ᠬᠣᠷᠢᠨ ᠤᠯᠤᠰ᠎ᠤᠨ ᠪᠦᠯᠦᠭ᠌ᠯᠡᠯ (G20) ᠤ᠋ᠨ ᠤᠳᠤᠷᠢᠳᠭᠤ ᠬᠥᠮᠦᠰ᠎ᠦᠨ ᠬᠣᠷᠢᠳᠤᠭᠠᠷ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ 22 ᠤ᠋ᠨ ᠡᠳᠦᠷ ᠡᠮᠦᠨᠡᠲᠦ ᠠᠹᠷᠢᠺᠠ᠎ᠶ᠋ᠢᠨ ᠶᠤᠬᠠᠨᠨ᠋ᠸᠰᠪᠦ᠋ᠷᠡᠭ ᠲᠥ᠍ ᠡᠬᠢᠯᠡᠪᠡ᠃ ᠡᠨᠡ ᠨᠢ G20 ᠵᠢᠨ ᠲᠦᠷᠦᠭᠦᠴᠦᠳ᠎ᠦᠨ ᠬᠤᠷᠠᠯ᠎ᠢ ᠠᠩᠬ᠎ᠠ ᠤᠳᠠᠭ᠎ᠠ ᠠᠹᠷᠢᠺᠠ ᠲᠢᠪ᠎ᠦᠨ ᠡᠬᠡ ᠬᠠᠭᠤᠷᠠᠶ᠎ᠳᠤ ᠡᠷᠭᠢᠯᠡᠵᠦ᠍᠂ ᠪᠥᠬᠥ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠥᠭ᠌ᠵᠢᠯᠲᠡ᠎ᠶ᠋ᠢᠨ ᠬᠦᠰᠡᠯ ᠱᠠᠭᠠᠷᠳᠠᠯᠭ᠎ᠠ ᠪᠠ ᠪᠥᠬᠥ᠌ ᠪᠥᠮᠪᠥᠷᠴᠡᠭ ᠦᠨ ᠵᠠᠰᠠᠯᠲᠠ᠎ᠶ᠋ᠢᠨ ᠱᠢᠰᠲ᠋ᠧᠮ᠎ᠦᠨ ᠬᠤᠪᠢᠰᠤᠯᠲᠠ᠎ᠶ᠋ᠢ ᠠᠬᠢᠭᠤᠯᠬᠤ ᠳᠤᠮᠳᠠ ᠨᠠᠩ ᠶᠡᠬᠡ ᠦᠢᠯᠡᠳᠦᠯ᠎ᠢ ᠪᠠᠳᠠᠷᠠᠭᠤᠯᠬᠤ ᠬᠠᠮᠲᠤ᠎ᠶ᠋ᠢᠨ ᠬᠦᠰᠡᠯ ᠡᠷᠡᠮᠡᠯᠵᠡᠯ᠎ᠢ ᠨᠢᠭ᠍ᠲᠠᠷᠠᠭᠤᠯᠪᠠ᠃
ᠬᠣᠷᠢᠨ ᠤᠯᠤᠰ᠎ᠤᠨ ᠪᠦᠯᠦᠭ᠌ᠯᠡᠯ᠎ᠦᠨ ᠪᠦᠷᠢᠯᠳᠦᠬᠦᠨ᠎ᠦ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠠ ᠪᠠᠷᠤᠭ ᠪᠦᠬᠦ᠌ ᠪᠥᠮᠪᠥᠷᠴᠡᠭ᠎ᠦᠨ 85% ᠵᠢ ᠡᠵᠡᠯᠡᠵᠦ᠍᠂ ᠪᠦᠬᠦ᠌ ᠪᠥᠮᠪᠥᠷᠴᠡᠭ᠎ᠦᠨ ᠭᠤᠷᠪᠠᠨ᠎ᠤ ᠬᠣᠶᠠᠷ ᠬᠤᠪᠢ᠎ᠶ᠋ᠢᠨ ᠬᠥᠮᠦᠨ ᠠᠮᠠ᠎ᠶ᠋ᠢ ᠲᠥᠯᠥᠭᠡᠯᠡᠵᠦ᠍᠂ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠵᠠᠰᠠᠯᠲᠠ᠎ᠶ᠋ᠢᠨ ᠵᠠᠩᠭᠢᠯᠠᠭ᠎ᠠ᠎ᠶ᠋ᠢᠨ ᠲᠠᠪᠴᠠᠩ᠎ᠤᠨ ᠨᠢᠭᠡ ᠪᠣᠯᠤᠨ᠎ᠠ᠃ ᠲᠤᠰ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ᠎ᠡᠴᠡ 《ᠬᠣᠷᠢᠨ ᠤᠯᠤᠰ᠎ᠤᠨ ᠪᠦᠯᠦᠭ᠌ᠯᠡᠯ᠎ᠦᠨ ᠤᠳᠤᠷᠢᠳᠭᠤ ᠬᠥᠮᠦᠰ᠎ᠦᠨ ᠶᠤᠬᠠᠨᠨ᠋ᠸᠰᠪᠦ᠋ᠷᠡᠭᠤᠨ ᠲᠦᠷᠦᠭᠦᠴᠦᠳ᠎ᠦᠨ ᠬᠤᠷᠠᠯ᠎ᠤᠨ ᠲᠤᠩᠬᠠᠭ》 ᠢ᠋ ᠪᠠᠲᠤᠯᠠᠵᠤ᠂ ᠲᠤᠩᠬᠠᠭ᠎ᠲᠤ ᠤᠯᠠᠨ ᠲᠠᠯᠠᠲᠤ ᠬᠠᠮᠲᠤᠷᠠᠯᠴᠠᠭ᠎ᠠ᠎ᠪᠠᠷ ᠳᠠᠮᠵᠢᠨ ᠪᠦᠬᠦ᠌ ᠪᠥᠮᠪᠥᠷᠴᠡᠭ᠎ᠦᠨ ᠥᠷᠢᠰᠥᠯᠳᠦᠭᠡᠨ᠎ᠢ ᠠᠷᠭᠠᠴᠡᠭᠠᠬᠤ᠎ᠶ᠋ᠢ ᠴᠢᠬᠤᠯᠠᠴᠢᠯᠠᠭ᠍ᠰᠠᠨ ᠪᠥᠭᠡᠳ ᠬᠥᠭ᠌ᠵᠢᠵᠦ᠍ ᠪᠠᠢᠭ᠎ᠠ ᠤᠯᠤᠰ᠎ᠤᠳ ᠲᠤ᠌ ᠦᠵᠡᠭᠦᠯᠬᠦ ᠳᠡᠮᠵᠢᠯᠭᠡ᠎ᠪᠡᠨ ᠴᠢᠩᠭᠠᠳᠭᠠᠵᠤ᠂ ᠪᠠᠭ᠍ᠲᠠᠭᠠᠮᠵᠢᠲᠤ ᠴᠢᠨᠠᠷᠲᠠᠢ ᠨᠡᠮᠡᠭ᠌ᠳᠡᠯ ᠪᠣᠯᠤᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠶ᠋ᠢ ᠤᠷᠢᠶᠠᠯᠠᠪᠠ᠃
ᠡᠮᠦᠨᠡᠲᠦ ᠠᠹᠷᠢᠺᠠ᠎ᠶ᠋ᠢᠨ ᠶᠡᠷᠦᠩᠬᠡᠢᠯᠡᠭ᠌ᠴᠢ ᠯᠠᠮᠠᠹᠦ᠋ᠰᠠ ᠲᠦᠷᠦᠭᠦᠴᠦᠳ᠎ᠦᠨ ᠬᠤᠷᠠᠯ ᠤ᠋ᠨ ᠡᠬᠢᠯᠡᠯᠳᠡ ᠵᠢᠨ ᠶᠠᠷᠢᠶᠠᠨ᠎ᠳᠠᠭᠠᠨ᠂ G20 ᠵᠢ ᠡᠭᠦᠰᠭᠡᠨ ᠪᠠᠢᠭᠤᠯᠤᠭ᠍ᠰᠠᠨ ᠪᠦᠷᠢᠯᠳᠦᠬᠦᠨ ᠤᠯᠤᠰ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠡᠮᠦᠨᠡᠲᠦ ᠠᠹᠷᠢᠺᠠ ᠢᠮᠠᠭ᠍ᠲᠠ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠪᠣᠯᠤᠨ ᠠᠹᠷᠢᠺᠠ ᠲᠢᠪ᠎ᠦᠨ ᠡᠬᠡ ᠬᠠᠭᠤᠷᠠᠢ᠎ᠶ᠋ᠢᠨ ᠬᠥᠭ᠌ᠵᠢᠯᠲᠡ᠎ᠶ᠋ᠢ ᠤᠷᠢᠳ ᠵᠢᠡᠷ ᠪᠤᠳᠤᠯᠬᠢᠯᠠᠬᠤ ᠵᠦᠢᠯᠡᠰ᠎ᠢ G20 ᠵᠢᠨ ᠵᠥᠪᠯᠡᠬᠦ᠌ ᠵᠦᠢᠯ᠎ᠳᠦ ᠡᠷᠡᠰ ᠪᠠᠲᠤ ᠪᠥᠭᠡᠳ ᠤᠷᠳᠤ ᠬᠤᠭᠤᠴᠠᠭ᠎ᠠ᠎ᠪᠠᠷ ᠢᠯᠡᠷᠡᠭᠦᠯᠬᠦ᠌᠎ᠪᠡᠷ ᠴᠢᠷᠮᠠᠢᠪᠠ᠂ ᠡᠨᠡ ᠨᠢ ᠠᠹᠷᠢᠺᠠ ᠲᠢᠪ᠎ᠦᠨ ᠠᠷᠠᠳ ᠲᠦᠮᠡᠨ ᠪᠣᠯᠤᠨ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ᠎ᠲᠦ ᠴᠢᠬᠤᠯᠠ ᠠᠴᠢ ᠬᠣᠯᠪᠣᠭ᠍ᠳᠠᠯ᠎ᠲᠠᠶ᠎ᠪᠠᠷ ᠪᠠᠷᠠᠬᠤ ᠦᠭᠡᠢ᠂ ᠪᠦᠬᠦ᠌ ᠪᠥᠮᠪᠥᠷᠴᠡᠭ᠎ᠦᠨ ᠲᠣᠭ᠍ᠲᠠᠭᠤᠨ ᠪᠣᠯᠤᠨ ᠠᠮᠤᠷ ᠲᠦᠪᠱᠢᠨ᠂ ᠡᠬᠢ ᠪᠠᠶᠠᠯᠢᠭ᠎ᠤᠨ ᠳᠠᠷᠤᠭᠠᠰᠤ᠎ᠶ᠋ᠢ ᠨᠠᠮᠳᠠᠭᠤᠯᠬᠤ ᠵᠢᠴᠢ ᠮᠥᠷᠭᠥᠯᠳᠦᠭᠡᠨ᠎ᠦ ᠠᠶᠤᠯ ᠲᠦᠭ᠌ᠰᠢᠭᠦᠷᠢ᠎ᠶ᠋ᠢ ᠪᠠᠭᠠᠰᠭᠠᠬᠤ᠎ᠳᠤ ᠴᠤ᠌ ᠲᠤᠢᠯ᠎ᠤᠨ ᠴᠢᠬᠤᠯᠠ ᠶᠤᠮ ᠭᠡᠵᠦ᠍ ᠢᠯᠡᠳᠭᠡᠪᠡ᠃
ᠣᠳᠣᠬᠠᠨ᠎ᠳᠤ ᠤᠯᠠᠨ ᠤᠯᠤᠰ᠎ᠤᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠠᠢᠵᠤ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠪᠣᠯᠤᠨ ᠭᠠᠵᠠᠷ ᠣᠷᠣᠨ ᠤ᠋ ᠤᠯᠤᠰ ᠲᠦᠷᠦ᠍᠎ᠶ᠋ᠢᠨ ᠦᠵᠡᠯᠴᠡᠭᠡᠨ ᠲᠠᠰᠤᠷᠠᠯᠳᠠ ᠦᠭᠡᠢ ᠱᠢᠷᠦᠭᠦᠰᠴᠦ᠍᠂ ᠪᠦᠬᠦ᠌ ᠪᠥᠮᠪᠥᠷᠴᠡᠭ᠎ᠦᠨ ᠠᠵᠤ ᠠᠬᠤᠢ᠎ᠶ᠋ᠢᠨ ᠨᠡᠮᠡᠭ᠌ᠳᠡᠯ ᠤ᠋ᠨ ᠬᠦᠴᠦᠨ ᠮᠡᠬᠦᠰᠳᠡᠵᠦ᠍᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠵᠦᠷᠢᠶ᠎ᠠ ᠪᠠ ᠵᠠᠭᠠᠭ ᠦᠷᠭᠦᠯᠵᠢᠯᠡᠨ ᠶᠡᠬᠡᠰᠴᠦ᠍ ᠪᠠᠢᠨ᠎ᠠ᠃ ᠨᠡᠩ ᠰᠠᠨᠠᠭᠠᠰᠢᠷᠠᠭᠤᠰᠢᠳᠠᠢ ᠨᠢ᠂ ᠤᠳᠤ᠎ᠶ᠋ᠢᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠳᠦ ᠢᠯᠡᠷᠬᠡᠢ ᠤᠳᠠᠭᠠᠱᠢᠷᠠᠬᠤ ᠴᠢᠨᠠᠷ ᠪᠠ ᠲᠡᠩᠴᠡᠭᠦᠷᠢ ᠪᠠᠨ ᠠᠯᠳᠠᠬᠤ ᠴᠢᠨᠠᠷ ᠢᠯᠡᠷᠡᠵᠦ᠍ ᠪᠠᠢᠨ᠎ᠠ᠄ ᠲᠥᠯᠥᠭᠡᠯᠡᠬᠦ᠌ ᠴᠢᠨᠠᠷ ᠬᠦᠷᠦᠯᠴᠡᠬᠦ᠌ ᠦᠭᠡᠢ᠎ᠡᠴᠡ ᠪᠤᠯᠵᠤ 《ᠵᠠᠰᠠᠯᠲᠠ᠎ᠶ᠋ᠢᠨ ᠤᠯᠠᠭᠠᠨ ᠲᠣᠭ᠎ᠠ》 ᠨᠡᠮᠡᠭ᠌ᠳᠡᠵᠦ᠍᠂ ᠳᠦᠷᠢᠮ ᠨᠢ ᠭᠣᠣᠯᠴᠢ ᠪᠤᠰᠤ᠎ᠡᠴᠡ ᠪᠤᠯᠵᠥ᠍ 《ᠬᠥᠭ᠌ᠵᠢᠯᠲᠡ᠎ᠶ᠋ᠢᠨ ᠤᠯᠠᠭᠠᠨ ᠲᠣᠭ᠎ᠠ》 ᠵᠢ ᠠᠷᠢᠯᠭᠠᠬᠤ᠎ᠳᠤ ᠬᠦᠴᠢᠷ ᠪᠠᠢᠨ᠎ᠠ᠃ ᠲᠣᠰ ᠤᠳᠠᠭᠠᠨ᠎ᠤ ᠲᠦᠷᠦᠭᠦᠴᠦᠳ᠎ᠦᠨ ᠬᠤᠷᠠᠯ᠎ᠡᠴᠡ ᠡᠮᠦᠨᠡᠬᠡᠨ ᠨᠡᠢᠲᠡᠯᠡᠭ᠌ᠰᠡᠨ ᠪᠥᠬᠥ᠌ ᠪᠥᠮᠪᠥᠷᠴᠡᠭ᠎ᠦᠨ ᠡᠷᠬᠡ ᠲᠡᠭ᠌ᠰᠢ ᠪᠤᠰᠤ ᠠᠰᠠᠭᠤᠳᠠᠯ᠎ᠤᠨ ᠲᠤᠬᠠᠶ ᠮᠡᠳᠡᠭᠦᠯᠦᠯᠲᠡ᠎ᠳᠦ ᠬᠥᠮᠦᠰ᠎ᠢ ᠰᠣᠴᠢᠭᠠᠮ᠎ᠠ ᠲᠣᠭ᠎ᠠ ᠪᠠᠷᠢᠮᠲᠠ᠎ᠪᠠᠷ ᠬᠦᠭᠵᠢᠵᠤ ᠪᠠᠢᠭ᠎ᠠ ᠤᠯᠤᠰ ᠪᠤᠯᠤᠨ ᠬᠦᠭᠵᠢᠭᠰᠡᠨ ᠤᠯᠤᠰ ᠤ᠋ᠨ ᠬᠣᠭᠣᠷᠣᠨᠳᠣᠬᠢ ᠡᠳ᠋ ᠬᠦᠷᠦᠩᠭᠡ᠂ ᠠᠷᠠᠯᠵᠢᠶ᠎ᠠ᠂ ᠡᠬᠢ ᠪᠠᠶᠠᠯᠢᠭ ᠵᠢᠴᠢ ᠰᠤᠷᠭᠠᠨ ᠬᠥᠮᠦᠵᠢᠯ᠎ᠦᠨ ᠲᠠᠯ᠎ᠠ᠎ᠪᠠᠷ ᠬᠢ ᠯᠤᠲᠤ ᠶᠡᠬᠡ ᠵᠥᠷᠢᠶ᠎ᠡ᠎ᠶ᠋ᠢ ᠢᠯᠡᠷᠡᠭᠦᠯᠵᠡᠶ᠃ ᠡᠨᠡ ᠨᠢ ᠳᠡᠯᠡᠬᠡᠢ᠎ᠶ᠋ᠢᠨ ᠬᠥᠭ᠌ᠵᠢᠯ ᠴᠡᠴᠡᠭ᠌ᠯᠡᠯ ᠪᠠ ᠲᠣᠭ᠍ᠲᠠᠭᠤᠨ ᠢ᠋ ᠶᠠᠳᠠᠭᠤ ᠨᠢ ᠤᠯᠠᠮ ᠶᠠᠳᠠᠭᠤᠷᠠᠵᠤ᠂ ᠪᠠᠶᠠᠨ ᠨᠢ ᠤᠯᠠᠮ ᠪᠠᠶᠠᠵᠢᠬᠤ ᠰᠠᠭᠤᠷᠢᠨ ᠳᠡᠭᠡᠷ᠎ᠡ ᠪᠠᠢᠭᠤᠯᠬᠤ ᠪᠣᠯᠤᠯᠴᠠᠭ᠎ᠠ ᠦᠭᠡᠢ ᠭᠡᠳᠡᠭ᠎ᠢ ᠪᠢᠳᠡᠨ᠎ᠳᠦ ᠭᠦᠨᠵᠡᠭᠡᠢ ᠰᠡᠷᠡᠮᠵᠢᠯᠡᠭᠦᠯᠵᠦ᠍ ᠪᠠᠢᠨ᠎ᠠ᠃
ᠶᠠᠭ ᠡᠢᠮᠦᠷᠬᠦᠦ ᠠᠬᠤᠢ ᠪᠠᠢᠳᠠᠯ ᠳᠣᠣᠷ᠎ᠠ᠂ 《ᠪᠦᠯᠬᠦᠮᠳᠡᠯ᠂ ᠡᠷᠬᠡ ᠲᠡᠭ᠌ᠰᠢ᠂ ᠦᠷᠭᠦᠯᠵᠢᠯᠡᠬᠦ᠌》 ᠪᠡᠷ ᠭᠣᠣᠯ ᠰᠡᠳᠦᠪ ᠪᠣᠯᠭᠠᠭ᠍ᠰᠠᠨ ᠶᠤᠬᠠᠨᠨ᠋ᠸᠰᠪᠦ᠋ᠷᠡᠭᠤᠨ ᠲᠦᠷᠦᠭᠦᠴᠦᠳ᠎ᠦᠨ ᠬᠤᠷᠠᠯ ᠨᠢ ᠲᠤᠢᠯ᠎ᠤᠨ ᠴᠢᠬᠤᠯᠠ ᠪᠣᠯᠪᠠ᠃ ᠠᠯᠳᠠᠨ ᠲᠤᠭᠤᠰᠭ᠎ᠠ ᠤᠯᠤᠰ᠎ᠤᠳ ᠵᠡᠷᠭᠡ ᠱᠢᠨ᠎ᠡ᠎ᠪᠡᠷ ᠬᠥᠭ᠌ᠵᠢᠭ᠌ᠰᠡᠨ ᠵᠠᠬ᠎ᠠ ᠳᠡᠯᠭᠡᠭᠦᠷ ᠪᠠ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠠᠮᠲᠤ ᠴᠤᠬᠴᠠ ᠵᠢᠨ ᠴᠢᠨᠠᠷᠲᠠᠢ ᠬᠥᠭ᠌ᠵᠢᠨ ᠮᠠᠨᠳᠤᠭ᠍ᠰᠠᠨ ᠠᠬᠤᠢ ᠪᠠᠢᠳᠠᠯ᠎ᠤᠨ ᠳᠣᠣᠷ᠎ᠠ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠶᠠᠭ ᠲᠦᠷᠭᠡᠨ ᠰᠡᠷᠭᠦᠵᠤ᠂ ᠤᠯᠠᠨ ᠤᠯᠤᠰ᠎ᠤᠨ ᠲᠦᠷᠢᠮ᠎ᠢ ᠠᠯᠪᠠᠳᠠᠯᠭ᠎ᠠ ᠪᠡᠷ ᠬᠦᠯᠢᠶᠠᠨ ᠠᠪᠬᠤ ᠣᠷᠣᠯᠴᠠᠭ᠍ᠴᠢ ᠪᠠᠢᠭ᠍ᠰᠠᠨ᠎ᠡᠴᠡ᠎ᠪᠠᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠴᠢᠬᠤᠯᠠ ᠡᠭᠦᠳᠦᠨ ᠪᠦᠲᠦᠭᠡᠭ᠌ᠴᠢ ᠪᠤᠯᠵᠤ ᠪᠠᠢᠨ᠎ᠠ᠃ ᠲᠤᠰ ᠤᠳᠠᠭ᠎ᠠ᠎ᠶ᠋ᠢᠨ ᠲᠦᠷᠦᠭᠦᠴᠦᠳ᠎ᠦᠨ ᠬᠤᠷᠠᠯ ᠳᠡᠭᠡᠷ᠎ᠡ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠪᠤᠯᠤᠨ ᠬᠦᠭᠵᠢᠭᠰᠡᠨ ᠤᠯᠤᠰ᠎ᠤᠨ ᠬᠥᠭ᠌ᠵᠢᠯᠲᠡ᠎ᠶ᠋ᠢᠨ ᠵᠥᠷᠢᠶ᠎ᠠ᠎ᠶ᠋ᠢ ᠪᠠᠭᠠᠰᠭᠠᠬᠤ᠎ᠶ᠋ᠢ ᠥᠷᠭᠡᠨ᠎ᠢᠶᠡᠷ ᠤᠷᠢᠶᠠᠯᠠᠵᠤ᠂ ᠡᠯ᠎ᠡ ᠲᠠᠯ᠎ᠠ᠎ᠶ᠋ᠢᠨ ᠬᠢᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ ᠪᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠨᠡᠩ ᠲᠥᠪ ᠭᠣᠣᠯᠴᠢ᠂ ᠪᠠᠭ᠍ᠲᠠᠭᠠᠮᠵᠢᠲᠠᠢ ᠪᠥᠭᠡᠳ ᠦᠷᠭᠦᠯᠵᠢᠯᠡᠬᠦ᠌ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠱᠢᠰᠲᠸᠮ᠎ᠢ ᠪᠠᠢᠭᠤᠯᠵᠤ᠂ ᠤᠷᠪᠠᠭᠠᠨ ᠬᠥᠷᠪᠡᠭᠡᠨ᠎ᠲᠡᠶ ᠳᠡᠯᠡᠬᠡᠢ᠎ᠶ᠋ᠢᠨ ᠪᠠᠢᠳᠠᠯ ᠳᠤᠮᠳᠠ ᠳᠡᠯᠡᠬᠡᠢ ᠳ᠋ᠠᠬᠢᠨ᠎ᠳᠤ ᠨᠡᠩ ᠤᠯᠠᠨ ᠲᠣᠭ᠍ᠲᠠᠭᠤᠨ ᠪᠠ ᠬᠦᠰᠡᠯ ᠡᠷᠡᠮᠡᠯᠵᠡᠯ ᠨᠡᠮᠡᠷᠢᠯᠡᠬᠦ᠌᠎ᠶ᠋ᠢ ᠬᠦᠰᠡᠪᠡ᠃
G20 ᠵᠢᠨ ᠴᠢᠬᠤᠯᠠ ᠪᠦᠷᠢᠯᠳᠦᠬᠦᠨ ᠪᠠ ᠬᠠᠮᠤᠭ᠎ᠤᠨ ᠶᠡᠬᠡ ᠬᠥᠭ᠌ᠵᠢᠵᠦ᠍ ᠪᠠᠢᠭ᠎ᠠ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ ᠢᠮᠠᠭ᠍ᠲᠠ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳᠤᠨ ᠪᠦᠯᠬᠦᠮᠳᠡᠯ ᠮᠠᠨᠳᠤᠯ᠎ᠢ ᠠᠬᠢᠭᠤᠯᠬᠤ᠎ᠪᠠᠷ ᠴᠢᠷᠮᠠᠢᠭ᠍ᠰᠠᠭᠠᠷ ᠢᠷᠡᠪᠡ᠃ ᠡᠨᠡ ᠵᠢᠯ᠎ᠦᠨ 9 ᠰᠠᠷ᠎ᠠ᠎ᠳᠤ᠂ ᠳᠤᠮᠳᠠᠳᠤ ᠤᠯᠤᠰ 《ᠡᠷᠬᠡ ᠮᠡᠳᠡᠯ ᠡᠷᠬᠡ ᠲᠡᠭ᠌ᠰᠢ ᠪᠠᠢᠬᠤ᠎ᠶ᠋ᠢ ᠵᠢᠷᠤᠮᠯᠠᠵᠤ᠂ ᠤᠯᠠᠨ ᠤᠯᠤᠰ᠎ᠤᠨ ᠬᠠᠤᠯᠢ ᠪᠡᠷ ᠵᠠᠰᠠᠬᠤ ᠵᠢ ᠵᠢᠷᠤᠮᠯᠠᠵᠤ᠂ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠍᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠰᠠᠨᠠᠭᠠᠴᠢᠯᠠᠵᠤ᠂ ᠠᠵᠢᠯᠯᠠᠭ᠎ᠠ᠎ᠶ᠋ᠢᠨ ᠤᠳᠤᠷᠢᠳᠤᠮᠵᠢ᠎ᠶ᠋ᠢ ᠴᠢᠬᠤᠯᠠᠴᠢᠯᠠᠬᠤ》 ᠪᠡᠷ ᠭᠣᠣᠯ ᠣᠢᠯᠠᠭᠠᠭ᠍ᠳᠠᠬᠤᠨ ᠪᠣᠯᠭᠠᠭ᠍ᠰᠠᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠳᠡᠯᠡᠬᠡᠢ ᠨᠡᠢᠭᠡᠮ᠎ᠦᠨ ᠥᠷᠭᠡᠨ ᠳᠡᠯᠭᠡᠷ ᠬᠦᠷᠢᠶᠡᠯᠡᠯ᠎ᠢ ᠤᠯᠪᠠ᠃ ᠳᠤᠮᠳᠠᠳᠤ ᠤᠯᠤᠰ ᠬᠤᠪᠢᠰᠤᠯᠲᠠ ᠶᠡᠬᠡ ᠲᠠᠢ ᠳᠡᠯᠡᠬᠡᠢ ᠶᠢᠷᠲᠢᠨᠴᠦ᠍᠎ᠳᠦ ᠪᠦᠲᠦᠭᠡᠯᠴᠢ ᠴᠢᠨᠠᠷᠲᠠᠢ ᠦᠢᠯᠡᠳᠦᠯ᠎ᠢᠶᠡᠨ ᠪᠠᠳᠠᠷᠠᠭᠤᠯᠬᠤ᠂ ᠤᠯᠠᠨ ᠡᠱᠢᠲᠦ ᠤᠯᠠᠨ ᠤᠯᠤᠰ᠎ᠤᠨ ᠤᠯᠠᠨ ᠨᠡᠢᠲᠡ᠎ᠶ᠋ᠢᠨ ᠦᠢᠯᠡᠳᠬᠦᠨ᠎ᠢ ᠬᠠᠩᠭᠠᠬᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ ᠪᠡᠷ ᠢᠮᠠᠭᠳᠠ ᠴᠢᠷᠮᠠᠢᠵᠤ᠂ ᠬᠠᠷᠢᠭᠤᠴᠠᠯᠭ᠎ᠠ᠎ᠲᠠᠶ ᠲᠤᠮᠤ ᠤᠯᠤᠰ᠎ᠤᠨ ᠴᠠᠭ ᠦᠶ᠎ᠡ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ ᠭᠡᠵᠦ᠍ ᠳᠡᠯᠡᠬᠡᠢ ᠨᠡᠢᠭᠡᠮ ᠵᠢᠡᠷ ᠵᠢᠡᠨ ᠨᠡᠢᠳᠡᠮ ᠦᠵᠡᠵᠦ᠍ ᠪᠠᠢᠨ᠎ᠠ᠃
ᠤᠯᠠᠨ ᠵᠢᠯ᠎ᠦᠨ ᠲᠤᠷᠰᠢ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢᠷᠡᠵᠦ᠍᠂ ᠬᠣᠶᠠᠷ ᠲᠠᠯ᠎ᠠ᠎ᠪᠠᠷ᠎ᠢᠶᠠᠨ ᠢᠮᠠᠭ᠍ᠲᠠ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠠᠮᠲᠤ᠎ᠶ᠋ᠢᠨ ᠬᠥᠭ᠌ᠵᠢᠯᠲᠡ᠎ᠶ᠋ᠢᠨ ᠭᠣᠣᠯ ᠬᠦᠰᠡᠯ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠹᠷᠢᠺᠠ ᠲᠢᠪ᠎ᠦᠨ ᠤᠯᠤᠰ᠎ᠤᠳ᠎ᠢ ᠬᠠᠪᠰᠤᠷᠤᠨ ᠪᠡᠶ᠎ᠡ᠎ᠪᠡᠨ ᠳᠠᠭᠠᠭᠠᠵᠤ ᠬᠥᠭ᠌ᠵᠢᠬᠦ᠌ ᠴᠢᠳᠠᠪᠤᠷᠢ᠎ᠶ᠋ᠢ ᠨᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠳᠡᠯᠡᠬᠡᠢ ᠨᠡᠢᠭᠡᠮ᠎ᠦᠨ ᠬᠢᠨ ᠠᠹᠷᠢᠺᠠ ᠲᠢᠪ᠎ᠦᠨ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠨᠡᠩ ᠢᠯᠡᠭᠦᠦ ᠴᠢᠬᠤᠯᠠᠴᠢᠯᠠᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠥᠭ᠌ᠵᠢᠯ ᠮᠠᠨᠳᠤᠯ᠎ᠳᠤ ᠦᠷᠭᠦᠯᠵᠢᠯᠡᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌᠎ᠶ᠋ᠢ ᠠᠬᠢᠭᠤᠯᠪᠠ᠃ ᠡᠭᠦᠨ᠎ᠦ ᠵᠡᠷᠭᠡ᠎ᠪᠡᠷ᠂ ᠳᠤᠮᠳᠠᠳᠤ ᠠᠹᠷᠢᠺᠠ ᠬᠠᠮᠲᠤ᠎ᠪᠠᠷ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳᠤᠨ ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠴᠤᠤᠷᠢᠶᠠᠲᠤᠭᠤᠯᠵᠤ᠂ ᠤᠯᠠᠨ ᠤᠯᠤᠰ᠎ᠤᠨ ᠬᠡᠷᠡᠭ ᠶᠠᠪᠤᠳᠠᠯ ᠳ᠋ᠤ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳᠤᠨ ᠲᠥᠯᠥᠭᠡᠯᠡᠬᠦ᠌ ᠴᠢᠨᠠᠷ ᠪᠠ ᠦᠭᠡ ᠬᠡᠯᠡᠬᠦ᠌ ᠡᠷᠬᠡ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭ᠌ᠯᠡᠯ ᠲᠡᠢᠰᠢ ᠬᠥᠭ᠌ᠵᠢᠬᠦ᠌᠎ᠶ᠋ᠢ ᠭᠠᠷ ᠬᠣᠯᠪᠣᠨ ᠠᠬᠢᠭᠤᠯᠪᠠ᠃
ᠳᠡᠯᠡᠬᠡᠢ ᠶᠢᠷᠲᠢᠨᠴᠦ᠍ ᠬᠡᠳᠦᠢ ᠤᠷᠪᠠᠭᠠᠨ ᠬᠥᠷᠪᠡᠭᠡᠨ᠎ᠲᠡᠶ ᠪᠣᠯᠬᠤ ᠲᠤᠳᠤᠮ ᠬᠠᠮᠲᠤ᠎ᠶ᠋ᠢᠨ ᠲᠠᠨᠢᠯᠲᠠ᠎ᠪᠠᠨ ᠲᠡᠳᠦᠢ ᠨᠢᠭ᠍ᠲᠠᠷᠠᠭᠤᠯᠬᠤ ᠬᠡᠷᠡᠭᠳᠠᠢ; ᠥᠷᠢᠰᠥᠯᠳᠦᠭᠡᠨ ᠬᠡᠳᠦᠢ ᠬᠦᠨᠳᠦ ᠬᠡᠴᠡᠭᠦᠦ ᠪᠤᠳᠤᠯᠢᠶᠠᠨᠲᠠᠢ ᠪᠣᠯᠬᠤ ᠲᠤᠳᠤᠮ ᠤᠯᠠᠮ ᠪᠦᠯᠬᠦᠮᠳᠡᠨ ᠬᠠᠮᠵᠢᠯᠴᠠᠬᠤ ᠬᠡᠷᠡᠭ᠌ᠲᠡᠢ᠃ ᠢᠷᠡᠭᠡᠳᠦᠢ᠎ᠳᠦ ᠬᠠᠨᠳᠤᠵᠤ᠂ ᠳᠤᠮᠳᠠᠳᠤ ᠤᠯᠤᠰ ᠦᠷᠭᠦᠯᠵᠢᠯᠡᠨ ᠠᠹᠷᠢᠺᠠ ᠲᠢᠪ ᠵᠢᠴᠢ ᠥᠷᠭᠡᠨ ᠤᠯᠠᠨ ᠬᠥᠭ᠌ᠵᠢᠵᠦ᠍ ᠪᠠᠢᠭ᠎ᠠ ᠤᠯᠤᠰ᠎ᠲᠠᠶ ᠬᠠᠮᠲᠤ᠎ᠪᠠᠷ᠂ ᠡᠷᠡᠰ ᠪᠠᠲᠤ ᠵᠣᠷᠢᠭ᠎ᠢᠶᠠᠷ ᠲᠥᠪ ᠭᠣᠣᠯᠴᠢ ᠱᠢᠳᠤᠷᠭᠤ ᠶᠣᠰᠣ᠎ᠶ᠋ᠢ ᠡᠵᠡᠮᠳᠡᠵᠤ᠂ ᠪᠣᠳᠠᠲᠠᠢ᠎ᠶ᠋ᠢ ᠡᠷᠬᠢᠮᠯᠡᠬᠦ᠌ ᠠᠵᠢᠯᠯᠠᠭ᠎ᠠ᠎ᠪᠠᠷ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠳᠤ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳᠤᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳᠤᠨ ᠬᠦᠴᠦᠨ᠎ᠢ ᠨᠡᠮᠡᠷᠢᠯᠡᠨ᠎ᠡ᠃
(ᠱᠢᠨᠬᠤᠸᠠ ᠬᠣᠷᠢᠶ᠎ᠠ ᠵᠢᠨ ᠶᠤᠬᠠᠨᠨ᠋ᠸᠰᠪᠦ᠋ᠷᠡᠭᠤᠨ ᠴᠠᠬᠢᠯᠭᠠᠨ ᠮᠡᠳᠡᠭᠡ)