ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠬᠡᠪ ᠳᠠᠭᠤᠷᠢᠶᠠᠯ᠎ᠢ᠋ ᠪᠣᠶ ᠪᠣᠯᠭᠠᠨ᠎ᠠ
2025-11-28 16:26:43
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠡᠴᠡ ᠦᠬᠠᠢ ᠬᠤᠳᠠ᠎ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠱᠢᠵᠢᠮ ᠤ᠋ᠨ ᠲᠤᠭᠤᠷᠢᠨ ᠳ᠋ᠤ᠂ 《ᠦᠬᠠᠢ᠎ᠳᠤ ᠠᠭᠤᠰᠤᠯᠴᠠᠭᠤᠯᠬᠤ》 ᠲᠦᠷᠦᠯ ᠲᠡᠮᠳᠡᠭ᠎ᠦᠨ ᠪᠠᠢᠭᠤᠯᠤᠯᠲᠠ᠎ᠪᠠᠷ ᠭᠣᠣᠯ ᠪᠣᠯᠭᠠᠵᠤ᠂ ᠦᠨᠳᠦᠰᠦᠲᠡᠨ᠎ᠨᠦᠭᠦᠳ᠎ᠦᠨ ᠪᠦᠬᠦ᠌ ᠲᠠᠯ᠎ᠠ᠎ᠪᠠᠷ ᠱᠢᠭᠢᠳᠭᠡᠬᠦ᠌᠂ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠵᠤ᠂ ᠬᠠᠮᠲᠤ᠎ᠪᠠᠷ ᠣᠷᠣᠱᠢᠵᠤ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠠᠮᠢᠳᠤᠯᠢᠭ ᠵᠢᠷᠤᠭ᠎ᠢ ᠵᠢᠷᠤᠭ᠍ᠯᠠᠪᠠ᠃ 

ᠦᠬᠠᠢ ᠬᠣᠲᠠ ᠣᠷᠳᠣᠰ᠂ ᠪᠠᠶᠠᠨᠨᠠᠭᠤᠷ᠂ ᠠᠯᠠᠱᠠ ᠵᠡᠷᠭᠡ ᠡᠷᠬᠢᠨ ᠲᠣᠭᠣᠷᠢᠨ᠎ᠤ ᠠᠢᠮᠠᠭ ᠬᠣᠲᠠ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠨᠢᠭᠡᠴᠢ ᠲᠡᠶ ᠬᠠᠷᠢᠯᠴᠠᠨ ᠦᠵᠡᠵᠦ᠍ ᠬᠠᠷᠢᠯᠴᠠᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ 《ᠤᠮᠠᠷᠠᠲᠤ ᠬᠢᠯᠢ᠎ᠶ᠋ᠢᠨ ᠪᠠᠭᠠᠴᠤᠳ ᠭᠠᠷ ᠭᠠᠷ᠎ᠢᠶᠠᠨ ᠬᠣᠯᠪᠤᠬᠤ ᠠᠶᠠᠯᠠᠯ》 ᠵᠡᠷᠭᠡ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠍᠂ ᠣᠷᠣᠨ ᠪᠦᠰᠡ᠎ᠶ᠋ᠢᠨ ᠳᠣᠲᠣᠷᠠᠬᠢ ᠦᠨᠳᠦᠰᠦᠲᠡᠨ᠎ᠨᠦᠭᠦᠳ᠎ᠦᠨ ᠬᠠᠢᠷ᠎ᠠ ᠰᠡᠳᠭᠢᠯᠭᠡ᠎ᠶ᠋ᠢᠨ ᠨᠡᠪᠲᠡᠷᠡᠯᠴᠡᠭᠡ᠎ᠶ᠋ᠢ ᠠᠬᠢᠭᠤᠯᠵᠠᠢ᠃ ᠣᠷᠣᠨ ᠪᠦᠰᠡ ᠠᠯᠤᠰᠯᠠᠭ᠍ᠰᠠᠨ ᠬᠠᠮᠲᠤᠷᠠᠯᠴᠠᠭ᠎ᠠ ᠲᠠᠰᠤᠷᠠᠯᠲᠠ ᠥᠬᠡᠶ ᠭᠦᠨᠵᠡᠭᠡᠢᠷᠡᠵᠦ᠍᠂ ᠱᠢᠨᠵᠢᠶᠠᠩ᠎ᠤᠨ ᠲᠠᠷᠪᠠᠭᠠᠲᠠᠶ ᠬᠣᠲᠠ ᠵᠡᠷᠭᠡ 10 ᠭᠠᠵᠠᠷ ᠣᠷᠣᠨ᠎ᠯᠤᠭ᠎ᠠ ᠠᠵᠢᠯ ᠣᠯᠭᠣᠵᠤ ᠦᠶ᠋ᠯᠡᠰ ᠪᠤᠰᠬᠠᠬᠤ ᠬᠠᠮᠲᠤᠷᠠᠯᠴᠠᠭᠠᠨ᠎ᠤ ᠲᠣᠭ᠍ᠲᠠᠴᠠ ᠪᠠᠢᠭᠤᠯᠵᠤ᠂ 21 ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠬᠢᠨ ᠥᠪᠡᠷᠲᠡᠭᠡᠨ ᠵᠠᠰᠠᠬᠤ ᠣᠷᠣᠨ᠎ᠤ 15 ᠶᠡᠬᠡ ᠳᠡᠭᠡᠳᠦ ᠰᠤᠷᠭᠠᠭᠤᠯᠢ᠎ᠯᠤᠭ᠎ᠠ 《ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ》᠎ᠤ᠋ᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ 142 ᠲᠠᠯᠠᠪᠤᠷ ᠱᠢᠷᠢᠰ ᠠᠵᠢᠯᠲᠠᠨ ᠡᠯᠰᠡᠬᠦ᠌ ᠠᠵᠢᠯᠯᠠᠭ᠎ᠠ᠎ᠪᠠᠷ ᠳᠠᠮᠵᠢᠨ᠂ ᠠᠵᠤ ᠠᠬᠤᠢᠯᠠᠯ᠎ᠢ ᠬᠠᠪᠰᠤᠷᠤᠨ 8216 ᠠᠵᠢᠯᠴᠢᠨ ᠳᠤᠲᠠᠭ᠍ᠳᠠᠵᠤ ᠪᠠᠢᠭ᠎ᠠ ᠠᠰᠠᠭᠤᠳᠠᠯ᠎ᠢ ᠱᠢᠶ᠋ᠳᠪᠦᠷᠢᠯᠡᠵᠠᠢ᠃ 

ᠦᠬᠠᠶ ᠪᠣᠯᠤᠨ ᠬᠤᠪᠧᠶ᠎ᠶ᠋ᠢᠨ ᠢᠴᠠᠩ᠂ ᠵᠢᠶᠠᠩᠰᠦ᠎ᠶ᠋ᠢᠨ ᠬᠤᠸᠠᠢ ᠠᠨ᠂ ᠭᠦᠶ᠋ᠵᠧᠤ᠎ᠶ᠋ᠢᠨ ᠭᠦᠶ᠋ᠶᠠᠩ ᠵᠡᠷᠭᠡ 18 ᠭᠠᠵᠠᠷ ᠣᠷᠣᠨ ᠡᠯ᠎ᠡ ᠦᠨᠳᠦᠰᠦᠲᠡᠨ᠎ᠦ ᠵᠠᠯᠠᠭᠤᠴᠤᠳ ᠪᠠᠭᠠᠴᠤᠳ᠎ᠤᠨ ᠨᠥᠬᠥᠷᠰᠡᠭ ᠰᠣᠯᠢᠯᠴᠠᠭᠠᠨ᠎ᠤ ᠬᠣᠲᠠ᠎ᠶ᠋ᠢ ᠪᠠᠢᠭᠤᠯᠵᠤ᠂ 《ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ ᠭᠠᠷ ᠭᠠᠷ᠎ᠢᠶᠠᠨ ᠬᠣᠯᠪᠣᠯᠴᠠᠬᠤ》 ᠵᠡᠷᠭᠡ ᠣᠨᠴᠠᠯᠢᠭ᠍ᠲᠤ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠨᠡᠢᠲᠡ 3000 ᠭᠠᠷᠤᠶ ᠲᠠᠯᠠᠪᠤᠷ ᠰᠣᠯᠢᠯᠴᠠᠭᠠᠨ᠎ᠤ ᠠᠵᠢᠯᠯᠠᠭ᠎ᠠ ᠡᠷᠭᠢᠯᠡᠵᠦ᠍᠂ 29 ᠲᠦᠮᠡᠨ ᠬᠥᠮᠦᠨ ᠤᠳᠠᠭ᠎ᠠ ᠡᠭᠦᠨ᠎ᠳᠦ ᠣᠷᠣᠯᠴᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号