ᠲᠦᠷᠦᠭᠦᠭᠡᠨ ᠪᠦᠭᠦ ᠤᠷᠤᠨ ᠤ᠋ ᠡᠮᠴᠢᠯᠠᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠪᠠ ᠡᠵᠡᠮᠳᠡᠯ ᠤ᠋ᠨ ᠪᠣᠯᠪᠠᠰᠤᠷᠠᠯ ᠤ᠋ᠨ ᠠᠩᠭᠢ ᠬᠥᠬᠡᠬᠣᠲᠠ ᠳ᠋ᠤ᠌ ᠶᠠᠪᠤᠭᠳᠠᠪᠠ᠃
ᠪᠤᠯᠪᠠᠰᠤᠷᠠᠯ ᠲᠡᠭᠡᠷ᠎ᠠ᠂ ᠡᠯ᠎ᠡ ᠶᠠᠰᠤ ᠴᠢᠨᠠᠷ ᠢ᠋ ᠡᠵᠡᠮᠳᠡᠭᠦ ᠲᠥᠪ ᠤ᠋ᠨ ᠬᠢᠨ ᠤᠯᠤᠰ ᠲᠥᠷᠥ ᠵᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠥᠲᠥᠯᠦᠨ ᠳᠠᠭᠠᠭᠤᠯᠵᠤ ᠳᠠᠢᠴᠢᠯᠠᠬᠤ ᠦᠢᠯᠡᠳᠦᠯ ᠵᠢᠡᠨ ᠭᠦᠢᠴᠡᠳ ᠪᠠᠳᠠᠷᠠᠭᠤᠯᠤᠨ᠂ ᠲᠤᠰ ᠪᠡᠶ᠎ᠡ ᠵᠢᠨ ᠪᠠᠢᠭᠤᠯᠤᠯᠲᠠ ᠪᠠᠨ ᠴᠢᠩᠭᠠᠳᠬᠠᠨ᠂ ᠲᠤᠰᠬᠠᠢ ᠠᠵᠢᠯ ᠤ᠋ᠨ ᠬᠦᠴᠦᠨ ᠵᠢᠡᠨ ᠲᠡᠭᠦᠯᠳᠡᠷᠵᠢᠭᠦᠯᠬᠦ ᠪᠡᠷ ᠪᠠᠷᠠᠬᠤ ᠥᠬᠡᠢ᠂ ᠪᠠᠰᠠ ᠲᠤᠰᠬᠠᠢ ᠮᠡᠷᠭᠡᠵᠢᠯ ᠤ᠋ᠨ ᠳᠠᠪᠠᠭᠤᠯᠢᠭ ᠵᠢᠠᠨ ᠪᠠᠳᠠᠷᠠᠭᠤᠯᠵᠤ ᠂ ᠪᠦᠬᠦ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠠᠵᠢᠯ ᠤ᠋ᠨ ᠨᠢᠭᠡᠳᠦᠯᠲᠡᠢ ᠲᠥᠯᠥᠪᠵᠢᠭᠦᠯᠭᠡ ᠪᠠ ᠲᠤᠬᠠᠢᠯᠠᠭᠰᠠᠨ ᠠᠵᠢᠯ ᠤ᠋ᠨ ᠵᠢᠯᠣᠭᠣᠳᠤᠯᠭ᠎ᠠ ᠪᠠᠨ ᠴᠢᠩᠭᠠᠳᠬᠠᠵᠤ᠂ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠬᠢᠭᠡᠳ ᠡᠵᠡᠮᠰᠢᠯ ᠤ᠋ᠨ ᠣᠨᠣᠯ ᠤ᠋ᠨ ᠰᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠬᠠᠩᠭᠠᠯᠭ᠎ᠠ ᠵᠢᠨ ᠶᠠᠰᠤ ᠴᠢᠨᠠᠷ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠲᠤᠰ ᠤᠳᠠᠭ᠎ᠠ ᠵᠢᠨ ᠪᠣᠯᠪᠠᠰᠤᠷᠠᠯ ᠳ᠋ᠤ ᠤᠯᠤᠰ ᠤ᠋ᠨ ᠳᠣᠲᠣᠭᠠᠳᠤ ᠵᠢᠨ ᠣᠯᠠᠨ ᠨᠡᠷᠡᠲᠦ ᠲᠤᠰᠬᠠᠢ ᠮᠡᠷᠭᠡᠵᠢᠯᠲᠡᠨ ᠢ᠋ ᠤᠷᠢᠵᠤ᠂ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠪᠣᠯᠤᠨ ᠡᠵᠡᠮᠰᠢᠯ ᠤ᠋ᠨ ᠰᠢᠰᠲ᠋ᠸᠮ ᠤ᠋ᠨ ᠪᠠᠢᠭᠤᠯᠤᠯᠲᠠ ᠵᠢᠨ ᠠᠭᠤᠯᠭ᠎ᠠ ᠵᠢᠨ ᠲᠣᠭᠣᠷᠢᠨ ᠳ᠋ᠤ᠌ ᠲᠠᠢᠯᠤᠮᠵᠢ ᠬᠢᠯᠭᠡᠪᠠ᠃ ᠪᠣᠯᠪᠠᠰᠤᠷᠠᠯ ᠤ᠋ᠨ ᠬᠤᠭᠤᠴᠠᠭᠠᠨ ᠳ᠋ᠤ᠌᠂ 《ᠥᠪᠡᠷᠲᠡᠭᠡᠨ ᠵᠠᠰᠠᠬᠤ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠢ᠋ ᠡᠵᠡᠮᠳᠡᠬᠦ ᠲᠥᠪ ᠤ᠋ᠨ ᠬᠢᠨᠠᠨ ᠰᠢᠯᠭᠠᠬᠤ ᠠᠷᠭ᠎ᠠ(ᠲᠤᠷᠰᠢᠨ ᠬᠡᠷᠡᠭᠵᠢᠭᠦᠯᠬᠦ)》 ᠵᠡᠷᠭᠡᠳᠤ ᠲᠠᠢᠯᠪᠤᠷᠢᠯᠡᠯᠳᠠ ᠬᠢᠵᠤ᠂ ᠲᠠᠷᠠᠴᠢᠯᠠᠨ 2025 ᠣᠨ ᠡᠴᠡ ᠡᠬᠢᠯᠡᠨ ᠥᠪᠡᠷᠲᠡᠭᠡᠨ ᠵᠠᠰᠠᠬᠤ ᠣᠷᠣᠨ ᠤ᠋ ᠳᠡᠰ ᠤ᠋ᠨ 57 ᠡᠮᠴᠢᠯᠡᠭᠡᠨ ᠤ᠋ ᠶᠠᠰᠤ ᠴᠢᠨᠠᠷ ᠢ᠋ ᠡᠵᠡᠮᠳᠡᠬᠦ ᠲᠥᠪ ᠲᠦ᠍ ᠬᠢᠨᠠᠨ ᠰᠢᠯᠭᠠᠵᠤ ᠦᠨᠡᠯᠡᠨ ᠵᠢᠱ᠌ᠢᠯᠳᠠ ᠬᠢᠭᠦ ᠱᠠᠭᠠᠷᠳᠠᠯᠭ᠎ᠠ ᠵᠢ ᠲᠣᠳᠣᠷᠬᠠᠢᠯᠠᠪᠠ᠃
ᠲᠤᠰ ᠤᠳᠠᠭ᠎ᠠ ᠵᠢᠨ ᠪᠣᠯᠪᠠᠰᠤᠷᠠᠯ ᠤ᠋ᠨ ᠠᠭᠤᠯᠭ᠎ᠠ ᠪᠦᠷᠢᠨ ᠲᠡᠭᠦᠯᠳᠡᠷ᠂ ᠬᠠᠨᠳᠤᠯᠭᠠᠲᠤ ᠴᠢᠨᠠᠷ ᠵᠢᠠᠷ ᠴᠢᠩᠭ᠎ᠠ ᠪᠠᠢᠵᠤ᠂ ᠲᠤᠰᠬᠠᠢ ᠮᠡᠷᠭᠡᠵᠢᠯᠲᠡᠨ ᠵᠢᠡᠷ ᠬᠢᠴᠢᠶᠡᠯ ᠣᠷᠣᠭᠤᠯᠬᠤ᠂ ᠲᠥᠷᠥ ᠵᠢᠨ ᠪᠣᠳᠣᠯᠭ᠎ᠠ ᠵᠢᠨ ᠲᠠᠢᠯᠤᠮᠵᠢ ᠬᠢᠬᠦ ᠪᠠ ᠠᠵᠢᠯ ᠤ᠋ᠨ ᠪᠠᠢᠷᠢᠯᠠᠭᠤᠯᠤᠯᠲᠠ ᠬᠢᠬᠦ ᠪᠠᠷ ᠳᠠᠮᠵᠢᠨ ᠪᠦᠬᠦ ᠣᠷᠣᠨ ᠤ᠋ ᠡᠮᠴᠢᠯᠡᠭᠡᠨ ᠤ᠋ ᠶᠠᠰᠤ ᠴᠢᠨᠠᠷ ᠤ᠋ᠨ ᠬᠠᠮᠢᠶᠠᠷᠤᠯᠲᠠ ᠪᠠ ᠡᠵᠡᠮᠳᠡᠯ ᠤ᠋ᠨ ᠠᠵᠢᠯᠲᠠᠳ ᠤ᠋ᠨ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠ ᠬᠠᠮᠢᠶᠠᠷᠤᠯᠲᠠ ᠵᠢᠨ ᠲᠦᠪᠰᠢᠨ ᠢ᠋ ᠤᠯᠠᠮ ᠳᠡᠭᠡᠭᠰᠢᠯᠡᠭᠦᠯᠵᠦ᠂ ᠡᠮᠴᠢᠯᠡᠭᠡᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠰᠠᠢᠵᠢᠷᠠᠯᠲᠠ ᠵᠢ ᠦᠷᠭᠦᠯᠵᠢᠯᠡᠨ ᠠᠬᠢᠭᠤᠯᠬᠤ᠂ ᠥᠪᠥᠷ ᠮᠣᠩᠭᠣᠯ ᠤ᠋ᠨ ᠡᠮᠴᠢᠯᠡᠭᠡᠨ ᠤ᠋ ᠶᠠᠰᠤ ᠴᠢᠨᠠᠷ ᠤ᠋ᠨ ᠳᠡᠭᠡᠭᠰᠢᠯᠡᠯᠲᠡ ᠵᠢ ᠠᠬᠢᠭᠤᠯᠬᠤ ᠳ᠋ᠤ᠌ ᠪᠠᠲᠤ ᠰᠠᠭᠤᠷᠢ ᠲᠠᠯᠪᠢᠬᠰᠠᠨ ᠪᠠᠢᠨ᠎ᠠ᠃