ᠬᠦᠬᠡᠬᠤᠲᠠ ᠶ᠋ᠢᠨ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠬᠦᠬᠡᠬᠤᠲᠠ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠲᠤᠯᠠᠵᠤ ᠲᠸᠭᠨᠢᠭ ᠮᠡᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ》ᠪᠠᠢᠯᠳᠤᠬᠤ ᠪᠤᠳᠤᠯᠭ᠎ᠠ ᠵᠢ ᠭᠦᠨᠵᠡᠭᠡᠢ ᠨᠠᠢᠳᠠᠪᠤᠷᠢᠵᠢᠭᠤᠯᠵᠤ᠂ ᠲᠠᠷᠢᠶᠠᠯᠠᠡᠭ ᠤ᠋ᠨ ᠰᠠᠭᠤᠷᠢ ᠲᠦᠬᠦᠭᠡᠷᠦᠮᠵᠢ ᠪᠠᠨ ᠤᠯᠠᠮ ᠴᠢᠨᠠᠭᠰᠢᠲᠠ ᠲᠡᠭᠦᠯᠳᠡᠷᠵᠢᠭᠦᠯᠤᠨ᠂ ᠲᠠᠷᠢᠶᠠᠯᠠᠡᠭ ᠤ᠋ᠨ ᠶᠡᠷᠦᠡᠭᠬᠡᠢᠯᠡᠭᠰᠡᠨ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠶ᠋ᠢᠨ ᠲᠤᠰᠠᠲᠠ᠂ 11 ᠰᠠᠷ᠎ᠠ ᠶ᠋ᠢᠨ 19 ᠤ᠋ ᠡᠳᠦᠷ ᠡᠴᠡ ᠡᠨᠡ ᠡᠪᠦᠯ ᠵᠢᠴᠢ ᠢᠷᠡᠬᠦ ᠬᠠᠪᠤᠷ ᠤ᠋ᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠠᠵᠢᠯ ᠶ᠋ᠢᠡᠨ ᠪᠦᠬᠦ ᠲᠠᠯ᠎ᠠ ᠪᠡᠷ ᠡᠬᠢᠯᠡᠭᠦᠯᠪᠡ᠃
ᠤᠢᠷ᠎ᠠ ᠳ᠋ᠦ ᠲᠠᠷᠢᠶᠠᠯᠠᠡᠭ ᠤ᠋ᠨ ᠲᠤᠰᠬᠠᠢ ᠮᠡᠷᠭᠡᠵᠢᠯᠲᠡᠨ ᠤ᠋ ᠪᠦᠯᠬᠦᠮ ᠤ᠋ᠨ ᠬᠢᠨ ᠲᠤᠭᠲᠠᠬᠤ ᠰᠢᠶᠠᠨ ᠤ᠋ ᠭᠦ ᠴᠸᠡᠭ ᠪᠠᠯᠭᠠᠰᠤ ᠵᠢᠨ ᠶᠦᠡᠭ ᠱᠸᠡᠭ ᠢᠦᠢ ᠲᠤᠰᠬᠤᠨ᠂ ᠳᠠᠪᠢᠨ ᠭᠡᠷ ᠪᠠᠯᠭᠠᠰᠤ ᠶ᠋ᠢᠨ ᠬᠤᠢᠲᠤ ᠶᠡᠬᠡ ᠵᠤᠤ ᠲᠤᠰᠬᠤᠨ ᠤ᠋ 2025 ᠤᠨ ᠤ᠋ ᠲᠦᠷᠦᠯ ᠵᠦᠢᠯ ᠤ᠋ᠨ ᠲᠦᠪᠯᠡᠷᠡᠨ ᠵᠠᠯᠭᠠᠯᠳᠤᠭᠰᠠᠨ ᠪᠦᠲᠦᠭᠡᠨ ᠪᠠᠢᠭᠤᠯᠤᠯᠲᠠ ᠶ᠋ᠢᠨ ᠵᠠᠭᠪᠤᠷ᠂ ᠬᠦᠬᠡᠬᠤᠲᠠ ᠶ᠋ᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠶᠡᠷᠦᠡᠭᠬᠡᠢ ᠠᠬᠢᠴᠠ ᠶ᠋ᠢᠨ ᠪᠠᠢᠳᠠᠯ᠂ 2025 ᠤᠨ ᠤ᠋ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠮᠵᠢ᠂ 2026 ᠤᠨ ᠤ᠋ ᠲᠦᠷᠦᠯ ᠵᠦᠢᠯ ᠤ᠋ᠨ ᠰᠡᠳᠬᠢᠮᠵᠢ ᠵᠢᠴᠢ ᠲᠦᠮᠡᠳ ᠵᠡᠭᠦᠨ ᠬᠤᠰᠢᠭᠤ᠂ ᠲᠤᠭᠲᠠᠬᠤ ᠰᠢᠶᠠᠨ᠂ ᠢᠦᠢᠴᠢᠤᠸᠠᠨ ᠲᠤᠭᠤᠷᠢᠭ ᠤ᠋ᠨ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢᠨ ᠨᠡᠢᠲᠡᠯᠢᠭ ᠲᠤᠷᠰᠢᠯᠭ᠎ᠠ ᠠᠷᠭ᠎ᠠ ᠬᠢᠳᠠᠯ ᠢ᠋ ᠲᠤᠬᠠᠢ ᠶ᠋ᠢᠨ ᠲᠠᠯᠠᠪᠠᠢ ᠶ᠋ᠢᠨ ᠪᠠᠢᠴᠠᠭᠠᠯᠲᠠ ᠪᠡᠷ ᠳᠠᠮᠵᠢᠨ ᠨᠠᠷᠢᠨ ᠤᠢᠯᠠᠭᠠᠪᠠ᠃
ᠬᠦᠬᠡᠬᠤᠲᠠ ᠡᠨᠡ ᠡᠪᠤᠯ ᠤ᠋ᠨ ᠪᠦᠲᠦᠭᠡᠨ ᠪᠠᠢᠭᠤᠯᠤᠯᠲᠠ ᠪᠡᠷ ᠳᠠᠮᠵᠢᠨ ᠤᠨ ᠤ᠋ ᠡᠭᠦᠷᠭᠡ ᠪᠠᠨ ᠲᠤᠭ᠎ᠠ ᠶᠤᠰᠤᠭᠠᠷ ᠴᠢᠨᠠᠷ ᠰᠠᠢᠲᠠᠢ ᠪᠡᠶᠡᠯᠡᠭᠦᠯᠵᠦ᠂ ᠲᠠᠷᠢᠶᠠᠯᠠᠡᠭ ᠤ᠋ᠨ ᠬᠡᠪᠴᠢᠶᠡᠵᠢᠭᠰᠡᠨ ᠡᠵᠡᠡᠭᠨᠡᠯᠲᠡ ᠶ᠋ᠢᠨ ᠲᠦᠪᠰᠢᠨ ᠢ᠋ ᠳᠡᠭᠡᠭᠰᠢᠯᠡᠭᠦᠯᠦᠨ᠂ ᠲᠠᠷᠢᠶᠠᠯᠠᠡᠭ ᠤ᠋ᠨ ᠭᠠᠮᠰᠢᠭ ᠢ᠋ ᠰᠡᠷᠭᠡᠢᠯᠡᠵᠦ ᠭᠠᠮᠰᠢᠭ ᠢ᠋ ᠪᠠᠭᠠᠰᠬᠠᠬᠤ ᠴᠢᠳᠠᠪᠤᠷᠢ ᠵᠢ ᠨᠡᠮᠡᠭᠳᠡᠭᠦᠯᠵᠦ᠂ ᠲᠠᠷᠢᠶᠠᠯᠠᠡᠭ ᠦᠢᠯᠡᠳᠪᠦᠷᠢᠯᠡᠯ ᠤ᠋ᠨ ᠨᠦᠬᠦᠴᠡᠯ ᠢ᠋ ᠪᠦᠬᠦ ᠲᠠᠯ᠎ᠠ ᠪᠡᠷ ᠳᠡᠰ ᠳᠡᠪᠰᠢᠭᠦᠯᠵᠦ᠂ ᠲᠠᠷᠢᠶᠠᠯᠠᠡᠭ ᠤ᠋ᠨ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠤᠢᠵᠢᠭᠤᠯᠬᠤ ᠪᠠ ᠡᠵᠡᠡᠭᠨᠡᠯᠲᠡ ᠶ᠋ᠢᠨ ᠰᠢᠰᠲᠸᠮ ᠢ᠋ ᠰᠢᠯᠢᠳᠡᠭᠵᠢᠭᠦᠯᠬᠦ ᠵᠢ ᠠᠬᠢᠭᠤᠯᠬᠤ ᠪᠤᠯᠤᠨ᠎ᠠ᠃