《ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ》 ᠎ᠢ᠋ ᠭᠦᠨᠵᠡᠭᠡᠢᠷᠡᠭᠦᠯᠵᠦ᠍ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠤ᠋ᠨ ᠠᠵᠢᠯ ᠤᠯᠭᠤᠯᠲᠠ ᠶ᠋ᠢ ᠠᠬᠢᠭᠤᠯᠪᠠ
2025-11-27 11:40:15
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ᠎ᠢᠶᠡᠷ᠂ ᠤᠷᠲᠤᠰ ᠬᠤᠲᠠ ᠵᠢᠨ ᠦᠸ᠋ᠱᠢᠨ ᠬᠣᠱᠢᠭᠤ ᠤᠯᠤᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠭᠤᠤᠯ ᠣᠷᠣᠨ ᠪᠣᠯᠤᠭ᠍ᠰᠠᠨ᠎ᠤ ᠬᠤᠪᠢ᠎ᠳᠤ᠂《134》 ᠠᠵᠢᠯ᠎ᠤᠨ ᠱᠢᠰᠲ᠋ᠧᠮ᠎ᠦᠨ ᠱᠢᠨ᠎ᠡ᠎ᠶ᠋ᠢ ᠡᠭᠦᠳᠦᠨ ᠪᠠᠢᠭᠤᠯᠵᠤ᠂ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢᠶᠠᠷ ᠭᠤᠤᠯ ᠪᠣᠯᠭᠠᠨ᠂ ᠣᠯᠠᠨ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠠ᠂ ᠬᠠᠷᠢᠯᠴᠠᠨ ᠬᠠᠮᠵᠢᠯᠴᠠᠬᠤ ᠲᠣᠭ᠍ᠲᠠᠴᠠ᠎ᠶ᠋ᠢ ᠪᠠᠢᠭᠤᠯᠤᠨ᠂ 《2 + 2 + 2》 ᠵᠠᠬᠢᠶᠠᠯᠠᠭ᠎ᠠ᠎ᠶ᠋ᠢᠨ ᠮᠠᠶᠢᠭ᠎ᠤᠨ ᠬᠥᠮᠦᠵᠢᠭᠦᠯᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠨᠢᠲᠤᠨᠤᠨ ᠵᠢᠯ ᠤ᠋ᠨ ᠡᠴᠦᠰ ᠪᠣᠯᠲᠠᠯ᠎ᠠ᠂ ᠶᠠᠬᠡ ᠲᠠᠬᠡᠲᠤ ᠰᠤᠷᠭᠠᠭᠤᠯᠢ ᠲᠠᠬᠦᠰᠦᠭᠰᠠᠨ 204 ᠨᠠᠷᠠᠰ ᠤᠷ᠎ᠠ ᠮᠡᠷᠬᠡᠵᠢᠯ ᠤ᠋ᠨ ᠴᠢᠳᠠᠪᠤᠷᠢᠲᠠᠨ᠎ᠢ ᠠᠵᠤ ᠠᠬᠤᠢᠯᠠᠯ ᠳ᠋ᠤ ᠬᠦᠷᠭᠡᠪᠡ᠃ 

ᠲᠠᠨᠢᠯᠴᠠᠭᠤᠯᠤᠭᠰᠠᠨ᠎ᠢᠶᠡᠷ᠂ ᠦᠤᠰᠢᠨ ᠬᠤᠰᠢᠭᠤ 《ᠠᠵᠢᠯ ᠣᠯᠭᠣᠯᠲᠠ᠎ᠶ᠋ᠢᠨ ᠴᠤᠭ᠍ᠯᠠᠭ᠎ᠠ ᠮᠠᠢᠮᠠᠶ᠎ᠶ᠋ᠢᠨ ᠡᠳᠦᠷ》᠂ 《ᠨᠡᠢᠭᠡᠮ ᠲᠣᠭᠣᠷᠢᠭ᠎ᠤᠨ ᠠᠵᠢᠯ᠎ᠤᠨ ᠪᠠᠢᠷᠢ᠎ᠶ᠋ᠢᠨ ᠬᠡᠲᠦ ᠳᠡᠯᠭᠡᠭᠦᠷ》ᠵᠡᠷᠭᠡ ᠠᠵᠢᠯᠯᠠᠭ᠎ᠠ ᠥᠷᠨᠢᠭᠦᠯᠵᠦ᠍᠂《ᠳᠥᠷᠪᠡᠨ ᠨᠠᠷᠢᠨ ᠲᠠᠩᠰᠠ》 ᠶ᠋ᠢᠨ ᠬᠥᠳᠡᠯᠦᠩᠭᠦᠶ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠥᠮᠦᠨ ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠢ ᠪᠠᠢᠭᠤᠯᠵᠤ᠂ ᠨᠢᠲᠤᠨᠤᠨ ᠵᠢᠯ᠂ ᠪᠥᠬᠥ᠌ ᠬᠣᠱᠢᠭᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠭᠣᠯᠲᠠ᠎ᠶ᠋ᠢᠨ ᠨᠣᠷᠮ᠎ᠠ 92% ᠲᠸ᠋ ᠬᠦᠷᠴᠡᠶ; ᠲᠤᠰ ᠬᠤᠰᠢᠭᠤ ᠪᠠᠰᠠ᠂ 《ᠨᠠᠮ᠎ᠤᠨ ᠪᠠᠢᠭᠤᠯᠤᠯᠲᠠ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ》 ᠪᠡᠷ ᠭᠣᠣᠯ ᠪᠣᠯᠭᠠᠵᠤ᠂ 《 ᠨᠠᠮ᠎ᠤᠨ ᠭᠡᠱᠢᠭᠦᠨ᠎ᠦ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠬᠣᠱᠢᠭᠤᠴᠢ ᠠᠩᠬᠢ》 ᠵᠢ ᠵᠣᠬᠢᠶᠠᠨ ᠪᠠᠢᠭᠤᠯᠵᠤ᠂ ᠠᠵᠢᠯ ᠤᠯᠬᠤ ᠳ᠋ᠤ ᠬᠦᠴᠢᠷᠲᠠᠢ ᠪᠦᠯᠬᠦᠮ ᠨᠠᠢᠲᠠ ᠵᠢᠨ ᠠᠵᠢᠯ ᠤᠯᠭᠤᠯᠲᠠ᠎ᠶᠢ ᠴᠢᠨᠠᠭᠰᠢᠲᠠ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号