ᠱᠢᠨᠬᠤᠸᠠ ᠬᠣᠷᠢᠶ᠎ᠠ᠎ᠶᠢᠨ ᠤᠯᠤᠰ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ 21᠎ᠤ᠋ ᠡᠳᠦᠷ ᠪᠥᠬᠥ᠌ ᠳᠡᠯᠡᠬᠡᠶ᠎ᠳᠦ 《ᠱᠢᠨ᠎ᠡ ᠴᠠᠭ ᠦᠶ᠎ᠡ᠎ᠶ᠋ᠢᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠤᠬᠠᠭᠠᠨ》 ᠭᠡᠬᠦ᠌ ᠨᠣᠮ᠎ᠤᠨ ᠬᠢᠲᠠᠳ ᠠᠨᠭ᠌ᠭ᠌ᠯᠢ ᠬᠡᠯᠡᠨ᠎ᠦ ᠣᠶᠤᠨ᠎ᠤ ᠬᠥᠮᠥᠷᠭᠡ᠎ᠶ᠋ᠢᠨ ᠮᠡᠳᠡᠭᠦᠯᠦᠯᠲᠡ᠎ᠶ᠋ᠢ ᠨᠡᠢᠲᠡᠯᠡᠪᠡ᠃ ᠮᠡᠳᠡᠭᠦᠯᠦᠯᠲᠡ᠎ᠳᠦ᠂ ᠱᠢᠶᠠᠨ᠎ᠤ ᠬᠡᠪᠴᠢᠶ᠎ᠡ ᠮᠠᠨᠳᠤᠪᠠᠯ ᠬᠣᠲᠠ᠎ᠶ᠋ᠢᠨ ᠬᠡᠪᠴᠢᠶ᠎ᠡ ᠠᠮᠢᠵᠢᠷᠠᠯ᠎ᠤᠨ ᠬᠦᠴᠦᠨ ᠲᠠᠢ᠂ ᠮᠤᠵᠢ᠎ᠶ᠋ᠢᠨ ᠬᠡᠪᠴᠢᠶ᠎ᠡ ᠪᠠᠶᠠᠨ᠂ ᠤᠯᠤᠰ ᠬᠦᠴᠦᠷᠬᠡᠭ ᠪᠣᠯᠤᠨ᠎ᠠ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠤᠯᠤᠰ ᠠᠷᠠᠳ᠎ᠤᠨ ᠠᠵᠤ ᠠᠬᠤᠶ᠎ᠶ᠋ᠢᠨ ᠦᠨᠳᠦᠰᠦᠨ ᠨᠢᠭᠡᠴᠢ ᠪᠣᠯᠤᠭ᠍ᠰᠠᠨ᠎ᠤ ᠬᠤᠪᠢ᠎ᠳᠤ᠂ ᠱᠢᠶᠠᠨ᠎ᠤ ᠬᠡᠪᠴᠢᠶᠡᠨ᠎ᠦ ᠠᠵᠤ ᠠᠬᠤᠶ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠬᠣᠲᠠ ᠬᠥᠳᠡᠭᠡ᠎ᠶ᠋ᠢᠨ ᠠᠭᠤᠰᠤᠯᠴᠠᠯ᠎ᠢ ᠠᠬᠢᠭᠤᠯᠬᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠴᠢᠬᠤᠯᠠ ᠬᠦᠴᠦᠨ ᠮᠥᠨ᠃
ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2024 ᠣᠨ ᠪᠣᠯᠲᠠᠯ᠎ᠠ᠂ ᠪᠥᠬᠥ᠌ ᠤᠯᠤᠰ᠎ᠤᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠨᠢᠭᠡᠨᠲᠡ 54 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠤᠯᠤᠰ᠎ᠤᠨ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠨᠭᠬᠡᠢ ᠥᠷᠲᠡᠭᠲᠦ ᠡᠵᠡᠯᠡᠬᠦ᠌ ᠬᠤᠪᠢ᠎ᠶ᠋ᠢᠨ ᠵᠢᠩ᠎ᠨᠢ 40% ᠱᠢᠬᠠᠮ᠎ᠳᠤ ᠬᠦᠷᠴᠦ᠍᠂ 《ᠮᠢᠩᠭᠠᠨ ᠳ᠋ᠦᠩᠱᠢᠭᠤᠷ ᠲᠡᠰ᠎ᠤᠨ ᠱᠢᠶᠠᠨ》 ᠨᠢ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠥᠷᠭᠡᠨ ᠠᠭᠤᠳᠠᠮ ᠭᠠᠵᠠᠷ ᠨᠤᠳᠤᠭ᠎ᠢ ᠣᠳᠣᠨ ᠮᠡᠴᠢᠳ ᠮᠡᠲᠦ ᠭᠡᠷᠡᠯᠲᠦᠭᠦᠯᠵᠦ᠍᠂ ᠴᠣᠭ ᠪᠠᠳᠠᠷᠠᠩᠭᠤᠶ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠪᠡ᠃
ᠱᠢᠶᠠᠨ᠎ᠤ ᠬᠡᠪᠴᠢᠶᠡᠨ᠎ᠦ ᠠᠵᠤ ᠠᠬᠤᠶ ᠪᠣᠯ ᠳᠤᠮᠳᠠᠳᠤ ᠤᠯᠤᠰ᠎ᠤᠨ ᠠᠵᠤ ᠠᠬᠤᠶ᠎ᠶ᠋ᠢᠨ 《ᠬᠤᠮᠠᠬᠢ ᠰᠠᠭᠤᠷᠢ》 ᠮᠥᠨ᠃ ᠲᠡᠷᠡ᠎ᠨᠢ ᠳᠤᠮᠳᠠᠳᠤ ᠤᠯᠤᠰ᠎ᠤᠨ ᠬᠠᠭᠠᠰ᠎ᠡᠴᠡ ᠳᠡᠭᠡᠭ᠌ᠰᠢᠬᠢ ᠬᠥᠮᠦᠨ ᠠᠮᠠ᠎ᠶ᠋ᠢᠨ ᠠᠵᠢᠯ ᠣᠯᠭᠣᠯᠲᠠ ᠪᠠ ᠠᠮᠢᠳᠤᠷᠠᠯ᠎ᠤᠨ ᠶᠠᠰᠤ ᠴᠢᠨᠠᠷ᠎ᠤᠨ ᠳᠡᠭᠡᠭ᠌ᠰᠢᠯᠡᠯᠲᠡ᠎ᠳᠦ ᠰᠠᠭᠤᠷᠢ ᠪᠠ ᠪᠠᠲᠤᠯᠠᠭ᠎ᠠ ᠬᠠᠩᠭᠠᠬᠤ᠎ᠶ᠋ᠢᠨ ᠬᠠᠮᠲᠤ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠣᠷᠴᠢᠯ᠎ᠢ ᠱᠢᠯᠤᠭᠤᠳᠭᠠᠬᠤ ᠵᠡᠷᠭᠡ ᠴᠢᠬᠤᠯᠠ ᠬᠣᠷᠸ᠎ᠠ ᠠᠵᠤ ᠠᠬᠤᠶ᠎ᠶ᠋ᠢᠨ ᠡᠭᠦᠷᠭᠡ ᠴᠢᠳᠠᠪᠬᠢ᠎ᠶ᠋ᠢ ᠡᠭᠦᠷᠭᠡᠯᠡᠵᠦ᠍᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠥᠳᠡᠯᠭᠡᠭᠦᠷ ᠪᠣᠯᠤᠨ᠎ᠠ᠃ ᠺᠦᠨᠱᠠᠨ ᠬᠣᠲᠠ᠂ ᠵᠢᠶᠠᠩ ᠶᠢᠨ ᠬᠣᠲᠠ᠂ ᠵᠠᠩ ᠵᠢᠶᠠ ᠭᠠᠩ ᠬᠣᠲᠠ᠂ ᠵᠢᠨᠵᠢᠶᠠᠩ ᠬᠣᠲᠠ᠂ ᠼᠢᠰᠢ ᠬᠣᠲᠠ᠂ ᠴᠠᠩ ᠱᠠ ᠱᠢᠶᠠᠨ᠂ ᠢ ᠦ᠋ ᠬᠣᠲᠠ ᠵᠡᠷᠬᠡ 7 《ᠬᠡᠲᠦ ᠬᠦᠴᠦᠷᠬᠡᠭ ᠱᠢᠶᠠᠨ》᠎ᠤ᠋ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠴᠥᠮ 2000 ᠳ᠋ᠦᠩᠱᠢᠭᠤᠷ ᠲᠥᠭᠥᠷᠢᠭ᠎ᠢ ᠳᠠᠪᠠᠪᠠ᠃ ᠨᠢᠬᠡ ᠨᠢᠬᠡ ᠪᠡᠷ᠎ᠢᠶᠡᠨ ᠴᠦᠮ ᠠᠮᠢᠵᠢᠷᠠᠯ᠎ᠤᠨ ᠬᠦᠴᠦᠨ ᠪᠢᠯᠬᠠᠬᠰᠠᠨ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠴᠣᠭ᠍ᠴᠠᠰ ᠨᠢ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠬᠦᠴᠦᠷᠬᠡᠭ ᠶᠡᠬᠡ ᠰᠠᠭᠤᠷᠢ᠎ᠶ᠋ᠢ ᠬᠠᠮᠲᠤ᠎ᠪᠠᠷ ᠴᠣᠭ᠍ᠴᠠᠯᠠᠪᠠ᠃
ᠱᠢᠶᠠᠨ᠎ᠤ ᠬᠡᠪᠴᠢᠶ᠎ᠡ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠱᠢᠮᠡᠳᠦ ᠬᠥᠷᠥᠰᠥ᠍ ᠮᠥᠨ᠃ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠰᠠᠭᠤᠷᠢᠨ᠎ᠢ ᠱᠢᠶᠠᠨ᠎ᠤ ᠬᠡᠪᠴᠢᠶᠡᠨ᠎ᠳᠦ ᠪᠠᠢᠵᠤ᠂ ᠠᠮᠢᠵᠢᠷᠠᠯ᠎ᠤᠨ ᠬᠦᠴᠦᠨ᠎ᠨᠢ ᠱᠢᠶᠠᠨ᠎ᠤ ᠬᠡᠪᠴᠢᠶᠡᠨ᠎ᠳᠦ ᠪᠠᠢᠨ᠎ᠠ᠃ ᠣᠢᠷ᠎ᠠ᠎ᠶ᠋ᠢᠨ ᠵᠢᠯ᠎ᠦᠨ ᠲᠤᠷᠰᠢ᠂ ᠱᠢᠶᠠᠨ᠎ᠤ ᠬᠡᠪᠴᠢᠶᠡᠨ᠎ᠳᠦ ᠨᠤᠲᠤᠭ᠍ᠰᠢᠭ᠍ᠰᠠᠨ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠦᠷᠭᠦᠯᠵᠢᠯᠡᠨ ᠨᠡᠮᠡᠭ᠌ᠳᠡᠵᠦ᠍᠂ ᠱᠢᠶᠠᠨ᠎ᠤ ᠬᠡᠪᠴᠢᠶᠡᠨ᠎ᠦ ᠠᠵᠤ ᠦᠶ᠋ᠯᠡᠰ᠎ᠦᠨ ᠪᠦᠲᠦᠴᠡ ᠠᠯᠬᠤᠮ ᠠᠯᠬᠤᠮ᠎ᠢᠶᠠᠷ ᠱᠢᠯᠢᠳᠡᠭ᠌ᠵᠢᠵᠦ᠍᠂ ᠳᠣᠲᠣᠭᠠᠳᠤ ᠬᠥᠳᠡᠯᠭᠡᠬᠦ᠌ ᠬᠦᠴᠦᠨ᠎ᠨᠢ ᠲᠠᠰᠤᠷᠠᠯᠲᠠ ᠥᠬᠡᠶ ᠴᠢᠩᠭᠠᠷᠠᠪᠠ᠃ ᠵᠧᠵᠢᠶᠠᠩ᠎ᠤᠨ ᠯᠧ ᠴᠢᠩ᠎ᠦᠨ ᠴᠠᠬᠢᠯᠭᠠᠨ᠎ᠤ ᠠᠵᠤ ᠦᠶ᠋ᠯᠡᠰ ᠤᠶᠤᠨᠴᠢᠯᠠᠭ᠍ᠰᠠᠨ ᠥᠭᠡᠷᠡᠴᠢᠯᠡᠯᠲᠡ᠎ᠪᠡᠷ ᠧᠦ᠋ᠷᠣᠫᠠ ᠠᠮᠧᠷᠢᠺᠠ᠎ᠶ᠋ᠢᠨ ᠳᠡᠭᠡᠳᠦ ᠲᠠᠰ᠎ᠤᠨ ᠵᠠᠬ᠎ᠠ ᠳᠡᠯᠭᠡᠭᠦᠷ᠎ᠲᠦ ᠣᠷᠣᠵᠠᠶ; ᠵᠢᠶᠠᠩᠰᠦ᠎ᠶ᠋ᠢᠨ ᠺᠦᠨᠱᠠᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠬᠥᠭ᠌ᠵᠢᠭᠦᠯᠵᠦ᠍᠂ 《2 + 6 + X》 ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢ ᠪᠠᠢᠭᠤᠯᠪᠠ ᠁ ᠱᠢᠶᠠᠨ᠎ᠤ ᠬᠡᠪᠴᠢᠶᠡᠨ᠎ᠦ ᠠᠵᠤ ᠠᠬᠤᠢ ᠨᠢ ᠶᠠᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠣᠯᠤᠭ᠍ᠰᠠᠨ᠎ᠢ ᠦᠢᠯᠡᠳᠦᠯᠭᠡ ᠬᠠᠷᠠᠭᠤᠯᠵᠤ ᠪᠠᠢᠨ᠎ᠠ᠃
ᠱᠢᠶᠠᠨ᠎ᠤ ᠬᠡᠪᠴᠢᠶ᠎ᠡ ᠪᠣᠯ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠵᠠᠩᠭᠢᠯᠠᠭ᠎ᠠ᠎ᠶ᠋ᠢᠨ ᠬᠣᠯᠪᠣᠭᠠᠰᠤ ᠮᠥᠨ᠃ ᠬᠣᠲᠠ ᠬᠥᠳᠡᠭᠡ᠎ᠶ᠋ᠢ ᠬᠣᠯᠪᠣᠬᠤ ᠬᠥᠭᠥᠷᠭᠡ ᠪᠣᠯᠤᠭ᠍ᠰᠠᠨ᠎ᠤ ᠬᠤᠪᠢ᠎ᠳᠤ᠂ ᠱᠢᠶᠠᠨ᠎ᠤ ᠬᠡᠪᠴᠢᠶ᠎ᠡ ᠨᠢ ᠬᠣᠲᠠ ᠬᠥᠳᠡᠭᠡ᠎ᠶ᠋ᠢᠨ ᠴᠢᠬᠤᠯᠠ ᠬᠦᠴᠦᠨ ᠵᠦᠶ᠋ᠯ᠎ᠦᠨ ᠬᠤᠤᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠬᠤ ᠳᠤᠮᠳᠠ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ᠍ ᠪᠠᠢᠨ᠎ᠠ᠃ ᠰᠸᠴᠤᠸᠠᠨ᠎ᠤ ᠫᠦᠵᠢᠶᠠᠩ ᠠᠮᠢ ᠠᠬᠤᠢ᠎ᠶ᠋ᠢᠨ 《ᠭᠤᠶᠤ ᠳᠦᠷᠢ ᠳᠦᠷᠬᠦ》 ᠪᠡᠨ ᠠᠵᠤ ᠠᠬᠤᠢ᠎ᠶ᠋ᠢᠨ 《ᠥᠨᠳᠥᠷ ᠦᠷᠳᠡᠭ》 ᠪᠣᠯᠭᠠᠨ ᠬᠤᠪᠢᠷᠠᠭᠤᠯᠪᠠ; ᠱᠠᠨᠳᠦ᠋ᠩ ᠮᠤᠵᠢ᠎ᠶ᠋ᠢᠨ ᠼᠤᠤ ᠱᠢᠶᠠᠨ ᠡᠯᠧᠺᠲ᠋ᠷᠣᠨ ᠬᠤᠳᠠᠯᠳᠤᠭᠠᠨ᠎ᠤ ᠠᠵᠤ ᠦᠶ᠋ᠯᠡᠰ᠎ᠢᠶᠡᠷ ᠳᠠᠮᠵᠢᠨ ᠦᠯᠡᠮᠵᠢ ᠣᠯᠠᠨ ᠴᠢᠳᠠᠪᠤᠷᠢᠲᠠᠨ᠎ᠢ ᠲᠠᠲᠠᠵᠤ ᠨᠤᠲᠤᠭ᠎ᠲᠠᠭᠠᠨ ᠪᠤᠴᠠᠵᠤ ᠦᠶ᠋ᠯᠡᠰ ᠪᠤᠰᠬᠠᠬᠤ ᠵᠢ ᠠᠬᠢᠭᠤᠯᠪᠠ ᠁ ᠱᠢᠶᠠᠨ᠎ᠤ ᠬᠡᠪᠴᠢᠶᠡᠨ᠎ᠦ ᠠᠵᠤ ᠠᠬᠤᠶ᠎ᠪᠠᠷ ᠲᠦᠱᠢᠭ ᠪᠣᠯᠭᠠᠨ᠂ ᠬᠣᠲᠠ ᠬᠥᠳᠡᠭᠡ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠨᠡᠢᠳᠭᠡᠬᠦ᠌ ᠪᠠ ᠱᠢᠯᠢᠳᠡᠭ᠌ᠵᠢᠭᠦᠯᠵᠦ᠍᠂ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠤᠨ᠂ ᠬᠣᠲᠠ ᠬᠥᠳᠡᠭᠡ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠨᠢ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠳᠦ ᠠᠱᠢᠭ᠍ᠲᠠᠶ ᠣᠷᠴᠢᠨ ᠨᠥᠬᠥᠴᠡᠯ᠎ᠢ ᠪᠣᠶ ᠪᠣᠯᠭᠠᠵᠤ ᠥᠭ᠌ᠬᠦ ᠪᠣᠯᠤᠨ᠎ᠠ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠱᠢᠶᠠᠨ᠎ᠤ ᠬᠡᠪᠴᠢᠶᠡᠨ᠎ᠦ ᠬᠥᠭ᠌ᠵᠢᠯᠲᠡ ᠲᠡᠦᠬᠡ᠎ᠶ᠋ᠢᠨ ᠱᠢᠨ᠎ᠡ ᠠᠵᠠ ᠲᠣᠬᠢᠶᠠᠯ᠎ᠢ ᠤᠭ᠍ᠲᠤᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ 《ᠲᠣᠰ ᠲᠣᠰ᠎ᠤᠨ ᠣᠨᠴᠠᠯᠢᠭ᠎ᠲᠠᠶ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢ ᠬᠥᠭ᠌ᠵᠢᠭᠦᠯᠦᠨ᠎ᠡ》 ᠭᠡᠵᠦ᠍ ᠳᠤᠷᠠᠳᠴᠤ᠌᠂ ᠱᠢᠶᠠᠨ᠎ᠤ ᠬᠡᠪᠴᠢᠶᠡᠨ᠎ᠦ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠴᠢᠭ᠌ᠯᠡᠯ᠎ᠢ ᠵᠢᠭᠠᠵᠤ ᠥᠭ᠌ᠴᠡᠶ᠃ ᠬᠥᠮᠦᠨ᠎ᠢᠶᠡᠷ ᠦᠨᠳᠦᠰᠦ ᠪᠣᠯᠭᠠᠬᠤ᠂ ᠤᠯᠠᠨ ᠡᠰᠢ᠎ᠪᠡᠷ ᠬᠠᠮᠵᠢᠯᠴᠠᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠬᠤ᠂ ᠬᠥᠭ᠌ᠵᠢᠯᠲᠡ᠎ᠶ᠋ᠢᠨ ᠳᠤᠮᠳᠠ ᠱᠢᠨ᠎ᠡ᠎ᠶ᠋ᠢ ᠡᠭᠦᠳᠬᠦ᠌᠂ ᠥᠷᠨᠢᠩᠭᠦᠢ ᠬᠥᠭ᠌ᠵᠢᠬᠦ᠌ ᠱᠢᠶᠠᠨ᠎ᠤ ᠬᠡᠪᠴᠢᠶᠡᠨ᠎ᠦ ᠠᠵᠤ ᠠᠬᠤᠢ ᠨᠢ ᠳᠤᠮᠳᠠᠳᠤ ᠤᠯᠤᠰ᠎ᠤᠨ ᠵᠠᠰᠠᠯᠲᠠ᠎ᠶ᠋ᠢᠨ ᠰᠦᠷᠯᠢᠭ ᠰᠠᠢᠬᠠᠨ ᠵᠢᠷᠤᠭ ᠲᠥᠰᠦᠪ᠎ᠢ ᠵᠢᠷᠤᠭ᠍ᠯᠠᠵᠤ᠂ ᠨᠡᠩ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠲᠤᠯᠭᠠᠭᠤᠷᠢᠯᠠᠯ ᠪᠠ ᠠᠮᠢᠵᠢᠷᠠᠯ᠎ᠤᠨ ᠬᠦᠴᠦᠨ᠎ᠦ ᠡᠬᠢ ᠰᠤᠷᠪᠤᠯᠵᠢ ᠪᠣᠯᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠤ᠋ᠨ ᠴᠠᠬᠢᠯᠭᠠᠨ ᠮᠡᠳᠡᠭᠡ)