ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠰᠤᠭᠠᠢ
2025-11-28 10:36:27
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠡᠨᠡ ᠪᠣᠯ ᠱᠢᠨ᠎ᠡ᠎ᠶ᠋ᠢ ᠡᠭᠦᠳᠬᠦ ᠵᠢ ᠬᠦᠬᠢᠭᠦᠯᠦᠨ ᠰᠠᠢᠰᠢᠶᠠᠭᠰᠠᠨ ᠢᠷᠠᠭᠤ ᠠᠯᠳᠠᠷᠲᠤ ᠴᠠᠭ ᠮᠥᠴᠡ ᠮᠥᠨ᠂ ᠡᠨᠡ ᠪᠣᠯ ᠱᠢᠨ᠎ᠡ᠎ᠶ᠋ᠢ ᠡᠭᠦᠳᠦᠭ᠌ᠴᠢ᠎ᠶ᠋ᠢ ᠮᠠᠭ᠍ᠲᠠᠨ ᠰᠠᠢᠱᠢᠶᠠᠬᠰᠠᠨ ᠦᠩᠭᠡ ᠭᠡᠷᠡᠯᠲᠤ  ᠭᠢᠯᠠᠰ ᠬᠤᠷᠤᠮ ᠮᠥᠨ᠃ ᠥᠴᠥᠭᠡᠳᠦᠷ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠶᠡᠬᠡ ᠬᠤᠷᠠᠯ᠎ᠡᠴᠡ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ ᠪᠠ ᠴᠢᠨᠠᠷ ᠰᠠᠢᠲᠠᠶ ᠬᠥᠭ᠌ᠵᠢᠯᠲᠡ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠢ ᠦᠪᠡᠳᠡᠭ᠌ᠰᠢ ᠶᠡᠬᠡ᠎ᠪᠡᠷ ᠬᠥᠬᠢᠭᠦᠯᠦᠨ ᠰᠠᠢᠱᠢᠶᠠᠪᠠ᠃ ᠶᠡᠬᠡ ᠬᠤᠷᠠᠯ᠎ᠤᠨ ᠬᠤᠷᠠᠯᠳᠤᠭ᠍ᠰᠠᠨ ᠨᠢ ᠣᠷᠣᠨ ᠳᠠᠶᠠᠭᠠᠷ᠎ᠤᠨ ᠡᠷᠴᠢ ᠵᠣᠷᠢᠭ᠎ᠢᠶᠠᠨ ᠬᠥᠪᠴᠢᠯᠡᠵᠦ᠍᠂ ᠱᠢᠷᠭᠠᠭᠤ ᠠᠵᠢᠯᠯᠠᠨ ᠪᠣᠳᠠᠲᠠᠢ ᠠᠵᠢᠯᠯᠠᠬᠤ ᠵᠢ ᠲᠠᠢᠴᠢᠯᠠᠵᠤ᠂ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠢᠯᠡᠰ᠎ᠦᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠠᠳᠭᠤᠬᠤ ᠪᠣᠯ ᠲᠠᠷᠤᠢ ᠬᠥᠭ᠌ᠵᠢᠯᠲᠡ᠎ᠶ᠋ᠢ ᠠᠳᠭᠤᠵᠤ ᠪᠠᠢᠭ᠎ᠠ ᠶᠠᠪᠤᠳᠠᠯ ᠮᠥᠨ᠂ ᠱᠢᠨ᠎ᠡ᠎ᠶ᠋ᠢ ᠡᠭᠦᠳᠬᠦ᠌᠎ᠶ᠋ᠢ ᠰᠦᠪᠡᠭ᠌ᠴᠢᠯᠡᠬᠦ᠌ ᠪᠣᠯ ᠲᠠᠷᠤᠢ ᠢᠷᠡᠭᠡᠳᠦᠢ᠎ᠶ᠋ᠢ ᠰᠦᠪᠡᠭᠴᠢᠯᠡᠵᠦ ᠪᠠᠢᠭ᠎ᠠ ᠶᠠᠪᠤᠳᠠᠯ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠢ ᠮᠠᠰᠢ ᠠᠩᠬᠠᠷᠴᠤ᠌᠂ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠲᠠᠯᠪᠢᠬᠤ ᠪᠦᠷᠢ ᠴᠦᠮ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠶᠠᠷᠢᠵᠤ᠂ ᠡᠳᠡᠭᠡᠷ ᠴᠢᠬᠤᠯᠠ ᠱᠠᠭᠠᠷᠳᠠᠯᠭ᠎ᠠ᠂ ᠨᠠᠨᠳᠢᠨ ᠬᠦᠰᠡᠯ ᠡᠷᠡᠮᠡᠯᠵᠡᠯ ᠨᠢ ᠪᠢᠳᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠎ᠳᠤ ᠱᠢᠨᠵᠢᠯᠡᠬᠦ᠌ ᠤᠬᠠᠭᠠᠨᠴᠢ ᠵᠢᠯᠣᠭᠣᠳᠤᠮᠵᠢ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃ ᠣᠳᠣᠬᠠᠨ᠎ᠳᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ ᠨᠢᠰᠭᠦ ᠮᠡᠲᠦ ᠲᠦᠷᠭᠡᠨ ᠬᠥᠭ᠌ᠵᠢᠵᠦ᠍᠂ ᠬᠡᠨ ᠬᠡᠷᠪᠡ  ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠡᠬᠦ ᠡᠨᠡ ᠬᠦ᠌ 《ᠵᠢᠯᠤᠭᠤ》 ᠶ᠋ᠢ ᠠᠳᠭᠤᠵᠤ ᠴᠢᠳᠠᠪᠠᠯ ᠂ ᠲᠡᠷᠡ ᠳᠠᠷᠤᠢ ᠬᠥᠭ᠌ᠵᠢᠯᠲᠡ᠎ᠶ᠋ᠢᠨ ᠳᠤᠮᠳᠠ ᠲᠡᠷᠢᠭᠦᠨ ᠲᠣᠬᠢᠶᠠᠯ᠎ᠢ ᠠᠮᠵᠢᠵᠦ᠂ ᠢᠷᠡᠭᠡᠳᠦᠢ᠎ᠶ᠋ᠢᠨ ᠠᠮᠵᠢᠯᠲᠠ ᠪᠦᠲᠦᠮᠵᠢ ᠵᠢ ᠣᠯᠵᠤ ᠴᠢᠳᠠᠨ᠎ᠠ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠤᠷᠢᠳ ᠡᠮᠦᠨ᠎ᠡ ᠪᠠᠢᠭ᠎ᠠ ᠦᠭᠡᠢ ᠬᠤᠷᠴᠠ ᠱᠢᠷᠦᠭᠦᠨ ᠥᠷᠢᠰᠥᠯᠳᠦᠭᠡᠨ᠎ᠦ ᠪᠠᠢᠳᠠᠯ ᠪᠣᠯᠤᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠲᠤᠯᠭᠠᠮ ᠬᠡᠷᠡᠭ᠌ᠴᠡᠭᠡ᠎ᠶ᠋ᠢᠨ ᠡᠮᠦᠨ᠎ᠡ᠂ ᠱᠢᠨ᠎ᠡ᠎ᠶ᠋ᠢ ᠡᠭᠦᠳᠬᠦ᠌ ᠦᠭᠡᠢ ᠪᠣᠯ ᠪᠣᠯᠬᠤ ᠦᠭᠡᠢ᠂ ᠱᠢᠨ᠎ᠡ᠎ᠶ᠋ᠢ ᠡᠭᠦᠳᠬᠦ᠌ ᠳ᠋ᠤ ᠤᠳᠠᠭᠠᠱᠢᠷᠠᠭ᠍ᠰᠠᠨ ᠴᠤ᠌ ᠪᠣᠯᠬᠤ ᠦᠭᠡᠢ ᠶᠤᠮ᠃ ᠣᠷᠣᠨ ᠳᠠᠶᠠᠭᠠᠷ᠎ᠢᠶᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠦᠵᠡᠭᠦᠯᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠲᠦᠭ᠌ᠰᠢᠭᠦᠷᠢᠲᠦ ᠰᠡᠳᠭᠢᠯᠭᠡ ᠪᠠ ᠲᠤᠯᠭᠠᠮ ᠪᠣᠳᠣᠯ᠎ᠢᠶᠠᠨ ᠴᠢᠨᠠᠭ᠍ᠰᠢᠳᠠ ᠴᠢᠩᠭᠠᠳᠭᠠᠵᠤ᠂ ᠰᠡᠳᠭᠢᠯ ᠱᠢᠭᠤᠳᠤᠨ ᠡᠷᠴᠢ ᠵᠣᠷᠢᠭ᠎ᠢᠶᠠᠨ ᠬᠥᠪᠴᠢᠯᠡᠵᠦ᠍᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠤᠢ ᠪᠤᠯᠭᠠᠵᠤ᠂ ᠱᠢᠨ᠎ᠡ ᠳᠠᠪᠠᠭᠤᠯᠢᠭ᠎ᠢ ᠪᠦᠷᠢᠯᠳᠦᠭᠦᠯᠵᠦ᠂ ᠱᠢᠨ᠎ᠡ ᠣᠷᠣᠨ ᠵᠠᠶ᠎ᠶ᠋ᠢ ᠨᠡᠭᠡᠭᠡᠬᠦ ᠬᠡᠷᠡᠭ᠌ᠲᠡᠶ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠨᠢᠭᠡᠨ ᠰᠢᠰᠲᠧᠮᠲᠦ ᠢᠨᠵᠧᠨᠧᠷᠢᠩ ᠪᠠᠢᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠡᠴᠡ ᠡᠭᠦᠰᠴᠦ᠂ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠰᠢᠨᠲᠠᠷᠠᠰᠢ ᠦᠭᠡᠢ ᠴᠢᠷᠮᠠᠢᠵᠤ᠂ ᠪᠡᠶ᠎ᠡ᠎ᠪᠡᠨ ᠭᠣᠯᠣᠵᠤ ᠭᠤᠲᠤᠷᠠᠬᠤ ᠦᠭᠡᠢ ᠪᠦᠭᠡᠳ ᠤᠮᠤᠷᠬᠠᠭᠯᠠᠨ ᠪᠠᠷᠳᠠᠮᠨᠠᠵᠤ ᠪᠤᠯᠬᠤ ᠦᠭᠡᠢ᠃ ᠬᠢᠬᠦ ᠶᠤᠰᠤᠳᠠᠢ ᠠᠵᠢᠯ᠎ᠢ ᠬᠢᠵᠤ᠂ ᠬᠢᠵᠤ ᠪᠤᠯᠬᠤ ᠦᠭᠡᠢ ᠵᠦᠢᠯ᠎ᠢ ᠬᠢᠬᠦ ᠦᠭᠡᠢ ᠪᠠᠢᠬᠤ᠎ᠶᠢ ᠪᠠᠷᠢᠮᠲᠠᠯᠠᠵᠤ᠂ ᠬᠦᠴᠦᠯᠡᠬᠦ ᠴᠡᠭ᠎ᠢᠶᠡᠨ ᠠᠵᠤ ᠦᠢᠯᠡᠰ᠎ᠦᠨ ᠬᠡᠷᠡᠭᠴᠡᠭᠡ ᠪᠣᠯᠣᠨ ᠳᠠᠪᠠᠭᠤᠯᠢᠭ᠋ ᠲᠣᠪᠣᠢᠮ᠎ᠠ ᠬᠦᠷᠢᠶᠡᠨ᠎ᠳᠦ ᠲᠠᠯᠪᠢᠵᠤ᠂ ᠳᠤᠲᠠᠭᠤᠳᠠᠯ᠎ᠢᠶᠡᠨ ᠨᠥᠬᠥᠪᠦᠷᠢᠯᠡᠵᠤ ᠪᠠᠭᠤᠷᠠᠢ ᠪᠡᠨ ᠬᠦᠴᠦᠷᠭᠡᠭᠵᠢᠭᠦᠯᠬᠦ᠎ᠡᠴᠡ ᠭᠠᠷᠳᠠᠵᠤ᠂ ᠬᠡᠷᠡᠭᠯᠡᠭᠡᠨ᠎ᠦ ᠰᠠᠭᠤᠷᠢ ᠰᠤᠳᠤᠯᠭᠠᠨ᠎ᠢ ᠪᠣᠳᠠᠲᠠᠢᠵᠢᠭᠤᠯᠵᠤ᠂ ᠵᠠᠩᠭᠢᠯᠠᠭ᠎ᠠ᠎ᠶᠢᠨ ᠭᠣᠣᠯᠯᠠᠭ᠍ᠴᠢ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠶᠡᠬᠡ ᠪᠡᠷ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠂ ᠮᠥᠩᠭᠥᠨ ᠭᠦᠢᠯᠭᠡᠭᠡᠨ᠎ᠦ ᠰᠠᠢᠨ ᠣᠷᠴᠢᠯ᠎ᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠬᠦᠯᠬᠦ᠎ᠪᠡᠷ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠥᠭᠡᠷᠡᠴᠢᠯᠡᠬᠦ᠂ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ᠎ᠶᠢ ᠡᠭᠦᠳᠬᠦ ᠰᠠᠢᠨ ᠰᠠᠢᠬᠠᠨ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠤ᠂ ᠴᠢᠳᠠᠪᠤᠷᠢᠲᠠᠨ᠎ᠢ ᠨᠦᠭᠡᠴᠡᠯᠡᠬᠦ᠎ᠶᠢ  ᠪᠤᠵᠠᠭᠠᠢᠷᠠᠭᠤᠯᠵᠤ᠂ ᠴᠢᠳᠠᠪᠤᠷᠢᠲᠠᠨ᠎ᠢ ᠬᠡᠷᠡᠭᠯᠡᠬᠦ 《ᠰᠠᠢᠨ ᠲᠠᠪᠴᠠᠩ》 ᠢ᠋ ᠴᠤᠭᠴᠠᠯᠠᠵᠤ᠂ ᠴᠢᠳᠠᠪᠤᠷᠢᠲᠠᠨ᠎ᠢ ᠦᠯᠡᠳᠡᠭᠡᠬᠦ 《ᠵᠥᠭᠡᠯᠡᠨ ᠣᠷᠴᠢᠨ ᠨᠥᠬᠥᠴᠡᠯ》 ᠢ᠋ ᠰᠢᠯᠢᠳᠡᠭᠵᠢᠭᠦᠯᠵᠤ᠂ ᠴᠢᠳᠠᠪᠤᠷᠢᠲᠠᠨ᠎ᠤ 《ᠬᠥᠭᠵᠢᠯ》 ᠵᠢᠡᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠮᠠᠨᠳᠤᠯ》 ᠢ᠋ ᠠᠬᠢᠭᠤᠯᠬᠤ ᠬᠡᠷᠡᠭᠲᠡᠢ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢ ᠬᠦᠭᠵᠢᠯᠳᠡ᠎ᠳᠦ ᠡᠨ᠋ᠸᠷᠭᠢ ᠤᠯᠭᠤᠵᠤ᠂ ᠰᠢᠨ᠎ᠡ᠎ᠶᠢ ᠡᠭᠦᠳᠬᠦ ᠨᠢ ᠢᠷᠡᠭᠡᠳᠦᠢ᠎ᠶᠢᠨ ᠰᠢᠢᠳᠪᠦᠷᠢᠲᠦ ᠢᠯᠠᠯᠲᠠ᠎ᠶᠢ ᠣᠯᠣᠨ᠎ᠠ᠃ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠡᠯ᠎ᠡ ᠲᠠᠯ᠎ᠠ᠎ᠶᠢᠨ ᠬᠦᠴᠦᠨ᠎ᠢ ᠳᠠᠶ᠋ᠢᠴᠢᠯᠠᠵᠤ᠂ ᠡᠬᠢ ᠪᠠᠶᠠᠯᠢᠭ᠋᠎ᠢ ᠨᠡᠢᠳᠭᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ ᠬᠦᠴᠦᠷᠬᠡᠭ ᠶᠡᠬᠡ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠡᠳᠡᠯᠭᠡ᠎ᠶᠢ ᠰᠤᠷᠤᠯᠴᠠᠬᠤ᠂ ᠰᠢᠨᠵᠢᠯᠡᠬᠦ ᠤᠬᠠᠭᠠᠨ᠎ᠤ ᠬᠡᠪ ᠪᠣᠯᠪᠠᠰᠤᠷᠠᠯ᠎ᠢᠶᠠᠨ ᠳᠡᠭᠡᠭᠰᠢᠯᠡᠭᠦᠯᠬᠦ᠎ᠶᠢ 《ᠵᠠᠪᠠᠯ ᠰᠤᠷᠬᠤ ᠬᠢᠴᠢᠶᠡᠯ》 ᠪᠣᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯ᠎ᠤᠨ ᠤᠳᠤᠷᠢᠳᠬᠤ ᠪᠠ ᠲᠦᠯᠬᠢᠨ ᠠᠬᠢᠭᠤᠯᠬᠤ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠠᠶᠠᠨ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠰ᠎ᠲᠦ ᠰᠢᠨ᠎ᠡ ᠡᠭᠦᠷᠭᠡ ᠬᠠᠷᠢᠭᠤᠴᠠᠯᠭ᠎ᠠ ᠤᠯᠭᠤᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠤᠨ ᠰᠢᠨ᠎ᠡ ᠵᠢᠳᠬᠦᠯ ᠴᠢᠷᠮᠠᠢᠯᠭ᠎ᠠ᠎ᠶᠢ ᠤᠷᠢᠶᠠᠯᠠᠨ ᠳᠠᠭᠤᠳᠠᠵᠤ ᠪᠤᠢ᠃ ᠥᠷᠭᠡᠨ ᠤᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ ᠵᠢ ᠵᠣᠷᠢᠭ᠍ᠲᠠᠢ ᠡᠭᠦᠷᠭᠡᠯᠡᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠨᠳᠦ ᠡᠭᠦᠷᠭᠡ᠎ᠶᠢ ᠵᠣᠷᠢᠭ᠍ᠲᠠᠢ ᠳᠠᠭᠠᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠣᠶᠠᠨ ᠤᠷᠬᠢᠯ᠎ᠳᠤ ᠵᠣᠷᠢᠭ᠍ᠲᠠᠢ ᠠᠪᠠᠷᠢᠵᠤ᠂ ᠴᠢᠷᠮᠠᠢᠭᠰᠠᠨ ᠳᠡᠭᠡᠷ᠎ᠡ ᠨᠢ ᠴᠢᠷᠮᠠᠢᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠲᠠᠬᠢᠨ ᠰᠢᠯᠢᠳᠡᠭ ᠠᠮᠵᠢᠯᠲᠠ ᠭᠠᠷᠭᠠᠵᠤ᠂ ᠦᠨᠳᠦᠰᠦᠨ ᠱᠠᠳᠤᠨ᠎ᠳᠦ ᠭᠦᠨᠵᠡᠭᠡᠢᠷᠡᠨ ᠨᠡᠩ ᠤᠯᠠᠨ ᠥᠭᠦᠯᠡᠯ ᠪᠢᠴᠢᠵᠦ᠂ ᠨᠡᠩ ᠤᠯᠠᠨ ᠦᠷ᠎ᠡ ᠪᠦᠲᠦᠭᠡᠯ᠎ᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠭᠤᠤ ᠶᠡᠬᠡ ᠦᠢᠯᠡᠰ᠎ᠲᠦ ᠬᠡᠷᠡᠭᠯᠡᠬᠦ ᠬᠡᠷᠡᠭᠲᠡᠢ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠶᠡᠬᠡ ᠤᠷᠤᠰᠬᠠᠯ ᠰᠦᠷ ᠳᠠᠯᠠᠢᠴᠠᠲᠠᠢ ᠥᠷᠨᠢᠵᠦ᠂ ᠮᠢᠩᠭᠠᠨ ᠳᠠᠷᠪᠠᠭᠤᠯ ᠬᠡᠢᠰᠬᠡᠨ ᠤᠷᠤᠭᠰᠢᠯᠠᠬᠤ᠎ᠳᠦ ᠡᠷᠡᠯᠬᠡᠭ ᠳᠠᠢᠴᠢᠳ ᠢᠯᠠᠯᠳᠠ ᠤᠯᠬᠤ ᠨᠢ ᠯᠠᠪᠳᠠᠢ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠬᠢᠭᠦᠯᠦᠨ ᠱᠠᠩᠨᠠᠬᠤ ᠶᠡᠬᠡ ᠬᠤᠷᠠᠯ ᠪᠣᠯ ᠨᠢᠭᠡ ᠤᠳᠠᠭ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠬᠥᠬᠢᠭᠦᠯᠦᠨ ᠰᠠᠢᠰᠢᠶᠠᠬᠤ ᠶᠡᠬᠡ ᠬᠤᠷᠠᠯ ᠪᠣᠯᠣᠨ᠎ᠠ᠂ ᠮᠥᠨ ᠴᠦ᠍ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠨ᠎ᠡ ᠳᠡᠭᠲᠡᠷ᠎ᠲᠦ ᠭᠠᠷᠬᠤ ᠳᠠᠢᠴᠢᠯᠠᠯᠲᠠ ᠵᠢᠨ ᠶᠡᠬᠡ ᠬᠤᠷᠠᠯ ᠮᠦᠨ᠃ ᠪᠢᠳᠠ ᠬᠠᠷᠠᠯᠲᠠ᠎ᠪᠠᠨ ᠪᠠᠲᠦ ᠡᠵᠡᠮᠳᠡᠨ᠂ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠵᠦ᠂ ᠡᠷᠴᠢ ᠵᠤᠷᠢᠭ ᠠᠤᠭ᠎ᠠ ᠪᠤᠳᠤᠯ᠎ᠢ ᠪᠤᠢ ᠪᠣᠯᠭᠠᠵᠤ᠂ ᠰᠢᠨ᠎ᠡ᠎ᠶᠢ ᠡᠭᠦᠳᠬᠦ ᠢᠲᠡᠭᠡᠯ᠎ᠢᠶᠡᠨ ᠴᠢᠩᠭᠠᠳᠬᠠᠵᠤ᠂ ᠥᠷᠯᠥᠭᠡ ᠦᠳᠡᠰᠢ᠎ᠶᠢ ᠲᠡᠮᠡᠴᠡᠨ᠂ ᠪᠦᠯᠬᠦᠮᠳᠡᠨ ᠲᠡᠮᠡᠴᠡᠵᠦ᠂ ᠰᠢᠨ᠎ᠡ᠎ᠶᠢ ᠡᠭᠦᠳᠬᠦ ᠬᠡᠯᠪᠡᠷᠢ᠎ᠶᠢᠨ ᠥᠪᠥᠷ ᠮᠣᠩᠭᠣᠯ᠎ᠢ ᠲᠦᠷᠭᠡᠳᠬᠡᠨ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠡᠩ ᠪᠠᠲᠤ ᠪᠡᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号