ᠤᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠠᠴᠠ ᠬᠠᠮᠲᠤᠷᠠᠨ ᠡᠷᠭᠢᠯᠡᠭ᠌ᠰᠡᠨ 《ᠳᠤᠰᠬᠠᠢ ᠮᠡᠷᠭᠡᠵᠢᠯ ᠵᠢᠡᠷ ᠢᠷᠡᠭᠡᠳᠦᠶ ᠶ᠋ᠢ ᠬᠡᠷᠠᠯᠲᠤᠬᠦᠯᠬᠦ ᠤᠮᠠᠷᠠᠲᠤ ᠬᠢᠯᠢ ᠵᠢᠨ ᠠᠵᠢᠯᠤᠯᠭᠤᠯᠲᠠ》 2025 ᠣᠨ ᠤ᠋ ᠬᠣᠲᠠ᠎ᠶ᠋ᠢᠨ ᠬᠤᠯᠪᠤᠭᠠᠯᠠᠨ ᠤᠷᠢᠵᠤ ᠡᠯᠰᠡᠬᠦ᠌ ᠰᠤᠷᠭᠠᠭᠤᠯᠢ᠎ᠶ᠋ᠢᠨ ᠬᠦᠷᠢᠶᠡᠨ᠎ᠳᠡᠬᠢ ᠰᠢᠷᠢᠰ ᠠᠵᠢᠯᠯᠠᠭ᠎ᠠ ᠵᠢᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠲᠤᠰᠭᠠᠶ ᠲᠠᠯᠠᠪᠠᠢ ᠠᠵᠢᠯᠯᠠᠭ᠎ᠠ ᠶᠠᠪᠤᠭ᠍ᠳᠠᠵᠤ ᠂ ᠪᠦᠬᠦ ᠣᠷᠣᠨ᠎ᠤ ᠬᠣᠲᠠ᠎ᠶ᠋ᠢᠨ ᠬᠤᠯᠪᠤᠭᠠᠯᠠᠨ ᠤᠷᠢᠵᠤ ᠡᠯᠰᠡᠬᠦ᠌ ᠰᠤᠷᠭᠠᠭᠤᠯᠢ᠎ᠶ᠋ᠢᠨ ᠬᠦᠷᠢᠶᠡᠨ᠎ᠳᠡᠬᠢ ᠰᠢᠷᠢᠰ ᠠᠵᠢᠯᠯᠠᠭ᠎ᠠ ᠵᠢᠨ ᠬᠦᠰᠢᠬᠡ᠎ᠶᠢ ᠰᠡᠭᠦᠯ᠎ᠡ᠃
ᠲᠣᠰ ᠤᠳᠠᠭᠠᠨ ᠤ ᠠᠵᠢᠯᠯᠠᠭ᠎ᠠ᠎ᠨᠢ ᠭᠤᠤᠯᠳᠠᠭᠤ 2026 ᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠤᠭᠠᠳᠤᠶ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠢᠴᠢ ᠠᠵᠢᠯ ᠡᠷᠢᠬᠦ᠌ ᠱᠠᠭᠠᠷᠳᠠᠯᠭ᠎ᠠ᠎ᠲᠠᠶ ᠪᠤᠰᠤᠳ ᠬᠥᠮᠦᠰ᠎ᠲᠦ ᠬᠠᠨᠳᠤᠭᠤᠯᠵᠠᠢ᠃ ᠠᠵᠢᠯᠯᠠᠭ᠎ᠠ᠎ᠳᠦ 179 ᠠᠵᠤ ᠠᠬᠤᠢᠯᠠᠯ 3235 ᠠᠵᠢᠯ᠎ᠤᠨ ᠪᠠᠢᠷᠢ ᠬᠠᠩᠭᠠᠨ᠂ 2000 ᠭᠠᠷᠤᠶ ᠨᠠᠷᠠᠰ ᠰᠤᠷᠤᠭ᠍ᠴᠢ ᠳᠤᠬᠠᠢ ᠵᠢᠨ ᠳᠠᠯᠠᠪᠠᠢ ᠵᠢᠨ ᠠᠵᠢᠯᠯᠠᠭ᠎ᠠ᠎ᠳᠦ ᠣᠷᠣᠯᠴᠠᠠ᠂ 7311 ᠬᠤᠪᠢ ᠲᠤᠪᠴᠢ ᠨᠠᠮᠲᠠᠷ᠎ᠢ ᠬᠦᠯᠢᠶᠠᠨ ᠠᠪᠴᠠᠢ᠃
ᠲᠣᠰ ᠤᠳᠠᠭᠠᠨ᠎ᠤ ᠠᠵᠢᠯᠯᠠᠭ᠎ᠠ᠎ᠳᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠶᠡᠷᠦᠩᠬᠡᠢᠯᠡᠭ᠌ᠰᠡᠨ ᠠᠵᠢᠯᠲᠠᠨ ᠡᠯᠰᠡᠬᠦ᠌᠂ ᠣᠶᠤᠨᠴᠢ᠎ᠪᠠᠷ ᠬᠦᠴᠤᠨ ᠨᠡᠮᠠᠷᠢᠯᠡᠬᠦ᠂ ᠱᠢᠭᠤᠳ ᠨᠡᠪᠲᠡᠷᠡᠭᠦᠯᠭᠡ᠎ᠪᠡᠷ ᠠᠵᠢᠯ ᠤᠨ ᠪᠠᠢᠷᠢ ᠳᠠᠭᠠᠭᠤᠯᠬᠤ ᠳᠥᠷᠪᠡᠨ ᠴᠢᠳᠠᠮᠵᠢᠲᠤ ᠲᠤᠭᠤᠷᠢᠭ ᠲᠤᠬᠢᠷᠠᠭᠤᠯᠵᠤ᠂ ᠠᠵᠤ ᠠᠬᠤᠢᠯᠠᠯ ᠪᠣᠯᠤᠨ ᠲᠡᠭᠦᠰᠭᠦ ᠰᠤᠷᠤᠭ᠍ᠴᠢᠳ᠎ᠲᠤ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ ᠨᠠᠷᠢᠯᠢᠭ ᠣᠨᠣᠴᠠᠲᠠᠶ᠎ᠪᠠᠷ ᠠᠵᠢᠯ ᠣᠯᠭᠣᠬᠤ ᠦᠶ᠋ᠯᠡᠴᠢᠯᠡᠭᠡ ᠬᠠᠩᠭᠠᠪᠠ; ᠣᠶᠤᠨᠴᠢ ᠪᠠᠷ ᠬᠦᠴᠤᠨ ᠨᠡᠮᠠᠷᠢᠯᠡᠬᠦ ᠲᠣᠭᠣᠷᠢᠭ᠎ᠲᠤ᠂ ᠲᠤᠰᠭᠠᠶ ᠮᠡᠷᠭᠡᠵᠢᠯ᠎ᠦᠨ ᠵᠢᠯᠣᠭᠣᠳᠣᠭ᠍ᠴᠢ ᠪᠠᠭ᠍ᠰᠢ ᠪᠣᠯᠤᠨ ᠣᠶᠤᠨᠴᠢ ᠮᠡᠷᠭᠡᠵᠢᠯ᠎ᠢ ᠭᠦᠨᠵᠡᠭᠡᠶ ᠠᠭᠤᠰᠤᠯᠴᠠᠭᠤᠯᠵᠤ᠂ ᠲᠡᠭᠦᠰᠭᠦ ᠰᠤᠷᠤᠭ᠍ᠴᠢᠳ᠎ᠢ ᠬᠠᠪᠰᠤᠷᠤᠨ ᠨᠡᠢᠲᠡ 301 ᠬᠤᠪᠢ ᠲᠣᠪᠴᠢ ᠨᠠᠮᠲᠠᠷᠵᠤᠬᠢᠶᠠᠵᠦ᠂ AI ᠳᠠᠭᠤᠷᠢᠶᠠᠮᠠᠯ ᠨᠢᠭᠤᠷᠲᠠᠨ ᠱᠢᠯᠭᠠᠯᠲᠠ ᠶ᠋ᠢ ᠲᠣᠬᠢᠷᠠᠭᠤᠯᠵᠤ᠂ 200 ᠭᠠᠷᠤᠶ ᠬᠥᠮᠦᠨ ᠤᠳᠠᠭ᠎ᠠ᠎ᠶ᠋ᠢᠨ ᠪᠡᠶᠡᠴᠢ ᠣᠢᠯᠠᠭᠠᠯᠲᠠ ᠬᠢᠵᠦ᠂ ᠰᠤᠷᠤᠭ᠍ᠴᠢᠳ᠎ᠤᠨ ᠪᠣᠳᠠᠲᠤ ᠲᠠᠢᠯᠠᠯᠲᠤᠭᠠᠨ ᠤ᠋ ᠴᠢᠳᠠᠪᠤᠷᠢ᠎ᠶ᠋ᠢ ᠳᠡᠭᠡᠭ᠌ᠰᠢᠯᠡᠭᠦᠯᠵᠠᠢ; ᠰᠦᠯᠵᠢᠶᠡᠨ ᠳᠡᠭᠡᠷᠡᠬᠢ ᠠᠵᠢᠯᠯᠠᠭ᠎ᠠ᠎ᠶ᠋ᠢᠨ ᠲᠣᠭᠣᠷᠢᠭ᠎ᠲᠤ᠂ ᠱᠢᠭᠤᠳ ᠨᠡᠪᠲᠡᠷᠡᠭᠦᠯᠭᠡ᠎ᠶ᠋ᠢᠨ ᠲᠠᠰᠤᠭ ᠭᠠᠷᠭᠠᠵᠤ᠂ ᠱᠢᠭᠤᠳ ᠨᠡᠪᠲᠡᠷᠡᠭᠦᠯᠭᠡ᠎ᠶ᠋ᠢᠨ ᠴᠠᠭ᠎ᠢ 120 ᠮᠢᠨᠦ᠋ᠲ᠎ᠡᠴᠡ ᠳᠡᠭᠡᠭ᠌ᠰᠢ ᠪᠠᠢᠯᠭᠠᠵᠤ᠂ ᠣᠯᠠᠨ ᠲᠠᠪᠴᠠᠩ᠎ᠢ ᠵᠡᠷᠭᠡ᠎ᠪᠡᠷ ᠨᠡᠪᠲᠡᠷᠡᠭᠦᠯᠵᠦ᠍᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠰᠦᠯᠵᠢᠶᠡᠨ ᠳᠡᠭᠡᠷ᠎ᠡ 2700 ᠭᠠᠷᠤᠶ ᠬᠥᠮᠦᠨ ᠳ᠋ᠤ ᠠᠵᠢᠯ᠎ᠤᠨ ᠪᠠᠢᠷᠢ ᠲᠠᠨᠢᠯᠴᠠᠭᠤᠯᠬᠤ᠂ ᠠᠰᠠᠭᠤᠨ ᠯᠠᠪᠯᠠᠭ᠎ᠠ᠎ᠳᠤ ᠬᠠᠷᠢᠭᠤᠯᠲᠠ ᠥᠭ᠌ᠪᠠ᠃
ᠤᠢᠯᠠᠭᠠᠭᠰᠠᠨ᠎ᠢᠶᠡᠷ᠂ 2025 ᠣᠨ᠎ᠳᠤ ᠬᠤᠳᠠ᠎ᠶ᠋ᠢᠨ ᠬᠤᠯᠪᠤᠭᠠᠯᠠᠨ ᠤᠷᠢᠵᠤ ᠡᠯᠰᠡᠬᠦ᠌ ᠠᠵᠢᠯᠯᠠᠭ᠎ᠠ ᠬᠥᠬᠡᠬᠣᠲᠠ᠂ ᠪᠤᠭᠤᠲᠤ᠂ ᠣᠷᠳᠣᠰ᠂ ᠱᠢᠯᠢ᠎ᠶ᠋ᠢᠨ ᠭᠤᠤᠯ᠂ ᠲᠦᠩᠯᠢᠶᠣᠤ᠂ ᠤᠯᠠᠭᠠᠨᠬᠠᠳᠠ᠂ ᠬᠥᠯᠥᠨ ᠪᠤᠢᠷ᠂ ᠤᠯᠠᠭᠠᠨᠴᠠᠪ ᠵᠡᠷᠭᠡ 8 ᠠᠢᠮᠠᠭ ᠬᠤᠳᠠ ᠳ᠋ᠤ ᠵᠠᠯᠭᠠᠭ᠎ᠠ ᠪᠡᠷ ᠤᠷᠤᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠵᠡᠷᠭᠡ ᠣᠷᠣᠨ᠎ᠤ ᠳᠣᠲᠣᠷᠠᠬᠢ 15 ᠳᠡᠭᠡᠳᠦ ᠰᠤᠷᠭᠠᠭᠤᠯᠢ ᠳ᠋ᠤ ᠬᠦᠨᠵᠡᠬᠡᠢᠷᠠᠨ᠂ 《ᠰᠦᠯᠵᠢᠶᠡᠨ ᠳᠡᠭᠡᠷᠡᠬᠢ + ᠪᠤᠲᠠᠲᠤ ᠴᠤᠭᠴᠠ》 ᠠᠭᠤᠰᠤᠯᠴᠠᠬᠤ ᠵᠠᠭ᠍ᠪᠤᠷ᠎ᠢᠶᠠᠷ ᠳᠠᠮᠵᠢᠨ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠦᠨ᠂ ᠠᠵᠢᠯ᠎ᠤᠨ ᠪᠠᠢᠷᠢ᠎ᠶ᠋ᠢᠨ ᠡᠬᠢ ᠪᠠᠶᠠᠯᠢᠭ᠎ᠢ ᠠᠭᠤᠳᠠᠯᠵᠦ᠂ ᠠᠵᠤ ᠠᠬᠤᠢᠯᠠᠯ᠎ᠤᠨ ᠴᠢᠳᠠᠪᠤᠷᠢᠲᠠᠨ ᠤᠷᠢᠬᠤ᠎ᠶ᠋ᠢ ᠦᠷᠭᠦᠯᠵᠢᠯᠡᠨ ᠳᠡᠮᠵᠢᠵᠤ ᠂ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠨ᠂ ᠵᠠᠯᠠᠭᠤᠴᠤᠳ᠎ᠤᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠲᠠᠰᠤᠷᠠᠯᠲᠠ ᠥᠬᠡᠶ ᠠᠬᠢᠭᠤᠯᠤᠨ᠎ᠠ᠃