ᠥᠪᠥᠷ ᠮᠣᠩᠭᠣᠯ ᠠᠷᠪᠠᠨ ᠵᠦᠢᠯ ᠎ᠦᠨ ᠠᠷᠭ᠎ᠠ ᠬᠡᠮᠵᠢᠶ᠎ᠡ ᠠᠪᠴᠦ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ ᠎ᠦ ᠬᠥᠯ ᠪᠥᠮᠪᠥᠭᠡ᠎ᠶᠢᠨ ᠴᠢᠨᠠᠷ ᠰᠠᠢᠲᠠᠢ ᠬᠦᠭᠵᠢᠯᠳᠡ ᠵᠢ ᠠᠬᠢᠭᠤᠯᠵᠤ ᠪᠤᠢ
2025-11-28 10:24:10
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠎ᠦᠨ ᠲᠢᠩᠬᠢᠮ ᠬᠢᠭᠡᠳ ᠪᠡᠶ᠎ᠡ᠎ᠶᠢᠨ ᠲᠠᠮᠢᠷ᠎ᠤᠨ ᠲᠣᠪᠴᠢᠶ᠎ᠠ ᠬᠠᠮᠲᠤᠷᠠᠨ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ ᠎ᠦ ᠬᠥᠯ ᠪᠥᠮᠪᠥᠭᠡ ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠷᠪᠠᠨ ᠵᠤᠷᠪᠤᠰ ᠠᠷᠭ᠎ᠠ ᠬᠡᠮᠵᠢᠶ᠎ᠡ 》 (ᠲᠤᠷᠤᠭᠰᠢ 《 ᠠᠷᠭ᠎ᠠ ᠬᠡᠮᠵᠢᠶ᠎ᠡ 》 ᠭᠡᠵᠦ ᠲᠤᠪᠴᠢᠯᠠᠨ᠎ᠠ ) ᠵᠢ ᠳᠠᠷᠤᠮᠠᠯᠯᠠᠨ ᠳᠠᠷᠬᠠᠭᠠᠪᠠ᠃ ᠡᠬᠦᠨ ᠳ᠋ᠤ ᠬᠥᠯ ᠪᠥᠮᠪᠥᠭᠡ᠎ᠪᠡᠷ ᠬᠥᠮᠥᠨ ᠬᠥᠮᠥᠵᠢᠭᠦᠯᠬᠦ ᠴᠢᠳᠠᠮᠵᠢ᠎ᠶᠢ ᠴᠢᠩᠭᠠᠳᠬᠠᠬᠤ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢ ᠲᠦᠭᠡᠮᠡᠯᠵᠢᠭᠦᠯᠦᠨ ᠳᠡᠭᠡᠭᠰᠢᠯᠡᠭᠦᠯᠬᠦ᠎ᠶᠢ ᠠᠬᠢᠭᠤᠯᠬᠤ᠂ ᠬᠥᠯ ᠪᠥᠮᠪᠥᠭᠡ᠎ᠶᠢᠨ ᠬᠦᠷᠢᠶᠡᠨ᠎ᠳᠡᠬᠢ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ ᠎ᠢ   ᠭᠦᠨᠵᠡᠭᠡᠢᠷᠡᠭᠦᠯᠬᠦ   ᠵᠡᠷᠭᠡ᠎ᠶᠢᠨ ᠲᠣᠭᠣᠷᠢᠨ᠎ᠳᠤ ᠠᠷᠪᠠᠨ ᠵᠤᠷᠪᠤᠰ ᠠᠷᠭ᠎ᠠ ᠬᠡᠮᠵᠢᠶ᠎ᠡ ᠳᠤᠷᠠᠳᠴᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠴᠢᠨᠠᠷ ᠰᠠᠢᠲᠠᠢ ᠬᠥᠭᠵᠢᠯᠲᠡ᠎ᠶᠢ ᠤᠯᠠᠮ ᠠᠬᠢᠭᠤᠯᠵᠤ᠂ ᠰᠤᠷᠭᠠᠨ ᠬᠥᠮᠦᠵᠢᠯ ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠂ ᠪᠡᠶ᠎ᠡ᠎ᠶᠢᠨ ᠲᠠᠮᠢᠷ ᠎ᠢᠶᠠᠷ ᠣᠷᠣᠨ ᠎ᠢᠶᠠᠨ ᠬᠦᠴᠦᠷᠬᠡᠭᠵᠢᠭᠦᠯᠬᠦ  ᠪᠠᠢᠭᠤᠯᠤᠯᠲᠠ᠎ᠳᠤ ᠬᠦᠴᠦᠨ ᠨᠡᠮᠡᠷᠢᠯᠡᠬᠦ ᠪᠤᠯᠤᠨ᠎ᠠ᠃

《ᠠᠷᠭ᠎ᠠ ᠬᠡᠮᠵᠢᠶ᠎ᠡ》 ᠳ᠋ᠸ᠋᠂ ᠡᠯ᠎ᠡ ᠱᠠᠲᠤᠨ ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠬᠥᠯ ᠪᠥᠮᠪᠥᠭᠡ᠎ᠶᠢᠨ ᠬᠥᠳᠡᠯᠭᠡᠭᠡᠨ ᠎ᠢ ᠥᠷᠭᠡᠨ᠎ᠢᠶᠡᠷ ᠥᠷᠨᠢᠭᠦᠯᠵᠦ᠂ ᠬᠥᠯ ᠪᠥᠮᠪᠥᠭᠡ᠎ᠶᠢᠨ ᠲᠥᠷᠥᠯ ᠵᠦᠢᠯ ᠎ᠦᠨ ᠪᠡᠶ᠎ᠡ ᠎ᠶᠢᠨ ᠲᠠᠮᠢᠷ᠎ᠤᠨ ᠬᠢᠴᠢᠶᠡᠯ᠎ᠦᠨ ᠵᠢᠭᠠᠨ ᠰᠤᠷᠭᠠᠯᠲᠠ᠎ᠳᠠᠬᠢ ᠡᠵᠡᠯᠡᠬᠦ ᠬᠠᠷᠢᠴᠠᠯ ᠎ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠎ᠨᠤᠭᠤᠳ ᠠᠩᠭᠢ ᠨᠢᠭᠡᠴᠢ᠎ᠶᠢᠨ ᠬᠣᠯᠪᠣᠭᠠᠲᠤ ᠤᠷᠤᠯᠳᠤᠭᠠᠨ᠎ᠢᠶᠠᠷ ᠭᠣᠣᠯ ᠪᠣᠯᠭᠠᠵᠤ᠂ ᠰᠢᠨᠵᠢᠯᠡᠬᠦ ᠤᠬᠠᠭᠠᠨᠴᠢ ᠬᠢᠴᠢᠶᠡᠯ᠎ᠦᠨ ᠰᠢᠰᠲᠧᠮ᠎ᠢ᠋ ᠪᠠᠶ᠋ᠢᠭᠤᠯᠬᠤ ᠬᠡᠷᠡᠭᠲᠡᠢ᠃ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠨᠠᠷᠠᠲᠤ ᠪᠠᠭ᠍ᠰᠢ᠎ᠶᠢᠨ ᠠᠵᠢᠯᠯᠠᠬᠤ ᠦᠷᠦᠬᠡ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠣᠷᠣᠨ ᠪᠦᠰᠡ᠎ᠪᠡᠷ᠎ᠢᠶᠡᠨ ᠬᠠᠮᠵᠢᠯᠴᠠᠬᠤ ᠪᠠ ᠣᠨᠴᠠᠯᠢᠭ᠍ᠲᠤ ᠰᠤᠷᠭᠠᠭᠤᠯᠢ᠎ᠶᠢᠨ《ᠭᠠᠷ ᠭᠠᠷ᠎ᠢᠶᠠᠨ ᠬᠣᠯᠪᠣᠯᠴᠠᠨ》ᠬᠠᠪᠰᠤᠷᠤᠯᠴᠠᠭ᠎ᠠ ᠪᠠᠢᠭᠤᠯᠬᠤ ᠵᠡᠷᠬᠡ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠠᠷᠭ᠎ᠠ ᠮᠠᠶᠢᠭ᠋ ᠵᠢᠡᠷ ᠰᠤᠷᠭᠠᠭᠤᠯᠢ ᠎ᠶᠢᠨ ᠬᠦᠷᠢᠶᠡᠨ ᠎ᠦ ᠬᠥᠯ ᠪᠥᠮᠪᠥᠭᠡ᠎ᠶᠢᠨ ᠰᠣᠶᠣᠯ᠎ᠤᠨ ᠨᠠᠢᠷ᠂ ᠤᠳᠬ᠎ᠠ ᠤᠷᠠᠯᠢᠭ᠋ ᠎ᠤᠨ ᠵᠣᠬᠢᠶᠠᠨ ᠪᠦᠲᠦᠭᠡᠯᠭᠡ ᠵᠡᠷᠭᠡ ᠣᠨᠴᠠᠯᠢᠭ᠍ᠲᠤ ᠠᠵᠢᠯᠯᠠᠭ᠎ᠠ᠎ᠶᠢ ᠥᠷᠨᠢᠭᠦᠯᠵᠦ᠂ ᠰᠤᠷᠭᠠᠭᠤᠯᠢ ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠰᠣᠶᠣᠯ᠎ᠤᠨ ᠪᠠᠢᠭᠤᠯᠤᠯᠲᠠ᠎ᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ ᠂ ᠭᠠᠵᠠᠷ ᠣᠷᠣᠨ ᠪᠠ ᠦᠨᠳᠦᠰᠦᠲᠡᠨ᠎ᠦ ᠣᠨᠴᠠᠯᠢᠭ᠋᠎ᠲᠠᠢ ᠰᠤᠷᠭᠠᠭᠤᠯᠢ ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠰᠣᠶᠣᠯ᠎ᠤᠨ ᠨᠡᠷ᠎ᠡ᠎ᠶᠢᠨ ᠬᠠᠭᠤᠳᠠᠰᠤ᠎ᠶᠢ ᠪᠣᠶ ᠪᠤᠯᠭᠠᠬᠤ ᠬᠡᠷᠡᠭᠳᠡᠢ ᠬᠡᠵᠦ ᠱᠠᠭᠠᠷᠳᠠᠪᠠ᠃

《ᠠᠷᠭ᠎ᠠ ᠬᠡᠮᠵᠢᠶ᠎ᠡ》 ᠳ᠋ᠤ᠂ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠂ ᠲᠠᠮᠢᠷ᠎ᠤᠨ ᠰᠤᠷᠭᠠᠭᠤᠯᠢ ᠪᠠ ᠨᠡᠢᠭᠡᠮ᠎ᠦᠨ ᠵᠠᠯᠠᠭᠤᠴᠤᠳ᠎ᠤᠨ ᠪᠣᠯᠪᠠᠰᠤᠷᠠᠯ᠎ᠤᠨ ᠪᠠᠢᠭᠤᠯᠤᠮᠵᠢ  ᠬᠠᠮᠲᠤ ᠪᠠᠷ ᠱᠠᠲᠤᠯᠵᠢᠨ ᠡᠩᠨᠡᠭᠡ ᠪᠠᠶ᠋ᠢᠭᠤᠯᠬᠤ᠎ᠶᠢ ᠳᠡᠮᠵᠢᠨ᠎ᠡ᠃ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ《ᠮᠠᠨ ᠲᠢᠶᠠᠨ ᠰᠢᠩ 》 ᠪᠣᠯᠪᠠᠰᠤᠷᠠᠯ᠎ᠤᠨ ᠲᠥᠪ᠂ ᠠᠵᠢᠯ ᠮᠡᠷᠬᠡᠵᠢᠯ᠎ᠤᠨ ᠺᠯᠤᠢ᠍ᠪ᠎ᠤᠨ ᠵᠠᠯᠠᠭᠤᠴᠤᠳ᠎ᠤᠨ ᠪᠤᠯᠪᠠᠰᠤᠷᠠᠯ᠎ᠤᠨ ᠲᠦᠪ᠂ ᠲᠤᠰᠬᠠᠢ ᠮᠡᠷᠭᠡᠵᠢᠯ᠎ᠦᠨ ᠲᠠᠮᠢᠷ᠎ᠤᠨ ᠰᠤᠷᠭᠠᠭᠤᠯᠢ᠎ᠶᠢᠨ ᠬᠣᠭᠣᠷᠣᠨᠳᠣ ᠪᠠᠨ ᠳᠠᠪᠠᠭᠤᠯᠢᠭ᠋ ᠎ᠢᠶᠠᠨ ᠬᠠᠷᠢᠯᠴᠠᠨ ᠨᠥᠬᠥᠪᠦᠷᠢᠯᠡᠭᠰᠡᠨ ᠱᠠᠲᠤᠯᠵᠢᠨ ᠡᠩᠨᠡᠭᠡ᠎ᠶᠢᠨ ᠪᠠᠢᠭᠤᠯᠤᠯᠲᠠ᠎ᠶᠢᠨ ᠰᠢᠰᠲᠧᠮ ᠢ᠋ ᠪᠠᠢᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠲᠠᠮᠢᠷ᠎ᠤᠨ ᠠᠩᠭᠢ᠎ᠶᠢ ᠪᠠᠢᠭᠤᠯᠬᠤ ᠬᠡᠷᠡᠭᠳᠡᠢ᠃ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠦᠨ ᠬᠥᠯ ᠪᠥᠮᠪᠥᠭᠡ᠎ᠶᠢᠨ ᠺᠯᠦ᠋ᠪ᠎ᠢ ᠪᠠᠢᠭᠤᠯᠵᠤ᠂ ᠵᠠᠯᠠᠭᠤᠴᠤᠳ᠎ᠤᠨ  ᠪᠤᠯᠪᠠᠰᠤᠷᠠᠯ᠎ᠤᠨ ᠰᠢᠰᠲᠧᠮ ᠢ᠋ ᠲᠡᠭᠦᠯᠳᠡᠷᠵᠢᠭᠦᠯᠦᠨ᠎ᠡ᠃ ᠬᠥᠯ ᠪᠥᠮᠪᠥᠭᠡ᠎ᠶᠢᠨ ᠴᠢᠳᠠᠪᠤᠷᠢᠲᠠᠨ᠎ᠤ ᠪᠣᠶ᠋ᠢᠵᠢᠯᠲᠠ᠎ᠶᠢᠨ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠰᠤᠷᠭᠠᠭᠤᠯᠢ᠂ ᠰᠢᠨ᠎ᠡ ᠬᠡᠯᠪᠡᠷᠢ᠎ᠶᠢᠨ ᠬᠥᠯ ᠪᠥᠮᠪᠥᠭᠡ᠎ᠶᠢᠨ ᠰᠤᠷᠭᠠᠭᠤᠯᠢ᠂ ᠬᠥᠯ ᠪᠥᠮᠪᠥᠭᠡ ᠵᠢᠨ  ᠳᠡᠭᠡᠳᠦ ᠰᠤᠷᠭᠠᠭᠤᠯᠢ ᠵᠡᠷᠭᠡ᠎ᠶᠢᠨ ᠬᠥᠮᠥᠵᠢᠭᠦᠯᠬᠦ ᠵᠠᠮ᠎ᠢ ᠵᠣᠯᠭᠠᠭᠤᠯᠤᠨ ᠨᠡᠪᠲᠡᠷᠡᠭᠦᠯᠬᠦ᠎ᠶᠢ ᠪᠡᠶᠡᠯᠡᠭᠦᠯᠵᠦ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠴᠢᠳᠠᠪᠤᠷᠢᠲᠠᠨ ᠎ᠢ ᠬᠥᠮᠥᠵᠢᠭᠦᠯᠬᠦ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ ᠪᠠᠢᠭᠤᠯᠤᠯᠲᠠ ᠎ᠶᠢ ᠠᠬᠢᠭᠤᠯᠤᠨ᠎ᠠ᠃ ᠡᠭᠦᠨ᠎ᠦ ᠬᠠᠮᠲᠤ  《ᠪᠠᠭ᠎ᠠ ᠰᠤᠷᠭᠠᠭᠤᠯᠢ ︱  ᠠᠩᠬ᠎ᠠ   ᠵᠡᠷᠭᠡ᠎ᠶᠢᠨ ᠳᠤᠮᠳᠠᠳᠤ ᠰᠤᠷᠭᠠᠭᠤᠯᠢ  ︱ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ︱ ᠶᠡᠬᠡ ᠰᠤᠷᠭᠠᠭᠤᠯᠢ 》  ᠵᠢᠴᠢ 《ᠰᠤᠷᠭᠠᠭᠤᠯᠢ᠎ᠶᠢᠨ ᠵᠠᠬᠢᠷᠤᠯ ᠬᠤᠨᠳᠠᠭᠠᠲᠤ ︱ ᠬᠣᠰᠢᠭᠤ ᠰᠢᠶᠠᠨ᠎ᠤ ᠳᠠᠷᠤᠭ᠎ᠠ ᠬᠤᠨᠳᠠᠭᠠᠲᠤ ︱ ᠠᠢᠮᠠᠭ ᠬᠣᠲᠠ᠎ᠶᠢᠨ ᠳᠠᠷᠤᠭ᠎ᠠ ᠬᠤᠨᠳᠠᠭᠠᠲᠤ ︱ ᠲᠡᠷᠢᠭᠦᠯᠡᠭᠴᠢ ᠬᠤᠨᠳᠠᠭᠠᠲᠤ》 ᠵᠡᠷᠬᠡ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ ᠎ᠶᠢᠨ ᠤᠷᠤᠯᠳᠤᠭᠠᠨ᠎ᠤ ᠰᠢᠰᠲᠧᠮ ᠎ᠢ ᠲᠡᠭᠦᠯᠳᠡᠷᠵᠢᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠲᠥᠷᠥᠯ ᠲᠡᠮᠳᠡᠭᠲᠦ᠎ᠤᠷᠤᠯᠳᠤᠭᠠᠨ ᠎ᠤ ᠠᠵᠢᠯᠯᠠᠭ᠎ᠠ᠎ᠶᠢ ᠰᠢᠯᠢᠳᠡᠭᠵᠢᠭᠦᠯᠦᠨ᠂ ᠣᠷᠣᠨ ᠪᠦᠰᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠤᠨ᠎ᠠ ᠭᠡᠵᠦ ᠲᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号