10 ᠰᠠᠷᠠ ᠵᠢᠨ ᠰᠡᠭᠦᠯᠴᠢ ᠪᠣᠯᠲᠠᠯᠠ᠂ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠪᠦᠯᠦᠭ᠌ᠯᠡᠯᠦᠨ ᠱᠢᠯᠢ ᠵᠢᠨ ᠭᠤᠤᠯ ᠤ᠋ᠨ ᠴᠠᠬᠢᠯᠭᠠᠨ ᠬᠠᠩᠭᠠᠬᠤ ᠺᠣᠮᠫᠠᠨᠢ ᠵᠢᠨ 2025 ᠣᠨ ᠤ᠋ ᠮᠠᠯᠵᠢᠬᠤ ᠡᠷᠦᠬᠡᠵᠢᠨ ᠴᠠᠬᠢᠯᠭᠠᠨ ᠬᠦᠴᠦᠨ ᠤ᠋ ᠬᠠᠩᠭᠠᠯᠭᠠ ᠵᠢ ᠰᠢᠨᠡ ᠡᠨ᠋ᠸᠷᠬᠢ ᠡᠴᠡ ᠴᠠᠬᠢᠯᠭᠠᠨ ᠲᠤᠤᠷ ᠤ᠋ᠨ ᠴᠠᠬᠢᠯᠭᠠᠨ ᠬᠠᠩᠭᠠᠯᠳᠠ ᠪᠤᠯᠭᠠᠨ ᠬᠤᠪᠢᠷᠠᠭᠤᠯᠬᠤ ᠢᠨᠵᠧᠨᠧᠷᠢᠩ ᠢ᠋ ᠪᠥᠬᠥ᠌ ᠠᠢᠮᠠᠭ ᠤ᠋ᠨ 11 ᠬᠣᠱᠢᠭᠤ ᠱᠢᠶᠠᠨ (ᠬᠣᠲᠠ᠂ ᠲᠣᠭᠣᠷᠢᠭ) ᠳ᠋ᠤ ᠪᠥᠬᠥ᠌ ᠲᠠᠯᠠᠪᠠᠷ ᠳᠠᠭᠤᠰᠭᠠᠵᠤ᠂ 1703 ᠡᠷᠦᠬᠡ ᠪᠣᠢᠳᠠ ᠪᠦᠭ᠌ᠯᠡᠭᠦᠦ ᠤᠷᠤᠨ ᠤ᠋ ᠮᠠᠯᠴᠢᠨ ᠲᠠᠷᠢᠶᠠᠴᠢᠨ ᠤ᠋ ᠱᠢᠨᠡ ᠡᠨᠧᠷᠭᠢ ᠵᠢᠨ ᠴᠠᠬᠢᠯᠭᠠᠨ ᠬᠠᠩᠭᠠᠯᠳᠠ ᠵᠢ ᠲᠤᠭᠳᠠᠪᠤᠷᠢᠳᠠᠢ ᠴᠠᠬᠢᠯᠭᠠᠨ ᠲᠤᠤᠷ ᠤ᠋ᠨ ᠴᠠᠬᠢᠯᠭᠠᠨ ᠬᠠᠩᠭᠠᠯᠳᠠ ᠪᠤᠯᠭᠠᠨ ᠬᠤᠪᠢᠷᠠᠭᠤᠯᠬᠤ ᠵᠢ ᠪᠡᠶᠡᠯᠡᠭᠦᠯᠵᠦ᠍᠂ ᠮᠠᠯᠵᠢᠬᠤ ᠲᠠᠷᠢᠶᠠᠯᠠᠬᠤ ᠣᠷᠣᠨ ᠤ᠋ ᠴᠠᠬᠢᠯᠭᠠᠨ ᠬᠡᠷᠡᠭ᠌ᠯᠡᠬᠦ᠌ ᠶᠠᠰᠤ ᠴᠢᠨᠠᠷ ᠢ᠋ ᠶᠡᠬᠡ ᠪᠡᠷ ᠳᠡᠭᠡᠭ᠌ᠰᠢᠯᠡᠭᠦᠯᠪᠡ᠃
ᠤᠢᠯᠠᠭᠠᠭᠰᠠᠨ ᠵᠢᠡᠷ᠂ ᠲᠤᠰ ᠲᠦᠷᠦᠯ ᠵᠦᠢᠯ ᠢ᠋ ᠬᠡᠷᠡᠭᠵᠢᠬᠦᠯᠬᠦᠡᠴᠡ ᠡᠮᠦᠨᠡ᠂ ᠱᠢᠯᠢ ᠵᠢᠨ ᠭᠤᠤᠯ ᠤ᠋ᠨ ᠲᠠᠯᠠ ᠨᠤᠲᠤᠭ ᠲᠣ᠌᠂ ᠬᠡᠰᠡᠭ ᠮᠠᠯᠵᠢᠬᠤ ᠣᠷᠣᠨ ᠤ᠋ ᠭᠠᠵᠠᠷ ᠵᠦᠶ ᠵᠢᠨ ᠪᠠᠢᠷᠢᠯᠠᠯ ᠨᠢ ᠪᠣᠢᠳᠠ ᠪᠦᠭ᠌ᠯᠡᠭᠦᠦ᠂ ᠭᠠᠵᠠᠷ ᠤ᠋ᠨ ᠪᠠᠢᠴᠠ ᠨᠢ ᠪᠤᠳᠤᠯᠢᠶᠠᠨᠲᠠᠶ ᠪᠣᠯᠬᠣᠷ ᠣᠷᠳᠣ ᠬᠤᠭᠤᠴᠠᠭᠠᠪᠠᠷ ᠰᠠᠯᠬᠢᠨ ᠬᠦᠴᠦᠨ ᠬᠡᠷᠡᠯᠴᠢ ᠴᠡᠨᠡᠭ ᠬᠠᠷᠢᠯᠴᠠᠨ ᠨᠥᠬᠥᠪᠥᠷᠢᠯᠡᠬᠦ᠌ ᠲᠥᠬᠥᠭᠡᠷᠦᠮᠵᠢᠳᠦ ᠲᠦᠱᠢᠭ᠌ᠯᠡᠨ ᠴᠠᠬᠢᠯᠭᠠᠨ ᠬᠠᠩᠭᠠᠵᠤ᠂ ᠴᠠᠬᠢᠯᠭᠠᠨ ᠬᠦᠴᠦᠳᠡᠯᠦᠨ ᠬᠡᠯᠪᠡᠯᠵᠡᠯᠲᠡ ᠶᠡᠬᠡ᠂ ᠴᠠᠬᠢᠯᠭᠠᠨ ᠡᠨᠧᠷᠭᠢ ᠵᠢᠨ ᠬᠠᠩᠭᠠᠯᠭᠠ ᠬᠦᠷᠦᠯᠴᠡᠬᠦ᠌ ᠥᠬᠡᠶ ᠵᠡᠷᠭᠡ ᠠᠰᠠᠭᠤᠳᠠᠯ ᠲᠣᠪᠣᠢᠮᠠ ᠤᠷᠤᠰᠢᠵᠦ ᠪᠠᠢᠪᠠ᠃ ᠡᠨᠡᠨᠢ ᠲᠧᠯᠸᠢᠰ᠂ ᠬᠦᠯᠳᠡᠭᠡᠭᠦᠷ ᠵᠡᠷᠭᠡ ᠬᠡᠷᠦᠨ ᠰᠠᠭᠤᠷᠢ ᠴᠠᠬᠢᠯᠭᠠᠨ ᠬᠡᠷᠡᠭ᠌ᠰᠡᠯ ᠢ᠋ ᠲᠣᠭ᠍ᠲᠠᠪᠤᠷᠢᠳᠠᠢ ᠭᠡᠷᠡᠭᠯᠡᠬᠦ ᠵᠢᠨ ᠠᠷᠭᠠ ᠦᠭᠡᠢ ᠪᠤᠯᠭᠠᠭᠰᠠᠨ ᠵᠢᠡᠷ ᠪᠠᠷᠠᠬᠤ ᠦᠭᠡᠢ᠂ ᠨᠠᠩ ᠴᠤ᠌ ᠣᠳᠣᠬᠢᠴᠢᠯᠠᠭ᠍ᠰᠠᠨ ᠲᠡᠵᠢᠭᠡᠨ ᠦᠷᠡᠵᠢᠭᠦᠯᠬᠦ᠌ ᠲᠥᠬᠥᠭᠡᠷᠦᠮᠵᠢ ᠵᠢ ᠳᠡᠯᠭᠡᠷᠡᠭᠦᠯᠦᠨ ᠬᠡᠷᠡᠭ᠌ᠯᠡᠬᠦ᠌ ᠵᠢ ᠬᠢᠵᠠᠭᠠᠷᠯᠠᠵᠤ᠂ ᠲᠡᠵᠢᠭᠡᠯ ᠪᠣᠷᠳᠣᠭᠠ ᠪᠣᠯᠪᠠᠰᠤᠷᠠᠭᠤᠯᠬᠤ ᠵᠡᠷᠭᠡ ᠦᠶ᠋ᠯᠡᠳᠪᠦᠷᠢᠯᠡᠯᠦᠨ ᠭᠣᠭ᠍ᠴᠣᠭᠠᠨᠢ ᠵᠥᠪᠬᠡᠨ ᠬᠥᠮᠦᠨᠦ ᠬᠦᠴᠦᠨᠳᠦ ᠲᠦᠱᠢᠭ᠌ᠯᠡᠨ ᠠᠵᠢᠯᠯᠠᠵᠤ᠂ ᠮᠠᠯᠴᠢᠳ ᠤ᠋ᠨ ᠠᠮᠢᠳᠤᠷᠠᠯ ᠤ᠋ᠨ ᠶᠠᠰᠤ ᠴᠢᠨᠠᠷ ᠪᠣᠯᠤᠨ ᠮᠠᠯᠵᠢᠬᠤ ᠣᠷᠣᠨ ᠤ᠋ ᠠᠵᠤ ᠦᠶ᠋ᠯᠡᠰᠦᠨ ᠬᠥᠭ᠌ᠵᠢᠯᠲᠡ ᠵᠢ ᠶᠡᠬᠡ ᠪᠡᠷ ᠨᠥᠯᠥᠭᠡᠯᠡᠭᠰᠡᠨ ᠪᠠᠢᠪᠠ᠃
ᠪᠣᠢᠳᠠ ᠪᠦᠭ᠌ᠯᠡᠭᠦᠦ ᠮᠠᠯᠵᠢᠬᠤ ᠲᠠᠷᠢᠶᠠᠯᠠᠬᠤ ᠣᠷᠣᠨ ᠤ᠋ ᠴᠠᠬᠢᠯᠭᠠᠨ ᠬᠠᠩᠭᠠᠬᠤ ᠨᠠᠢᠳᠠᠪᠤᠷᠢᠲᠤ ᠴᠢᠨᠠᠷ ᠢ᠋ ᠦᠨᠡᠨ ᠬᠦ᠌ ᠳᠡᠭᠡᠭ᠌ᠰᠢᠯᠡᠭᠦᠯᠬᠦ᠌ ᠵᠢᠨ ᠲᠥᠯᠥᠭᠡ᠂ ᠰᠢᠯᠢ ᠵᠢᠨ ᠭᠤᠤᠯ ᠤ᠋ᠨ ᠴᠠᠬᠢᠯᠭᠠᠨ ᠬᠠᠩᠭᠠᠬᠤ ᠺᠣᠮᠫᠠᠨᠢ 4 ᠰᠠᠷᠠ ᠵᠢᠨ 15 ᠤ᠋ ᠡᠳᠦᠷ ᠴᠠᠬᠢᠯᠭᠠᠨ ᠲᠤᠤᠷ ᠲᠣ᠌ ᠱᠢᠯᠵᠢᠭᠦᠯᠬᠦ᠌ ᠢᠨᠵᠧᠨᠧᠷᠢᠩ ᠢ᠋ ᠪᠥᠬᠥ᠌ ᠲᠠᠯᠠᠪᠠᠷ ᠡᠬᠢᠯᠡᠭᠦᠯᠪᠡ᠃ ᠮᠠᠯᠴᠢᠨ ᠲᠠᠷᠢᠶᠠᠴᠢᠨ ᠤ᠋ ᠰᠠᠨᠠᠭᠠ ᠠᠮᠤᠷ ᠴᠠᠬᠢᠯᠭᠠᠨ ᠬᠡᠷᠡᠭ᠌ᠯᠡᠬᠦ᠌᠂ ᠳᠥᠭᠥᠮ ᠳᠥᠲᠡ ᠴᠠᠬᠢᠯᠭᠠᠨ ᠬᠡᠷᠡᠭ᠌ᠯᠡᠬᠦ᠌ ᠵᠢ ᠪᠠᠲᠤᠯᠠᠬᠤ ᠵᠢᠨ ᠲᠥᠯᠥᠭᠡ᠂ ᠢᠨᠵᠧᠨᠧᠷᠢᠩ ᠳᠠᠭᠤᠰᠤᠭ᠍ᠰᠠᠨ ᠤ᠋ ᠳᠠᠷᠠᠭᠠ᠂ ᠠᠵᠢᠯᠲᠠᠳ ᠰᠠᠨᠠᠭᠠᠴᠢᠯᠠᠭᠠᠠᠴᠠᠪᠠᠨ ᠮᠠᠯᠴᠢᠨ ᠲᠠᠷᠢᠶᠠᠨ ᠤ᠋ ᠬᠡᠷᠲᠦᠨᠢ ᠬᠦᠷᠴᠦ᠍ ᠬᠠᠮᠢᠶᠠ ᠪᠦᠬᠦᠢ ᠦᠶ᠋ᠯᠡᠴᠢᠯᠡᠭᠡ ᠥᠷᠨᠢᠭᠦᠯᠵᠦ᠍᠂ ᠠᠮᠤᠷ ᠲᠦᠪᠱᠢᠨ ᠵᠢᠡᠷ ᠴᠠᠬᠢᠯᠭᠠᠨ ᠬᠡᠷᠡᠭ᠌ᠯᠡᠬᠦ᠌ ᠶᠡᠷᠦ᠍ ᠵᠢᠨ ᠮᠡᠳᠡᠯᠭᠡ᠂ ᠰᠦᠯᠵᠢᠶᠡᠨ ᠳᠡᠭᠡᠷᠡ ᠰᠦᠶ᠋ᠳᠭᠡᠯ ᠲᠤᠱᠢᠶᠠᠬᠤ ᠶᠠᠪᠤᠴᠠ ᠵᠢ ᠨᠠᠷᠢᠯᠢᠭ ᠲᠠᠢᠯᠪᠤᠷᠢᠯᠠᠵᠤ᠂ ᠬᠡᠷᠦᠨ ᠴᠠᠬᠢᠯᠭᠠᠨ ᠬᠡᠷᠡᠭ᠌ᠰᠡᠯᠦᠨ ᠲᠥᠬᠥᠭᠡᠷᠦᠮᠵᠢ ᠵᠢᠨ ᠠᠵᠢᠯᠯᠠᠭᠠ ᠵᠢ ᠭᠠᠷᠳᠠᠨ ᠵᠢᠯᠣᠭᠣᠳᠴᠤ᠌᠂ ᠠᠮᠤᠷ ᠲᠦᠪᠱᠢᠨ ᠵᠢᠡᠷ ᠴᠠᠬᠢᠯᠭᠠᠨ ᠬᠡᠷᠡᠭ᠌ᠯᠡᠬᠦ᠌ ᠰᠡᠷᠭᠡᠢᠯᠡᠯᠲᠡ ᠵᠢᠨ ᠱᠤᠭᠤᠮ ᠢ᠋ ᠪᠠᠲᠤ ᠴᠣᠭ᠍ᠴᠠᠯᠠᠭᠰᠠᠨ ᠪᠠᠢᠨᠠ᠃