ᠠᠵᠢᠯ ᠣᠯᠭᠣᠯᠲᠠ ᠎ᠶ᠋ᠢᠨ ᠨᠥᠬᠥᠪᠥᠷᠢ ᠪᠠᠯᠠ ᠮᠥᠩᠭᠥ᠎ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ
2025-11-27 11:20:39
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ᠎ᠢᠶᠡᠷ᠂ 2025 ᠣᠨ᠎ᠳᠤ᠂ ᠤᠯᠠᠭᠠᠨᠴᠠᠪ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠠᠵᠢᠯ ᠣᠯᠭᠣᠯᠲᠠ ᠎ᠶ᠋ᠢᠨ ᠨᠥᠬᠥᠪᠥᠷᠢ ᠪᠠᠯᠠ ᠮᠥᠩᠭᠥ᠎ᠪᠡᠷ ᠵᠠᠩᠭᠢᠯᠠᠭ᠎ᠠ ᠎ᠶ᠋ᠢᠨ ᠭᠠᠷᠳᠠᠴᠠ ᠪᠣᠯᠭᠠᠵᠤ᠂ ᠳᠦᠷᠢᠮᠵᠢᠭᠦᠯᠦᠨ ᠬᠠᠮᠢᠶᠠᠷᠬᠤ᠂ ᠨᠠᠷᠢᠯᠢᠭ ᠣᠨᠣᠴᠠᠲᠠᠶ᠎ᠪᠠᠷ ᠲᠠᠷᠬᠠᠭᠠᠬᠤ᠎ᠪᠠᠷ ᠳᠠᠮᠵᠢᠨ᠂ ᠡᠳ᠋᠎ᠦᠨ ᠵᠠᠰᠠᠭ ᠎ᠤᠨ ᠪᠠᠯᠠ ᠮᠥᠩᠭᠥ᠎ᠶ᠋ᠢ ᠦᠨᠡᠨ ᠬᠦ᠌ ᠣᠯᠠᠨ ᠲᠦᠮᠡᠨ᠎ᠦ 《ᠰᠡᠳᠭᠢᠯ᠎ᠢ ᠳᠤᠯᠠᠭᠠᠴᠠᠭᠤᠯᠬᠤ ᠮᠦᠡᠭᠬᠦ》 ᠪᠣᠯᠭᠠᠨ ᠬᠤᠪᠢᠷᠠᠭᠤᠯᠵᠤ᠂ ᠠᠵᠢᠯ ᠣᠯᠭᠣᠯᠲᠠ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ ᠎ᠢ ᠪᠠᠲᠤ ᠰᠠᠬᠢᠪᠠ᠃ 

ᠠᠵᠢᠯ ᠤᠯᠭᠤᠯᠲᠠ ᠵᠢᠨ ᠨᠦᠬᠦᠪᠤᠷᠢ ᠪᠠᠯᠠ ᠮᠥᠩᠭᠥ ᠎ᠶ᠋ᠢ 《ᠢᠯᠠ ᠬᠠᠮᠢᠶᠠᠷᠴᠤ᠌᠂ ᠪᠣᠳᠠᠲᠠᠶ ᠭᠠᠵᠠᠷ᠎ᠲᠤ ᠬᠡᠷᠡᠭ᠌ᠯᠡᠬᠦ᠌》 ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠤᠯᠠᠭᠠᠨᠴᠠᠪ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠲᠦᠷᠦᠭᠦᠯᠡᠨ《ᠠᠵᠢᠯ ᠣᠯᠭᠣᠯᠲᠠ᠎ᠶ᠋ᠢᠨ ᠨᠥᠬᠥᠪᠥᠷᠢ ᠎ᠶ᠋ᠢᠨ ᠪᠠᠯᠠ ᠮᠥᠩᠭᠥ᠎ᠶ᠋ᠢᠨ ᠵᠠᠷᠤᠯᠭ᠎ᠠ᠎ᠶ᠋ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢᠨ ᠲᠦᠷᠢᠮ》 ᠵᠡᠷᠭᠡ ᠱᠢᠷᠢᠰ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠭᠤᠶᠤᠴᠢᠯᠠᠬᠤ᠂ ᠬᠢᠨᠠᠨ ᠬᠠᠷᠭᠤᠭᠤᠯᠬᠤ᠎ᠠᠴᠠ ᠰᠠᠯᠭᠠᠨ ᠥᠭ᠌ᠬᠦ ᠬᠦᠷᠲᠡᠯᠡᠬᠢ ᠪᠥᠬᠥ᠌ ᠶᠠᠪᠤᠴᠠ ᠳ᠋ᠤ ᠪᠠᠷᠢᠮᠵᠢᠶᠠᠵᠢᠭᠰᠠᠨ ᠱᠢᠰᠲ᠋ᠧᠮ᠎ᠢ ᠪᠠᠢᠭᠤᠯᠵᠤ᠂ ᠢᠯᠡ ᠲᠣᠳᠣ ᠠᠵᠢᠯᠯᠠᠭᠠᠨ᠎ᠢᠶᠠᠷ ᠬᠠᠮᠢᠶᠠᠷᠤᠯᠲᠠ᠎ᠶ᠋ᠢᠨ ᠳᠤᠲᠠᠭᠤᠳᠠᠯ᠎ᠢ ᠨᠥᠬᠥᠪᠥᠷᠢᠯᠡᠵᠦ᠍᠂ ᠪᠠᠯᠠ ᠮᠥᠩᠭᠥ᠎ᠶ᠋ᠢᠨ ᠠᠮᠤᠷ ᠲᠦᠪᠱᠢᠨ ᠥᠨᠳᠥᠷ ᠪᠦᠲᠦᠮᠵᠢᠲᠡᠶ ᠠᠵᠢᠯᠯᠠᠭᠠᠨ᠎ᠢ ᠪᠠᠲᠤᠯᠠᠵᠠᠢ᠃ 

 ᠪᠠᠯᠠ ᠮᠥᠩᠭᠥ᠎ᠶ᠋ᠢᠨ ᠣᠷᠣᠭᠤᠯᠤᠯᠲᠠ᠎ᠪᠠᠷ ᠡᠯ᠎ᠡ ᠲᠥᠷᠥᠯ᠎ᠦᠨ ᠪᠦᠯᠬᠦᠮ ᠨᠠᠢᠲᠠ ᠳ᠋ᠤ ᠠᠱᠢᠭ ᠬᠦᠷᠲᠡᠭᠡᠵᠤ᠂ ᠠᠵᠢᠯ ᠤᠯᠬᠤ᠎ᠳᠤ ᠬᠦᠴᠢᠷᠲᠡᠶ 4355 ᠬᠥᠮᠦᠰ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ᠎ᠪᠠᠷ ᠳᠠᠮᠵᠢᠨ ᠲᠣᠭ᠍ᠲᠠᠪᠤᠷᠢᠲᠠᠶ ᠣᠷᠣᠯᠭ᠎ᠠ᠎ᠲᠠᠶ ᠪᠣᠯᠬᠤ᠂ 1300 ᠭᠠᠷᠤᠶ ᠶᠠᠬᠡ ᠲᠠᠬᠡᠲᠤ ᠰᠤᠷᠭᠠᠭᠤᠯᠢ ᠲᠠᠬᠦᠰᠦᠭᠰᠡᠳ ᠲᠸ᠋ ᠠᠵᠢᠯ ᠤᠯᠭᠤᠯᠲᠠ ᠶ᠋ᠢ ᠠᠬᠢᠭᠤᠯᠪᠠ᠃

    

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号