ᠦᠪᠦᠷ ᠮᠤᠩᠭᠤᠯ ᠎ᠤᠨ ᠠᠬᠠᠮᠠᠳ ᠺᠠᠳ᠋ᠷᠴᠤᠳ ᠎ᠤᠨ ᠠᠵᠢᠯᠯᠠᠭᠠᠨ᠎ᠤ᠎ᠲᠥᠪ ᠠᠮᠢᠰᠭᠤᠯ᠎ᠤᠨ ᠱᠢᠰᠲ᠋ᠧᠮ᠎ᠦᠨ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠮᠡᠳᠡᠯᠭᠡ᠎ᠶ᠋ᠢᠨ ᠲᠠᠢᠯᠤᠮᠵᠢ ᠡᠷᠬᠢᠯᠡᠪᠡ
2025-11-26 10:55:46
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠰᠠᠬᠢᠨ ᠬᠠᠮᠠᠭᠠᠯᠠᠬᠤ᠎ᠵᠢᠨ ᠲᠦᠯᠦᠭᠡ᠂ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ ᠲᠥᠪ ᠡᠴᠡ ᠥᠪᠡᠷᠲᠡᠭᠡᠨ ᠵᠠᠰᠠᠬᠤ ᠣᠷᠣᠨ ᠎ᠤ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠂ ᠥᠪᠡᠷᠲᠡᠭᠡᠨ ᠵᠠᠰᠠᠬᠤ ᠣᠷᠣᠨ ᠎ᠤ ᠰᠦᠷᠢᠶ᠎ᠡ ᠡᠪᠡᠳᠴᠢᠨ᠎ᠢ ᠰᠡᠷᠭᠡᠢᠯᠡᠬᠦ᠌ ᠨᠡᠢᠭᠡᠮᠯᠢᠭ᠂ ᠥᠪᠡᠷᠲᠡᠭᠡᠨ ᠵᠠᠰᠠᠬᠤ ᠣᠷᠣᠨ ᠎ᠤ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ᠎ᠲᠠᠶ ᠬᠠᠮᠲᠤᠷᠠᠨ ᠠᠮᠢᠰᠭᠤᠯ᠎ᠤᠨ ᠱᠢᠰᠲ᠋ᠧᠮ ᠎ᠦᠨ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠮᠡᠳᠡᠯᠭᠡ᠎ᠶᠢ ᠲᠦᠭᠡᠮᠡᠯᠵᠢᠭᠦᠯᠬᠦ᠌ ᠲᠠᠢᠯᠤᠮᠵᠢ ᠵᠢᠴᠢ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ ᠥᠷᠨᠢᠭᠦᠯᠪᠡ᠃

ᠲᠣᠰ ᠤᠳᠠᠭᠠᠨ᠎ᠤ ᠠᠵᠢᠯᠯᠠᠭ᠎ᠠ᠎ᠳᠤ ᠤᠤᠯ᠎ᠤᠨ ᠥᠪᠥᠷ ᠮᠣᠩᠭᠣᠯ᠎ᠤᠨ ᠴᠡᠭᠡᠵᠢᠨ᠎ᠦ ᠰᠠᠯᠠᠭᠠᠨ᠎ᠤ ᠡᠮᠨᠡᠯᠭᠡ᠎ᠶ᠋ᠢᠨ ᠬᠣᠷᠢᠶ᠎ᠠ ᠵᠢᠨ ᠳᠠᠷᠤᠭ᠎ᠠ᠂ ᠥᠪᠥᠷ ᠮᠣᠩᠭᠣᠯ᠎ᠤᠨ ᠳᠥᠷᠪᠡᠳᠦᠭᠡᠷ ᠡᠮᠨᠡᠯᠭᠡ᠎ᠶ᠋ᠢᠨ ᠬᠣᠷᠢᠶᠠᠨ᠎ᠤ ᠨᠠᠮ᠎ᠤᠨ ᠬᠣᠷᠢᠶ᠎ᠠ ᠵᠢᠨ ᠱᠦᠵᠢ ᠷᠸᠨ ᠢᠦᠶ ᠯᠢᠨ ᠫᠷᠤᠹᠧᠰᠰᠤᠷ᠎ᠢ ᠤᠷᠢᠵᠤ ᠠᠮᠢᠰᠭᠤᠯ᠎ᠤᠨ ᠱᠢᠰᠲ᠋ᠧᠮ᠎ᠦᠨ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠮᠡᠳᠡᠯᠭᠡ᠎ᠵᠢ ᠲᠦᠭᠡᠮᠡᠯᠵᠢᠭᠦᠯᠬᠦ᠌ ᠲᠠᠢᠯᠤᠮᠵᠢ ᠬᠢᠯᠭᠡᠵᠡᠢ᠃ ᠲᠡᠷᠡ ᠲᠥᠬᠥᠮ ᠣᠢᠯᠠᠭᠠᠮᠵᠢᠲᠠᠶ ᠦᠭᠡ ᠬᠡᠯᠡ᠎ᠪᠡᠷ ᠰᠦᠷᠢᠶ᠎ᠡ ᠡᠪᠡᠳᠴᠢᠨ᠂ ᠬᠠᠯᠳᠠᠪᠤᠷᠢᠲᠤ ᠲᠠᠭ᠍ᠰᠢᠭᠤᠷ ᠵᠡᠷᠭᠡ ᠪᠠᠢᠩᠭᠤ ᠲᠣᠬᠢᠶᠠᠯᠳᠤᠳᠠᠭ ᠠᠮᠢᠰᠭᠤᠯ᠎ᠤᠨ ᠱᠢᠰᠲ᠋ᠧᠮ᠎ᠦᠨ ᠡᠪᠡᠳᠴᠢᠨ ᠡᠮᠭᠡᠭ᠎ᠦᠨ ᠬᠠᠯᠳᠠᠪᠤᠷᠢᠯᠠᠬᠤ᠂ ᠠᠩᠬᠠᠨ᠎ᠤ ᠦᠶ᠎ᠡ᠎ᠶ᠋ᠢᠨ ᠡᠪᠡᠳᠴᠢᠨ᠎ᠦ ᠢᠯᠡᠷᠡᠯ ᠵᠢᠴᠢ ᠤᠷᠢᠳᠴᠢᠯᠠᠨ ᠰᠡᠷᠭᠡᠢᠯᠡᠬᠦ᠌ ᠭᠤᠤᠯᠳᠠᠯᠭ᠎ᠠ᠎ᠶ᠋ᠢ ᠲᠠᠢᠯᠪᠤᠷᠢᠯᠠᠵᠤ᠂ ᠸᠠᠺᠼᠢᠨ᠎ᠤ ᠲᠠᠷᠢᠯᠭ᠎ᠠ ᠬᠢᠬᠦ᠌᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠪᠣᠯᠪᠠᠰᠤᠷᠠᠬᠤ᠂ ᠬᠡᠷ ᠳᠣᠲᠣᠷ᠎ᠠ ᠰᠠᠯᠬᠢ ᠨᠡᠪᠲᠡᠷᠡᠭᠦᠯᠬᠦ᠌ ᠵᠡᠷᠭᠡ ᠡᠳᠦᠷ ᠲᠤᠲᠤᠮ᠎ᠤᠨ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠳᠠᠢᠯᠪᠤᠷᠢᠯᠠᠵᠦ᠂ ᠠᠵᠢᠯ᠎ᠠᠴᠠ᠎ᠪᠠᠨ ᠳᠠᠷᠬᠠᠯᠠᠭ᠍ᠳᠠᠭ᠍ᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠢ ᠬᠠᠪᠰᠤᠷᠤᠨ ᠱᠢᠨᠵᠢᠯᠡᠬᠦ᠌ ᠤᠬᠠᠭᠠᠨᠴᠢ ᠪᠡᠷ ᠡᠷᠡᠭᠦᠯ ᠮᠡᠨᠳᠦ᠍ ᠪᠠᠨ ᠪᠠᠳᠤᠯᠠᠬᠤ ᠦᠵᠡᠯ ᠤᠬᠠᠮᠰᠠᠷ᠎ᠢ ᠳᠡᠭᠡᠭᠰᠢᠯᠡᠬᠦᠯᠪᠡ᠃ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ᠎ᠶ᠋ᠢᠨ ᠠᠮᠢᠰᠭᠤᠯ᠎ᠤᠨ ᠳᠣᠲᠣᠷ ᠰᠠᠯᠠᠭ᠎ᠠ᠂ ᠵᠢᠷᠦᠬᠡᠨ᠎ᠦ ᠳᠣᠲᠣᠷ ᠰᠠᠯᠠᠭ᠎ᠠ᠂ ᠡᠷᠡᠭᠦᠯᠵᠢᠭᠦᠯᠬᠦ᠌ ᠹᠢᠽᠢᠺ ᠵᠠᠰᠠᠯ᠎ᠤᠨ ᠰᠠᠯᠠᠭ᠎ᠠ ᠵᠡᠷᠭᠡ ᠰᠠᠯᠠᠭ᠎ᠠ ᠲᠠᠰᠤᠭ᠎ᠤᠨ ᠲᠤᠰᠭᠠᠶ ᠮᠡᠷᠭᠡᠵᠢᠯᠲᠡᠨ᠎ᠢᠶᠡᠷ ᠪᠦᠷᠢᠯᠳᠦᠭ᠌ᠰᠡᠨ ᠣᠨᠣᠱᠢᠯᠠᠨ ᠡᠮᠨᠡᠬᠦ᠌ ᠪᠦᠯᠬᠦᠮ᠎ᠨᠢ ᠠᠵᠢᠯᠯᠠᠭ᠎ᠠ᠎ᠳᠤ ᠣᠷᠣᠯᠴᠠᠭ᠍ᠰᠠᠨ ᠠᠬᠠᠮᠠᠳ ᠨᠥᠬᠥᠳ᠎ᠲᠦ ᠣᠨᠣᠱᠢᠯᠠᠨ ᠡᠮᠨᠡᠬᠦ᠌ ᠦᠶ᠋ᠯᠡᠴᠢᠯᠡᠭᠡ ᠥᠷᠨᠢᠭᠦᠯᠬᠦ᠌᠎ᠶ᠋ᠢᠨ ᠬᠠᠮᠲᠤ᠂ ᠴᠢᠰᠤᠨ ᠳᠠᠷᠤᠯᠲᠠ᠎ᠶ᠋ᠢ ᠬᠡᠮᠵᠢᠬᠦ᠌᠂ ᠶᠠᠰᠤᠨ᠎ᠤ ᠨᠢᠭ᠍ᠲᠠᠴᠠ᠎ᠶ᠋ᠢ ᠱᠢᠭ᠌ᠰᠢᠨ ᠪᠠᠢᠴᠠᠭᠠᠬᠤ ᠵᠡᠷᠭᠡ ᠪᠠᠢᠴᠠᠭᠠᠬᠤ ᠲᠥᠷᠥᠯ ᠵᠦᠶ᠋ᠯ᠎ᠢ ᠦᠨ᠎ᠡ ᠲᠥᠯᠥᠪᠦᠷᠢ ᠥᠬᠡᠶ᠎ᠬᠠᠩᠭᠠᠪᠠ᠃

ᠲᠤᠰ ᠤᠳᠠᠭ᠎ᠠ᠎ᠶ᠋ᠢᠨ ᠠᠵᠢᠯᠯᠠᠭ᠎ᠠ ᠨᠢ ᠠᠵᠢᠯ᠎ᠠᠴᠠ᠎ᠪᠠᠨ ᠳᠠᠷᠬᠠᠯᠠᠭ᠍ᠳᠠᠬᠰᠠᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠲᠤ ᠠᠮᠢᠰᠭᠤᠯ᠎ᠤᠨ ᠱᠢᠰᠲ᠋ᠧᠮ᠎ᠦᠨ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠮᠡᠳᠡᠯᠭᠡ᠎ᠶ᠋ᠢ ᠲᠦᠭᠡᠮᠡᠯᠵᠢᠭᠦᠯᠦᠭᠰᠡᠨ ᠵᠢᠡᠷ ᠪᠠᠷᠠᠬᠤ ᠦᠭᠡᠢ᠂ ᠳᠡᠳᠡᠨᠡᠷ᠎ᠲᠤ ᠨᠡᠩ ᠣᠨᠣᠴᠠᠲᠠᠢ ᠡᠮᠴᠢᠯᠡᠭᠡᠨ᠎ᠦ ᠦᠢᠯᠡᠴᠢᠯᠡᠭᠡ ᠬᠠᠩᠭᠠᠵᠤ᠂ ᠠᠬᠠᠮᠠᠳ ᠺᠠᠳ᠋ᠷᠴᠤᠳ᠎ᠤᠨ ᠬᠦᠷᠲᠡᠮᠵᠢ ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠣᠯᠤᠨ ᠠᠮᠤᠷ  ᠲᠦᠪᠱᠢᠨ ᠎ᠦ  ᠲᠦᠷᠦᠭ᠌ᠳᠡᠯ ᠎ᠢ  ᠦᠨᠡᠨ ᠬᠦ᠌  ᠨᠡᠮᠡᠭ᠌ᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号