᠢᠨ ᠮᠡᠷᠭᠡᠵᠢᠯ ᠵᠡᠷᠭᠡ ᠨᠢ ᠬᠥᠮᠦᠰ᠎ᠦᠨ ᠪᠠᠬᠠᠷᠬᠠᠯ᠎ᠢ ᠶᠡᠬᠡᠳᠡ ᠲᠠᠳᠠᠵᠠᠢ᠃ ᠲᠤᠰ ᠬᠤᠭᠤᠴᠠᠭᠠᠨ᠎ᠤ ᠴᠤᠭ᠍ᠯᠠᠭᠠᠨ᠎ᠳᠤ᠂ ᠲᠠᠯᠠᠪᠠᠢ ᠨᠢ 40 ᠲᠦᠮᠡᠨ ᠲᠡᠭ᠌ᠰᠢ ᠳᠥᠷᠪᠡᠯᠵᠢᠨ ᠮᠧᠲ᠋ᠷ ᠬᠦᠷᠲᠡᠯ᠎ᠡ ᠥᠷᠭᠡᠵᠢᠭ᠌ᠰᠡᠨ᠎ᠢᠶᠡᠷ ᠪᠠᠷᠠᠬᠤ ᠦᠭᠡᠢ᠂ 90% ᠡᠴᠡ ᠳᠡᠭᠡᠭ᠌ᠰᠢᠬᠢ ᠦᠵᠡᠭᠦᠯᠭᠡ᠎ᠶ᠋ᠢᠨ ᠪᠣᠳᠠᠰ ᠨᠢ 《ᠳᠡᠭᠡᠳᠤ ᠰᠢᠨ᠎ᠠ᠂ ᠨᠠᠷᠢᠯᠢᠭ᠂ ᠤᠷᠤᠢᠯᠠᠭᠰᠠᠨ》 ᠮᠡᠷᠭᠡᠵᠢᠯ ᠪᠣᠯᠤᠨ ᠦᠢᠯᠡᠳᠬᠦᠨ ᠪᠠᠢᠵᠤ᠂ 20% ᠡᠴᠡ ᠳᠡᠭᠡᠭ᠌ᠰᠢᠬᠢ᠎ᠶ᠋ᠢ ᠠᠩᠬ᠎ᠠ ᠲᠠᠷᠬᠠᠭᠠᠨ ᠦᠵᠡᠭᠦᠯᠵᠤ᠂ ᠵᠣᠬᠢᠶᠠᠮᠠᠯ ᠤᠶᠤᠨ ᠴᠢᠳᠠᠪᠤᠷᠢ ᠪᠣᠯᠤᠨ ᠮᠠᠱᠢᠨ ᠬᠥᠮᠦᠨ᠂ ᠬᠠᠭᠠᠰ ᠳᠠᠮᠵᠢᠭᠤᠯᠤᠭ᠍ᠴᠢ ᠪᠣᠯᠤᠨ ᠬᠤᠷᠠᠮᠠᠯ ᠴᠠᠬᠢᠯᠭᠠᠨ ᠬᠡᠯᠬᠢᠶ᠎ᠡ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ ᠪᠣᠯᠤᠨ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠠᠵᠢᠯ ᠲᠦᠷᠦᠯ᠎ᠢ ᠬᠠᠮᠤᠷᠴᠠᠢ᠃

ᠪᠦᠬᠦ᠌ ᠪᠥᠮᠪᠥᠷᠴᠡᠭ᠎ᠦᠨ ᠤᠶᠤᠨ ᠤᠬᠠᠭᠠᠨ᠎ᠢ ᠲᠥᠪᠯᠡᠷᠡᠭᠦᠯᠦᠭ᠌ᠰᠡᠨ 《ᠱᠢᠨ᠎ᠡ᠎ᠶ᠋ᠢ ᠡᠭᠦᠳᠬᠦ᠌ ᠰᠣᠷᠢᠨᠵᠢᠨ ᠣᠷᠣᠨ》

ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠦᠨ ᠠᠷᠠᠯᠵᠢᠶᠠᠨ᠎ᠤ ᠴᠤᠭ᠍ᠯᠠᠭᠠᠨ᠎ᠤ ᠱᠢᠳᠢ ᠬᠦᠴᠦᠨ ᠨᠢ ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠢᠯᠡᠷᠡᠭᠦᠯᠦᠭᠰᠡᠨ᠎ᠢᠶᠡᠷ ᠪᠠᠷᠠᠬᠤ ᠥᠬᠡᠶ ᠨᠠᠩ ᠴᠤ᠌ ᠲᠡᠭᠦᠨ᠎ᠦ ᠳᠡᠯᠡᠬᠡᠢ ᠳ᠋ᠠᠬᠢᠨ᠎ᠢ ᠪᠠᠭ᠍ᠲᠠᠭᠠᠬᠤ ᠨᠡᠭᠡᠭᠡᠯᠳᠡᠳᠤ ᠬᠡᠪ ᠨᠠᠮᠪᠠ᠎ᠳᠤ ᠪᠠᠢᠳᠠᠭ᠃ 27 ᠵᠢᠯ᠎ᠦᠨ ᠲᠤᠷᠰᠢ᠂ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠦᠨ ᠠᠷᠠᠯᠵᠢᠶᠠᠨ᠎ᠤ ᠴᠤᠭ᠍ᠯᠠᠭᠠᠨ ᠨᠢ ᠬᠠᠮᠤᠭ ᠤ᠋ᠨ ᠠᠩᠬᠠᠨ᠎ᠤ 5 ᠭᠠᠳᠠᠭᠠᠳᠤ ᠤᠯᠤᠰ᠎ᠤᠨ ᠵᠠᠰᠠᠭ᠎ᠤᠨ ᠣᠷᠳᠣᠨ᠎ᠤ ᠪᠦᠯᠬᠦᠮ ᠳᠤᠭᠤᠢᠯᠠᠩ ᠪᠠᠢᠭ᠍ᠰᠠᠨ᠎ᠡᠴᠡ᠎ᠪᠠᠨ ᠣᠳᠣ ᠪᠦᠬᠦ᠌ ᠪᠥᠮᠪᠥᠷᠴᠡᠭ᠎ᠦᠨ 120 ᠭᠠᠷᠤᠶ ᠤᠯᠤᠰ ᠪᠠ ᠭᠠᠵᠠᠷ ᠣᠷᠣᠨ᠎ᠤ ᠨᠡᠷᠡᠲᠦ ᠠᠵᠤ ᠠᠬᠤᠢᠯᠠᠯ ᠵᠢᠴᠢ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠬᠥᠭ᠌ᠵᠢᠵᠡᠶ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠡᠨᠳᠡᠬᠢ ᠤᠯᠤᠰ ᠠᠯᠤᠰᠯᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠮᠣ ᠺᠤᠮᠫᠠᠨᠢ᠂ ᠭᠠᠳᠠᠭᠠᠳᠤ᠎ᠶ᠋ᠢᠨ ᠨᠠᠷᠠᠲᠤ ᠰᠤᠳᠤᠯᠤᠨ ᠨᠡᠭᠡᠭᠡᠬᠦ᠌ ᠪᠠᠢᠭᠤᠯᠤᠮᠵᠢ ᠵᠡᠷᠭᠡ ᠨᠢ ᠲᠡᠷᠢᠭᠦᠨ᠎ᠦ ᠮᠡᠷᠭᠡᠵᠢᠯ ᠪᠠ ᠦᠶ᠋ᠯᠡᠳᠬᠦᠨ᠎ᠢ ᠠᠪᠴᠢᠷᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠳᠤᠮᠳᠠᠳᠤ ᠤᠯᠤᠰ᠎ᠤᠨ ᠵᠠᠬ᠎ᠠ ᠳᠡᠯᠭᠡᠭᠦᠷ ᠪᠠ ᠱᠢᠨ᠎ᠡ᠎ᠶ᠋ᠢ ᠡᠭᠦᠳᠬᠦ᠌ ᠣᠷᠴᠢᠨ ᠨᠥᠬᠥᠴᠡᠯ᠎ᠦᠨ ᠲᠤᠬᠠᠶ ᠨᠤᠳᠠᠯᠠᠯᠳᠠ ᠪᠠ ᠬᠦᠰᠡᠯ ᠡᠷᠡᠮᠡᠯᠵᠡᠯ᠎ᠢ ᠢᠯᠡᠷᠡᠬᠦᠯᠦᠭᠰᠡᠨ ᠪᠠᠢᠨ᠎ᠠ᠃

ᠠᠮᠧᠷᠢᠺᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ Remote ᠡᠨᠡ ᠵᠢᠯ ᠠᠩᠬ᠎ᠠ ᠤᠳᠠᠭ᠎ᠠ ᠳᠤᠮᠳᠠᠳᠤ ᠤᠯᠤᠰ᠎ᠤᠨ ᠤᠯᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ᠎ᠳᠤ ᠢᠷᠠᠵᠤ ᠤᠷᠤᠯᠴᠠᠪᠠ᠃ 2019 ᠣᠨ᠎ᠳᠤ ᠪᠠᠢᠭᠤᠯᠤᠭ᠍ᠳᠠᠭ᠍ᠰᠠᠨ ᠡᠨᠡ ᠬᠦ᠌ ᠠᠵᠤ ᠠᠬᠤᠢᠯᠠᠯ᠎ᠨᠢ ᠪᠥᠬᠥ᠌ ᠪᠥᠮᠪᠥᠷᠴᠡᠭ᠎ᠦᠨ ᠠᠵᠤ ᠠᠬᠤᠢᠯᠠᠯ᠎ᠳᠤ ᠦᠶ᠋ᠯᠡᠴᠢᠯᠡᠭᠡ ᠬᠠᠩᠭᠠᠵᠤ᠂ ᠠᠵᠤ ᠠᠬᠤᠢᠯᠠᠯ᠎ᠢ ᠬᠠᠪᠰᠤᠷᠤᠨ ᠬᠢᠯᠢ᠎ᠶ᠋ᠢᠨ ᠭᠠᠳᠠᠨᠠᠬᠢ ᠭᠤᠤᠯ ᠴᠣᠭ᠍ᠴᠠ ᠪᠠᠢᠭᠤᠯᠤᠬᠳᠠᠭᠠᠳᠤᠶ ᠪᠠᠢᠳᠠᠯ ᠳᠤᠤᠷ᠎ᠠ᠂ ᠤᠯᠤᠰ ᠠᠯᠤᠰᠯᠠᠭ᠍ᠰᠠᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠪᠡ᠃

《ᠪᠢᠳᠡ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠭᠠᠳᠠᠭ᠍ᠰᠢ ᠭᠠᠷᠬᠤ᠎ᠶ᠋ᠢ ᠬᠠᠪᠰᠤᠷᠬᠤ᠎ᠪᠠᠷ ᠴᠢᠷᠮᠠᠢᠵᠤ ᠪᠠᠢᠬᠤ ᠪᠥᠭᠡᠳ ᠭᠠᠳᠠᠭᠠᠳᠤ᠎ᠶ᠋ᠢᠨ ᠠᠵᠤ ᠠᠬᠤᠢᠯᠠᠯ᠎ᠢ ᠣᠷᠣᠭᠤᠯᠤᠨ ᠠᠪᠴᠢᠷᠠᠬᠤ᠎ᠳᠤ ᠬᠦᠴᠦᠨ ᠨᠡᠮᠡᠷᠢᠯᠡᠨ᠎ᠡ》᠃ Remote᠎ᠢ᠋ᠢᠨ ᠶᠡᠬᠡ ᠳᠤᠮᠳᠠᠳᠤ᠎ᠶ᠋ᠢᠨ ᠣᠷᠣᠨ᠎ᠤ ᠬᠠᠷᠢᠭᠤᠴᠠᠯᠭᠠᠲᠠᠨ ᠶᠠᠩ ᠯᠢ ᠯᠢ ᠲᠠᠨᠢᠯᠴᠠᠭᠤᠯᠬᠤ᠎ᠳᠠᠭᠠᠨ᠂ ᠲᠣᠰ ᠲᠠᠪᠴᠠᠩ᠎ᠨᠢ ᠨᠢᠭᠡᠨᠲᠡ ᠪᠥᠬᠥ᠌ ᠳᠡᠯᠡᠬᠡᠶ᠎ᠶ᠋ᠢᠨ 100 ᠱᠢᠬᠠᠮ ᠤᠯᠤᠰ ᠪᠠ ᠭᠠᠵᠠᠷ ᠣᠷᠣᠨ᠎ᠳᠤ ᠱᠢᠭᠤᠳ ᠡᠵᠡᠩᠨᠡᠬᠦ᠌ ᠦᠶ᠋ᠯᠡᠴᠢᠯᠡᠭᠡᠨ᠎ᠦ ᠲᠤᠤᠷ᠎ᠢ ᠪᠠᠢᠭᠤᠯᠪᠠ ᠭᠡᠵᠡᠶ᠃

ᠬᠠᠮᠲᠤᠷᠠᠯᠴᠠᠭᠠᠨ᠎ᠤ ᠲᠠᠪᠴᠠᠩ ᠦᠷᠭᠦᠯᠵᠢᠯᠡᠨ ᠳᠡᠰ ᠳᠡᠪᠱᠢᠪᠡ᠃ ᠳᠤᠮᠳᠠᠳᠤ ᠤᠯᠤᠰ᠎ᠤᠨ ᠤᠯᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ᠎ᠳᠤ 《ᠨᠢᠭᠡ ᠪᠦᠰᠡ ᠨᠢᠭᠡ ᠵᠠᠮ》᠎ᠤ᠋ᠨ ᠲᠤᠰᠭᠠᠶ ᠣᠷᠳᠣᠨ᠂ ᠭᠠᠳᠠᠭᠠᠳᠤ ᠤᠯᠤᠰ᠎ᠤᠨ ᠪᠦᠯᠬᠦᠮ ᠳᠤᠭᠤᠢᠯᠠᠩ᠎ᠤᠨ ᠦᠵᠡᠭᠦᠯᠭᠡ᠎ᠶ᠋ᠢᠨ ᠲᠣᠭᠣᠷᠢᠭ᠂ 3 ᠲᠦᠮᠡ ᠭᠠᠷᠤᠶ ᠲᠤᠰᠭᠠᠶ ᠮᠡᠷᠭᠡᠵᠢᠯ᠎ᠦᠨ ᠬᠤᠳᠠᠯᠳᠤᠨ ᠠᠪᠬᠤ ᠬᠤᠳᠠᠯᠳᠤᠭᠠᠴᠢᠨ᠂ ᠮᠢᠩᠭ᠎ᠠ ᠭᠠᠷᠤᠶ ᠬᠤᠳᠠᠯᠳᠤᠨ ᠠᠪᠬᠤ ᠪᠦᠯᠬᠦᠮ᠂ 200 ᠭᠠᠷᠤᠶ ᠲᠠᠯᠠᠪᠤᠷ ᠠᠵᠢᠯᠯᠠᠭ᠎ᠠ ᠵᠢ ᠲᠤᠬᠢᠷᠠᠭᠤᠯᠵᠤ᠂ ᠰᠣᠯᠢᠯᠴᠠᠭ᠎ᠠ᠎ᠶ᠋ᠢ ᠦᠵᠡᠭᠦᠯᠭᠡ᠎ᠶ᠋ᠢᠨ ᠲᠠᠪᠴᠠᠩ᠎ᠢᠶᠠᠷ ᠵᠣᠭ᠍ᠰᠣᠬᠤ ᠥᠬᠡᠶ᠂ ᠮᠡᠷᠭᠡᠵᠢᠯ᠎ᠢ ᠰᠤᠳᠤᠯᠤᠨ ᠨᠡᠭᠡᠭᠡᠬᠦ᠌᠂ ᠠᠵᠤ ᠦᠶ᠋ᠯᠡᠰ᠎ᠦᠨ ᠬᠡᠷᠡᠭ᠌ᠯᠡᠭᠡᠨ᠎ᠳᠦ ᠨᠠᠩ ᠭᠦᠨᠵᠡᠭᠡᠢᠷᠡᠭᠦᠯᠪᠡ᠃

ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ 《ᠬᠦᠴᠦᠷᠬᠡᠭ ᠶᠡᠬᠡ ᠬᠥᠳᠡᠯᠭᠡᠭᠦᠷ》 ᠪᠤᠯᠪᠠ

ᠬᠣᠷᠢᠨ ᠬᠡᠳᠦᠨ ᠵᠢᠯ᠎ᠦᠨ ᠲᠤᠷᠰᠢ᠂ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ ᠲᠸᠩ ᠱᠢᠶᠦ᠋ᠨ᠂ ᠪᠢ ᠶᠠ ᠳᠢ᠂ ᠵᠢᠨ ᠳ᠋ᠢᠶᠸ ᠵᠡᠷᠭᠡ ᠨᠢᠭᠡ ᠪᠦᠯᠦᠭ ᠨᠠᠷᠠᠲᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠡᠴᠡ ᠲᠠᠪᠠᠵᠤ᠂ 《ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠨᠢᠭᠡᠳᠦᠭᠡᠷ ᠴᠤᠭᠯᠠᠭᠠᠨ》 ᠬᠡᠮᠡᠭ᠌ᠳᠡᠪᠡ᠃

ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ ᠡᠨᠡ ᠵᠢᠯ᠎ᠦᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ ᠨᠢ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠪᠠ ᠪᠡᠯᠡ ᠣᠷᠣᠭᠤᠯᠵᠤ ᠪᠡᠯᠡ ᠬᠤᠷᠠᠮᠳᠤᠭᠤᠯᠬᠤ 1023 ᠲᠦᠷᠦᠯ ᠵᠦᠢᠯ᠎ᠳ᠋ᠤ ᠭᠡᠷ᠎ᠡ ᠲᠣᠭ᠍ᠲᠠᠵᠤ᠂ ᠠᠷᠠᠯᠵᠢᠶ᠎ᠠ ᠪᠦᠲᠦᠭ᠌ᠰᠡᠨ ᠪᠠ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠣᠭᠣᠰ᠎ᠤᠨ ᠬᠡᠮᠵᠢᠶ᠎ᠡ 1700 ᠳ᠋ᠦᠩᠱᠢᠭᠤᠷ ᠲᠥᠭᠥᠷᠢᠭ᠎ᠢ ᠳᠠᠪᠠᠵᠠᠢ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠮᠠᠨᠳᠤᠪᠠᠯ ᠠᠵᠤ ᠦᠢᠯᠡᠰ ᠮᠠᠨᠳᠤᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠦᠴᠦᠷᠬᠡᠭ᠌ᠵᠢᠪᠡᠯ ᠬᠥᠭ᠌ᠵᠢᠯᠲᠡ ᠬᠦᠴᠦᠷᠬᠡᠭ᠌ᠵᠢᠨ᠎ᠡ᠃ ᠡᠷᠲᠡ ᠦᠶ᠎ᠡ᠎ᠶ᠋ᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠣᠭ᠎ᠡᠴᠡ ᠥᠨᠥᠳᠦᠷ᠎ᠦᠨ ᠵᠣᠬᠢᠶᠠᠮᠠᠯ ᠣᠶᠤᠨ ᠴᠢᠳᠠᠪᠤᠷᠢ᠂ ᠮᠠᠱᠢᠨ ᠬᠥᠮᠦᠨ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ ᠵᠡᠷᠭᠡ ᠬᠦᠷᠲᠡᠯ᠎ᠡ᠂ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ᠎ᠨᠢ ᠦᠷᠭᠦᠯᠵᠢᠯᠡᠨ ᠮᠡᠷᠭᠡᠵᠢᠯ᠎ᠦᠨ ᠬᠤᠪᠢᠰᠤᠯᠲᠠ᠎ᠶ᠋ᠢᠨ ᠤᠷᠤᠰᠭᠠᠯ᠎ᠢ ᠬᠥᠲᠥᠯᠥᠨ ᠳᠠᠭᠠᠭᠤᠯᠵᠤ ᠪᠤᠢ᠃

《ᠭᠣᠣᠯᠯᠠᠬᠤ ᠮᠡᠷᠭᠡᠵᠢᠯ᠎ᠦᠨ ᠱᠢᠪᠲᠤᠯᠤᠯᠲᠠ ᠪᠣᠯ ᠱᠢᠨ᠎ᠡ᠎ᠶ᠋ᠢ ᠡᠭᠦᠳᠬᠦ᠌᠎ᠶ᠋ᠢᠨ ᠲᠡᠭᠦᠰᠭᠡᠯ ᠪᠢᠰᠢ᠃ ᠲᠤᠷᠱᠢᠯᠲᠠ᠎ᠶ᠋ᠢᠨ ᠲᠠᠰᠤᠭ᠎ᠤᠨ 〈ᠵᠠᠭ᠍ᠪᠤᠷ〉᠎ᠢ᠋ ᠬᠡᠷᠬᠢᠨ ᠵᠠᠬ᠎ᠠ ᠳᠡᠯᠭᠡᠭᠦᠷ᠎ᠦᠨ 〈ᠬᠦᠭᠵᠢᠶᠡᠨᠲᠦ ᠡᠳ᠋〉 ᠪᠣᠯᠭᠠᠨ ᠬᠤᠪᠢᠷᠠᠭᠤᠯᠬᠤ ᠪᠣᠯ ᠨᠥᠭᠥᠭᠡ ᠨᠢᠭᠡ ᠡᠷᠬᠡᠪᠰᠢ ᠰᠠᠢᠲᠤᠷ ᠬᠠᠷᠢᠭᠤᠯᠬᠤ ᠬᠡᠷᠡᠭ᠌ᠲᠡᠶ ᠱᠢᠯᠭᠠᠯᠲᠠ᠎ᠶ᠋ᠢᠨ ᠬᠠᠭᠤᠳᠠᠰᠤ ᠪᠣᠯᠤᠨ᠎ᠠ》 ᠭᠡᠵᠦ᠍ ᠯᠢ ᠶᠢᠩ ᠠᠮᠢᠳᠤ ᠪᠣᠳᠠᠰ᠎ᠤᠨ ᠺᠤᠮᠫᠠᠨᠢ ᠵᠢ ᠡᠭᠦᠰᠭᠡᠨ ᠪᠠᠢᠭᠤᠯᠤᠭᠴᠢ ᠵᠠᠩ ᠶᠢᠩ ᠬᠡᠯᠡᠪᠡ᠃

ᠡᠨᠳᠡᠬᠢ 《ᠡᠷᠭᠢᠯᠲᠡ》 ᠪᠣᠯ ᠬᠠᠷᠠᠭᠠᠰᠤ ᠵᠢᠨ ᠡᠷᠭᠢᠯᠲᠡ ᠮᠥᠨ᠂ ᠨᠡᠩ ᠴᠤ᠌ ᠵᠠᠭ᠍ᠪᠤᠷ᠎ᠤᠨ ᠡᠷᠭᠢᠯᠲᠡ ᠮᠥᠨ᠃ ᠠᠵᠤ ᠠᠬᠤᠢᠯᠠᠯ ᠨᠢ ᠱᠢᠨ᠎ᠡ᠎ᠶ᠋ᠢ ᠡᠭᠦᠳᠬᠦ᠌᠎ᠶ᠋ᠢᠨ ᠭᠣᠣᠯ ᠴᠣᠭ᠍ᠴᠠ ᠪᠤᠯᠵᠤ᠂ ᠵᠠᠬ᠎ᠠ ᠳᠡᠯᠭᠡᠭᠦᠷ ᠨᠢ ᠰᠤᠳᠤᠯᠤᠨ ᠨᠡᠭᠡᠭᠡᠬᠦ᠌᠎ᠶ᠋ᠢᠨ ᠵᠠᠮᠴᠢ ᠪᠤᠯᠵᠤ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠭᠡ᠎ᠶ᠋ᠢ ᠨᠢᠭ᠍ᠲᠠ ᠤᠶᠠᠯᠳᠤᠭᠤᠯᠵᠤ᠂ ᠨᠢᠭ᠍ᠲᠠᠷᠠᠨ ᠪᠦᠯᠬᠦᠮᠳᠡᠵᠦ᠍᠂ ᠬᠠᠮᠲᠤ ᠪᠠᠷ ᠨᠢᠬᠡ ᠶᠡᠬᠡ ᠬᠥᠯᠭᠡ ᠱᠢᠳᠠᠷ᠎ᠠ᠎ᠶ᠋ᠢ ᠰᠠᠢᠲᠤᠷ ᠲᠠᠯᠪᠢᠪᠠ᠃

ᠳᠤᠮᠳᠠᠳᠤ ᠤᠯᠤᠰ᠎ᠤᠨ ᠤᠯᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ᠎ᠢ ᠡᠷᠭᠢᠯᠡᠭ᠌ᠰᠡᠨ ᠭᠠᠵᠠᠷ ᠪᠦᠦ ᠠᠨ ᠲᠣᠭᠣᠷᠢᠭ᠎ᠢᠶᠠᠷ ᠵᠢᠱ᠌ᠢᠶᠡᠯᠡᠪᠡᠯ᠂ ᠪᠥᠬᠥ᠌ ᠲᠤᠭᠤᠷᠢᠭ᠎ᠲᠤ ᠨᠢᠭᠡᠨᠲᠡ ᠮᠢᠩᠭᠠᠨ ᠳ᠋ᠦᠩᠱᠢᠭᠤᠷ ᠲᠠᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠪᠦᠯᠦᠭᠵᠢᠯ 5᠂ ᠲᠠᠪᠤᠨ ᠵᠠᠭᠤᠨ ᠳ᠋ᠦᠩᠱᠢᠭᠤᠷ ᠲᠠᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠪᠦᠯᠦᠭᠵᠢᠯ 9᠂ ᠵᠠᠭᠤᠨ ᠳ᠋ᠦᠩᠱᠢᠭᠤᠷ ᠳᠡᠰ᠎ᠡᠴᠡ ᠳᠡᠭᠡᠭ᠌ᠰᠢᠬᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠪᠦᠯᠦᠭᠵᠢᠯ 17᠎ᠵᠢ ᠪᠠᠢᠭᠤᠯᠵᠤ᠂ 2024 ᠣᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠪᠦᠯᠦᠭᠵᠢᠯ᠎ᠤᠨ ᠦᠶ᠋ᠯᠡᠳᠬᠦᠨ᠎ᠦ ᠥᠷᠲᠡᠭ 11750.7 ᠳ᠋ᠦᠩᠱᠢᠭᠤᠷ ᠲᠥᠭᠥᠷᠢᠭ᠎ᠲᠦ ᠬᠦᠷᠴᠡᠶ᠃

ᠮᠡᠷᠭᠡᠵᠢᠯ᠎ᠦᠨ ᠱᠢᠪᠲᠤᠯᠤᠯᠲᠠ᠎ᠡᠴᠡ ᠡᠬᠢᠯᠡᠵᠦ᠍᠂ ᠠᠵᠤ ᠦᠶ᠋ᠯᠡᠰ᠎ᠦᠨ ᠬᠤᠪᠢᠰᠤᠯᠲᠠ᠎ᠶ᠋ᠢ ᠵᠠᠯᠭᠠᠮᠵᠢᠯᠠᠵᠤ᠂ ᠭᠦᠨᠵᠡᠭᠡᠶ ᠠᠭᠤᠰᠤᠯᠴᠠᠯ ᠲᠡᠢᠰᠢ ᠬᠤᠪᠢᠷᠠᠭᠤᠯᠵᠤ᠂ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠳᠤ ᠵᠣᠬᠢᠴᠠᠭᠤᠯᠤᠨ᠎ᠠ᠃ ᠳᠤᠮᠳᠠᠳᠤ ᠤᠯᠤᠰ᠎ᠤᠨ ᠬᠣᠲᠠ᠎ᠶ᠋ᠢᠨ ᠠᠵᠤ ᠠᠬᠤᠶ᠎ᠶ᠋ᠢᠨ ᠲᠤᠰᠭᠠᠶ ᠮᠡᠷᠭᠡᠵᠢᠯᠲᠡᠨ᠎ᠦ ᠵᠥᠪᠯᠡᠯ᠎ᠦᠨ ᠳᠡᠳ᠋ ᠡᠷᠬᠢᠯᠡᠭ᠌ᠴᠢ ᠰᠥᠩ ᠳ᠋ᠢᠩ᠄《ᠳᠤᠮᠳᠠᠳᠤ ᠤᠯᠤᠰ᠎ᠤᠨ ᠤᠯᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠦᠷ᠎ᠡ ᠪᠦᠲᠦᠭᠡᠯ᠎ᠤᠨ ᠠᠷᠠᠯᠵᠢᠶᠠᠨ᠎ᠤ ᠴᠤᠭ᠍ᠯᠠᠭᠠᠨ ᠭᠡᠬᠦ᠌ ᠡᠨᠡ ᠬᠦ᠌ 〈ᠬᠦᠴᠦᠷᠬᠡᠭ ᠶᠡᠬᠡ ᠬᠥᠳᠡᠯᠭᠡᠭᠦᠷ〉 ᠨᠢ ᠶᠠᠭ ᠦᠷᠭᠦᠯᠵᠢᠯᠡᠨ ᠪᠠᠳᠠᠷᠠᠵᠤ ᠪᠠᠢᠭ᠎ᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠲᠣᠮᠣ ᠬᠥᠯᠭᠡ ᠣᠩᠭᠣᠴᠠ᠎ᠶ᠋ᠢ ᠳᠠᠪᠠᠯᠭᠠᠨ᠎ᠢ ᠰᠦᠷᠦᠨ ᠤᠷᠤᠭ᠍ᠰᠢᠯᠠᠭᠤᠯᠵᠤ ᠪᠠᠢᠨ᠎ᠠ》 ᠬᠡᠵᠡᠶ᠃

(ᠱᠢᠨᠬᠤᠸᠠ ᠬᠣᠷᠢᠶ᠎ᠠ᠎ᠶᠢᠨ ᠱᠧᠨᠵᠧᠨ᠎ᠦ 11 ᠰᠠᠷ᠎ᠠ᠎ᠶ᠋ᠢᠨ 24 ᠎ᠤ᠋ ᠴᠠᠬᠢᠯᠭᠠᠨ ᠮᠡᠳᠡᠭᠡ᠎ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号