ᠬᠡᠷ ᠪᠦᠯᠢ ᠵᠢᠨ ᠬᠦᠴᠦᠷᠭᠡᠭᠯᠡᠯ ᠎ᠢ ᠡᠷᠡᠰ ᠲᠡᠪᠴᠢᠶ᠎ᠡ!
2025-11-26 11:48:28
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

·ᠬᠡᠷ ᠪᠦᠯᠢ ᠵᠢᠨ ᠬᠦᠴᠦᠷᠭᠡᠭᠯᠡᠯ ᠨᠢ ᠭᠠᠬᠴᠠᠬᠦ ᠭᠠᠷ ᠬᠦᠳᠡᠯᠬᠦ ᠵᠢ ᠯᠡ ᠬᠡᠯᠡᠬᠦ ᠪᠢᠰᠢ᠂ ᠦᠷᠬᠦᠯᠵᠢ ᠲᠤᠷᠤᠮᠵᠢᠯᠠᠵᠤ ᠭᠤᠳᠤᠭᠠᠬᠤ᠂ ᠰᠦᠷᠳᠡᠬᠦᠯᠬᠦ᠂ ᠬᠡᠳᠡᠬᠦ᠂ ᠦᠢᠮᠡᠬᠦᠯᠬᠦ ᠵᠡᠷᠬᠡ ᠨᠢ ᠴᠦᠮ ᠬᠡᠷ ᠪᠦᠯᠢ ᠵᠢᠨ ᠬᠦᠴᠦᠷᠭᠡᠭᠯᠡᠯ ᠳ᠋ᠸ᠋ ᠲᠤᠭᠠᠴᠠᠬᠳᠠᠨ᠎ᠠ᠃ 

· ᠶᠠᠮᠠᠷᠪᠠ ᠤᠴᠢᠷ ᠰᠢᠯᠳᠠᠭᠠᠨ ᠨᠢ ᠴᠦᠮ ᠬᠡᠷ ᠪᠦᠯᠢ ᠵᠢᠨ ᠬᠦᠴᠦᠷᠭᠡᠭᠯᠡᠯ ᠶᠠᠪᠤᠭᠤᠯᠬᠤ ᠰᠢᠯᠳᠠᠬ ᠪᠢᠰᠢ᠂ ᠬᠡᠷ ᠪᠦᠯᠢ ᠵᠢᠨ ᠬᠦᠴᠦᠷᠭᠡᠭᠯᠡᠯ᠎ᠢ 《ᠠᠭᠤᠴᠢᠯᠠᠵᠤ ᠪᠤᠯᠤᠨ᠎ᠠ》 ᠬᠡᠳᠡᠭ ᠨᠢ ᠪᠤᠷᠤᠭᠤ ᠦᠵᠡᠯ ᠪᠤᠳᠤᠯ ᠶᠤᠮ᠃

·ᠬᠡᠷ ᠪᠦᠯᠢ ᠵᠢᠨ ᠬᠦᠴᠦᠷᠭᠡᠭᠯᠡᠯ ᠶᠠᠮᠠᠷᠪᠠ ᠬᠡᠷ ᠪᠦᠯᠢ᠎ᠳᠦ ᠪᠦᠷ ᠡᠬᠦᠰᠴᠦ ᠮᠳᠡᠬᠦ ᠪᠤᠯᠤᠮᠵᠢ ᠳᠠᠢ᠂ ᠰᠤᠶᠤᠯ᠎ᠤᠨ ᠬᠢᠷᠢ ᠲᠦᠪᠰᠢᠨ᠂ ᠤᠷᠤᠯᠭ᠎ᠠ ᠵᠢᠨ ᠬᠡᠮᠵᠢᠶ᠎ᠡ᠂ ᠠᠵᠢᠯ ᠮᠡᠷᠬᠡᠵᠢᠯ ᠵᠡᠷᠭᠡ ᠳᠠᠢ ᠬᠠᠮᠢᠶ᠎ᠠ ᠦᠭᠡᠢ᠃ 

ᠪᠥᠬᠥ ᠤᠯᠤᠰ᠎ᠤᠨ ᠡᠮᠡᠭᠲᠡᠢᠴᠦᠳ᠎ᠦᠨ ᠬᠣᠯᠪᠣᠭ᠎ᠠ ᠡᠴᠨ ᠨᠡᠢᠲᠡᠯᠡᠭᠰᠡᠨ 《ᠭᠡᠷ ᠪᠦᠯᠢ᠎ᠶᠢᠨ ᠬᠦᠴᠦᠷᠬᠡᠭᠯᠡᠯ᠎ᠦᠨ ᠬᠣᠬᠢᠷᠠᠯ ᠠᠮᠰᠠᠭ᠍ᠴᠢ ᠎ᠶᠢᠨ ᠭᠡᠷᠡᠴᠢ ᠪᠠᠷᠢᠮᠲᠠ ᠴᠤᠭᠯᠠᠭᠤᠯᠬᠤ ᠵᠢᠯᠣᠭᠣᠳᠤᠮᠵᠢ》 ᠳ᠋ᠸ᠋ ᠭᠡᠷ ᠪᠦᠯᠢ᠎ᠶᠢᠨ ᠬᠦᠴᠦᠷᠬᠡᠭᠯᠡᠯ ᠎ᠦᠨ ᠬᠣᠬᠢᠷᠠᠯ ᠠᠮᠰᠠᠭ᠍ᠴᠢ᠎ᠶᠢᠨ ᠭᠡᠷᠡᠴᠢ ᠪᠠᠷᠢᠮᠲᠠ ᠴᠤᠭᠯᠠᠭᠤᠯᠬᠤ ᠳᠤᠮᠳᠠᠬᠢ ᠭᠣᠣᠯᠳᠠᠯᠭ᠎ᠠ ᠲᠠᠢ ᠵᠦᠢᠯ᠎ᠢ ᠲᠤᠳᠤᠷᠬᠠᠢᠯᠠᠵᠠᠢ᠃ 


ᠨᠢᠭᠡ᠂ ᠭᠡᠷ ᠪᠦᠯᠢ᠎ᠶᠢᠨ ᠬᠦᠴᠦᠷᠬᠡᠭᠯᠡᠯ᠎ᠦᠨ ᠪᠣᠳᠠᠲᠤ ᠬᠡᠷᠡᠭ ᠡᠭᠦᠰᠦᠭᠰᠡᠨ᠎ᠢ ᠬᠡᠷᠡᠴᠢᠯᠡᠬᠦ ᠭᠡᠷᠡᠴᠢ ᠪᠠᠷᠢᠮᠲᠠ


 1. ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠴᠠᠭᠳᠠᠭ᠎ᠠ ᠭᠠᠷᠭᠠᠭᠰᠠᠨ ᠲᠡᠮᠳᠡᠭᠯᠡᠯ ᠂ ᠰᠡᠷᠡᠮᠵᠢᠯᠡᠭᠦᠯᠬᠦ ᠪᠢᠴᠢᠭ ᠂ ᠰᠢᠷᠬᠠᠲᠤᠭᠰᠠᠨ ᠪᠠᠢᠳᠠᠯ᠎ᠢ ᠰᠢᠯᠭᠠᠨ ᠲᠣᠭᠲᠠᠭᠠᠭᠰᠠᠨ ᠰᠠᠨᠠᠯ ᠵᠡᠷᠭᠡ;

 2. ᠲᠣᠰᠬᠣᠨ ᠪᠤᠶᠤ ᠰᠠᠭᠤᠭᠠᠯᠢ ᠠᠷᠠᠳ ᠤ᠋ᠨ ᠵᠦᠪᠯᠡᠯ᠂ ᠡᠮᠡᠭᠲᠡᠢᠴᠦᠳ᠎ᠦᠨ ᠬᠣᠯᠪᠣᠭ᠎ᠠ᠎ᠶᠢᠨ ᠵᠣᠬᠢᠶᠠᠨ ᠪᠠᠢᠭᠤᠯᠤᠯᠲᠠ ᠂ ᠭᠡᠷ ᠪᠦᠯᠢ᠎ᠶᠢᠨ ᠬᠦᠴᠦᠷᠬᠡᠭᠯᠡᠯ᠎ᠢ ᠡᠰᠡᠷᠭᠦᠴᠡᠬᠦ ᠨᠡᠢᠭᠡᠮ᠎ᠦᠨ ᠵᠣᠬᠢᠶᠠᠨ ᠪᠠᠢᠭᠤᠯᠤᠯᠲᠠ ᠂ ᠬᠣᠶᠠᠷ ᠲᠠᠯ᠎ᠠ᠎ᠶᠢᠨ ᠬᠥᠮᠥᠨ ᠬᠡᠷᠡᠭᠯᠡᠬᠦ ᠨᠢᠭᠡᠴᠢ ᠵᠡᠷᠭᠡ ᠪᠠᠢᠭᠤᠯᠤᠮᠵᠢ᠎ᠶᠢᠨ ᠲᠤᠰᠠᠯᠠᠮᠵᠢ ᠭᠤᠶᠤᠴᠢᠯᠠᠬᠰᠠᠨ ᠢ᠋ ᠬᠦᠯᠢᠶᠡᠵᠦ ᠠᠪᠤᠬᠰᠠᠨ ᠲᠡᠮᠳᠡᠭᠯᠡᠯ᠂ ᠡᠶᠡᠳᠡᠭᠦᠯᠦᠭᠰᠡᠨ ᠲᠡᠮᠳᠡᠭᠯᠡᠯ ᠵᠡᠷᠭᠡ;

 3. ᠡᠪᠡᠳᠴᠢᠨ᠎ᠦ ᠥᠩᠭᠡᠷᠡᠯᠲᠡ᠎ᠶᠢᠨ ᠮᠠᠲᠧᠷᠢᠶᠠᠯ ᠂ ᠣᠨᠣᠰᠢᠯᠠᠨ ᠡᠮᠨᠡᠬᠦ ᠵᠠᠷᠤᠳᠠᠯ ᠤ᠋ᠨ ᠪᠠᠷᠢᠮᠲᠠ;

 4. ᠬᠣᠣᠷᠯᠠᠭ᠍ᠴᠢ᠎ᠶᠢᠨ ᠭᠡᠷ ᠪᠦᠯᠢ᠎ᠶᠢᠨ ᠬᠦᠴᠦᠷᠬᠡᠭᠯᠡᠯ ᠶᠠᠪᠤᠭᠤᠯᠤᠭᠰᠠᠨ ᠳᠠᠭᠤ ᠰᠢᠩᠭᠡᠭᠡᠯᠲᠡ ᠂ ᠳᠦᠷᠰᠦ ᠰᠢᠩᠭᠡᠭᠡᠯᠲᠡ;

 5. ᠪᠡᠶ᠎ᠡ᠎ᠶᠢᠨ ᠰᠢᠷᠬ᠎ᠠ ᠰᠣᠷᠪᠢ ᠪᠠ ᠴᠤᠬᠢᠵᠤ ᠪᠠᠯᠪᠠᠴᠢᠬᠰᠠᠨ ᠠᠬᠤᠢ ᠲᠠᠯᠠᠪᠠᠢ ᠵᠢᠨ ᠬᠡᠷᠡᠯ ᠵᠢᠷᠤᠬ᠂ ᠳᠦᠷᠰᠦ ᠰᠢᠩᠭᠡᠭᠡᠯᠲᠡ;

 6. ᠪᠠᠲᠤᠯᠠᠭ᠎ᠠ᠎ᠶᠢᠨ ᠪᠢᠴᠢᠭ ᠂ ᠠᠮᠠᠯᠠᠯᠲᠠ᠎ᠶᠢᠨ ᠪᠢᠴᠢᠭ᠂ ᠭᠡᠮᠰᠢᠯ᠎ᠦᠨ ᠪᠢᠴᠢᠭ;

 7. ᠭᠡᠷᠡᠴᠢᠯᠡᠭᠴᠢ ᠎ᠶᠢᠨ ᠭᠡᠷᠡᠴᠢ ᠦᠭᠡ᠂ ᠨᠠᠰᠤᠨ᠎ᠳᠤ ᠬᠦᠷᠦᠭᠡᠳᠦᠶ ᠦᠷ᠎ᠡ ᠬᠡᠦᠬᠡᠳ᠎ᠦᠨ ᠭᠡᠷᠡᠴᠢ ᠦᠭᠡ;

 8. ᠬᠣᠬᠢᠷᠠᠯ ᠠᠮᠰᠠᠭ᠍ᠴᠢ᠎ᠶᠢᠨ ᠲᠤᠭᠠᠴᠢᠯᠲᠠ;


ᠬᠣᠶᠠᠷ᠂ ᠭᠡᠷ ᠪᠦᠯᠢ᠎ᠶᠢᠨ ᠬᠦᠴᠦᠷᠬᠡᠭᠯᠡᠯ᠎ᠦᠨ ᠪᠣᠳᠠᠲᠤ ᠠᠶᠤᠯ᠎ᠳᠤ ᠲᠤᠯᠭᠠᠷᠠᠭᠰᠠᠨ᠎ᠢ ᠭᠡᠷᠡᠴᠢᠯᠡᠬᠦ ᠭᠡᠷᠡᠴᠢ ᠪᠠᠷᠢᠮᠲᠠ


ᠬᠡᠷᠪᠡ ᠬᠣᠣᠷᠯᠠᠭ᠍ᠴᠢ ᠨᠢ ᠤᠳᠠᠰᠤ᠂ ᠣᠬᠣᠷ ᠮᠡᠳᠡᠭᠡ᠂ ᠵᠢᠷᠬᠢᠶ᠎ᠡ᠂ QQ ᠪᠡᠷ ᠶᠠᠷᠢᠯᠴᠠᠭᠰᠠᠨ ᠲᠡᠮᠳᠡᠭᠯᠡᠯ᠂ ᠡᠯᠧᠺᠲᠷᠣᠨ ᠢᠮᠸᠯ ᠵᠡᠷᠬᠡ ᠪᠡᠷ ᠲᠠᠮᠵᠢᠨ᠂ ᠠᠶᠤᠯᠭᠠᠨ ᠰᠦᠷᠳᠡᠬᠦᠯᠦᠭᠰᠡᠨ ᠪᠤᠯ ᠬᠣᠬᠢᠷᠠᠯ ᠠᠮᠰᠠᠭ᠍ᠴᠢ ᠲᠠᠭᠤ ᠲᠦᠷᠰᠦ ᠵᠢ ᠨᠢ ᠰᠢᠩᠭᠡᠭᠡᠨ ᠦᠯᠡᠳᠡᠬᠡᠬᠦ ᠵᠡᠷᠭᠡ ᠠᠷᠭ᠎ᠠ ᠮᠠᠶᠢᠭ᠋᠎ᠢᠶᠠᠷ ᠭᠡᠷᠡᠴᠢ ᠪᠠᠷᠢᠮᠲᠠ᠎ᠶᠢ ᠬᠠᠳᠠᠭᠠᠯᠠᠵᠤ᠂ ᠨᠥᠬᠥᠴᠡᠯ ᠲᠠᠢ ᠪᠤᠯ ᠠᠯᠪᠠᠨ ᠭᠡᠷᠡᠴᠢᠯᠡᠭᠡ᠎ᠶᠢᠨ ᠭᠠᠵᠠᠷ᠎ᠢᠶᠠᠷ ᠲᠠᠮᠵᠢᠨ ᠡᠯᠧᠺᠲᠷᠣᠨ ᠭᠡᠷᠡᠴᠢ ᠪᠠᠷᠢᠮᠲᠠ᠎ᠶᠢ ᠭᠠᠷᠭᠠᠨ ᠠᠪᠴᠤ ᠪᠣᠯᠣᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号