ᠮᠠᠯᠴᠢᠨ ᠲᠠᠷᠢᠶᠠᠴᠢᠨ ᠤᠷ᠎ᠠ ᠮᠡᠷᠬᠡᠵᠢᠯ᠎ᠢᠶᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠠ
2025-11-27 11:22:23
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ᠡ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠬᠭᠢᠮ ᠡᠴᠠ ᠤᠢᠯᠠᠭᠠᠭᠰᠠᠨ᠎ᠢᠶᠡᠷ᠂ 11 ᠰᠠᠷ᠎ᠠ᠎ᠶ᠋ᠢᠨ 23 ᠤ᠋ ᠡᠳᠦᠷ᠂ ᠺᠠᠢᠯᠦ᠍ ᠱᠢᠶᠠᠨ ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠡᠯᠧᠺᠲ᠋ᠷᠣᠨ ᠬᠤᠳᠠᠯᠳᠤᠭᠠᠨ᠎ᠤ ᠪᠣᠯᠪᠠᠰᠤᠷᠠᠯ᠎ᠤᠨ ᠠᠩᠭᠢ᠎ᠳᠤ ᠬᠥᠮᠦᠰ ᠱᠢᠭᠤᠳ ᠨᠡᠪᠲᠡᠷᠡᠭᠦᠯᠭᠡ ᠎ᠪᠡᠷ ᠪᠠᠷᠠᠭ᠎ᠠ ᠬᠦᠷᠭᠡᠬᠦ᠌ ᠤᠷ᠎ᠠ ᠮᠡᠷᠭᠡᠵᠢᠯ᠎ᠦᠨ ᠲᠠᠢᠯᠤᠮᠵᠢ᠎ᠶ᠋ᠢ ᠠᠩᠬᠠᠷᠤᠯ᠎ᠢᠶᠠᠨ ᠲᠥᠪᠯᠡᠷᠡᠭᠦᠯᠦᠨ ᠰᠤᠨᠤᠰᠤᠨ᠎ᠠ᠃ 

《ᠡᠯᠧᠺᠲ᠋ᠷᠣᠨ ᠬᠤᠳᠠᠯᠳᠤᠭ᠎ᠠ  ᠪᠣᠯ ᠠᠵᠢᠯ ᠣᠯᠭᠣᠯᠲᠠ᠎ᠶ᠋ᠢᠨ ᠰᠠᠢᠨ ᠴᠢᠭ᠌ᠯᠡᠯ ᠮᠥᠨ᠂ ᠪᠣᠯᠪᠠᠰᠤᠷᠠᠯ᠎ᠢᠶᠠᠷ ᠳᠡᠮᠵᠢᠨ ᠮᠡᠳᠡᠯᠭᠡ ᠨᠥᠭᠡᠴᠡᠯᠡᠵᠦ᠍᠂ ᠢᠷᠡᠭᠡᠳᠦᠶ᠎ᠶ᠋ᠢᠨ ᠦᠢᠯᠡᠰ ᠤ᠋ᠨ᠎ᠢᠶᠡᠨ ᠬᠥᠭ᠌ᠵᠢᠯᠲᠡ᠎ᠳᠦ ᠰᠠᠭᠤᠷᠢ ᠲᠠᠯᠪᠢᠬᠤ ᠰᠠᠨᠠᠭ᠎ᠠ᠎ᠲᠠᠶ ᠪᠠᠢᠨ᠎ᠠ》 ᠬᠡᠵᠤ ᠡᠯᠧᠺᠲ᠋ᠷᠣᠨ ᠬᠤᠳᠠᠯᠳᠤᠭᠠᠨ᠎ᠤ ᠪᠣᠯᠪᠠᠰᠤᠷᠠᠯ᠎ᠤᠨ ᠠᠩᠭᠢ᠎ᠳᠤ ᠰᠤᠷᠤᠯᠴᠠᠵᠤ ᠪᠠᠢᠭ᠎ᠠ ᠯᠢ ᠬᠤᠢ ᠯᠢ ᠶᠠᠷᠢᠨ᠎ᠠ᠃ ᠡᠢᠮᠦᠷᠬᠦ᠌ ᠦᠵᠡᠭ᠌ᠳᠡᠯ ᠺᠠᠢᠯᠦ᠍ ᠱᠢᠶᠠᠨ᠎ᠳᠤ ᠭᠠᠵᠠᠷ ᠪᠣᠯᠭᠠᠨ᠎ᠳᠤ ᠬᠠᠷᠠᠭ᠍ᠳᠠᠵᠤ᠂ ᠱᠢᠶᠠᠨ᠎ᠤ ᠬᠥᠮᠦᠨ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ᠎ᠶ᠋ᠢᠨ ᠲᠣᠪᠴᠢᠶ᠎ᠠ ᠤᠷ᠎ᠠ ᠮᠡᠷᠬᠡᠵᠢᠯ ᠤ᠋ᠨ ᠪᠣᠯᠪᠠᠰᠤᠷᠠᠯ᠎ᠤᠨ ᠠᠩᠭᠢ᠎ᠶ᠋ᠢ ᠣᠯᠠᠨ ᠲᠦᠮᠡᠨ ᠎ᠦ ᠡᠭᠦᠳᠡᠨ᠎ᠳᠦ ᠡᠷᠭᠢᠯᠡᠵᠦ᠍᠂ ᠠᠵᠢᠯ ᠤᠯᠬᠤ ᠪᠠ ᠦᠶ᠋ᠯᠡᠰ ᠪᠤᠰᠬᠠᠬᠤ ᠬᠡᠷᠡᠭ᠌ᠴᠡᠭᠡ ᠱᠠᠭᠠᠷᠳᠠᠯᠭ᠎ᠠ᠎ᠲᠠᠶ ᠨᠠᠷᠢᠯᠢᠭ ᠤᠨᠤᠴᠠᠲᠠᠢ ᠵᠣᠯᠭᠠᠭᠤᠯᠤᠨ᠎ᠠ᠃ 

ᠺᠠᠢᠯᠦ᠍ ᠱᠢᠶᠠᠨ᠎ᠤ ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠠᠵᠢᠯ ᠣᠯᠭᠣᠯᠲᠠ ᠎ᠶ᠋ᠢ ᠠᠬᠢᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ᠂ ᠦᠶ᠋ᠯᠡᠰ ᠪᠤᠰᠬᠠᠬᠤ᠎ᠶ᠋ᠢ ᠲᠡᠳᠬᠦᠨ ᠳᠡᠮᠵᠢᠬᠦ᠌ ᠵᠡᠷᠭᠡ ᠦᠶ᠋ᠯᠡᠴᠢᠯᠡᠭᠡ ᠬᠠᠩᠭᠠᠵᠤ᠂ ᠬᠦᠲᠠᠯᠮᠤᠷᠢ ᠬᠦᠴᠤᠨ᠎ᠤ ᠨᠦᠬᠡᠴᠡ ᠳ᠋ᠤ ᠰᠠᠢᠨ ᠲᠦᠱᠢᠭ ᠪᠣᠯᠤᠨ᠎ᠠ᠃ ᠡᠨᠡ ᠡᠪᠦᠯ ᠎ᠤᠨ ᠤᠷ᠎ᠠ ᠮᠡᠷᠬᠡᠵᠢᠯ ᠤ᠋ᠨ ᠪᠤᠯᠪᠠᠰᠤᠷᠠᠯ ᠳ᠋ᠤ᠂ ᠮᠠᠯᠴᠢᠨ ᠲᠠᠷᠢᠶᠠᠴᠢᠨ᠎ᠢᠲᠠᠪᠬᠢᠲᠠᠢ ᠤᠷᠤᠯᠴᠠᠵᠤ᠂ ᠬᠤᠢᠰᠢᠲᠠ ᠵᠢᠨ ᠠᠵᠢᠯ ᠤᠯᠵᠤ ᠦᠢᠯᠡᠰ ᠪᠤᠰᠬᠠᠵᠤ᠂ ᠤᠷᠤᠯᠭ᠎ᠠ ᠪᠠᠨ ᠨᠡᠮᠡᠭᠲᠠᠬᠦᠯᠤᠨ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠪᠤᠯᠤᠨ᠎ᠠ ᠬᠡᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号