ᠮᠢᠬᠠᠨ ᠤ᠋ ᠵᠦᠶ᠋ᠯᠡᠰ ᠲᠦ᠍ ᠲᠤᠰᠭᠠᠶ ᠪᠠᠢᠴᠠᠭᠠᠯᠲᠠ ᠬᠢᠪᠠ
2025-11-28 12:09:47
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠠᠷᠠᠳ ᠣᠯᠠᠨ ᠤ᠋ 《ᠢᠳᠡᠭᠡᠨ ᠤᠮᠳᠠᠭᠠᠨ ᠤ᠋ ᠠᠮᠤᠷ ᠲᠦᠪᠱᠢᠨ》 ᠢ᠋ ᠦᠨᠡᠨ ᠬᠦ᠌ ᠬᠠᠮᠠᠭᠠᠯᠠᠵᠤ᠂ ᠮᠢᠬᠠᠨ ᠤ᠋ ᠵᠦᠶ᠋ᠯ ᠤ᠋ᠨ ᠦᠶ᠋ᠯᠡᠳᠪᠦᠷᠢᠯᠡᠯ ᠡᠵᠡᠩᠨᠡᠯᠲᠡ ᠶ᠋ᠢᠨ ᠡᠮᠬᠢ ᠵᠢᠷᠤᠮ ᠢ᠋ ᠵᠢᠷᠤᠮᠵᠢᠭᠤᠯᠤᠨ᠂ ᠬᠠᠭᠤᠷᠮᠠᠭ ᠮᠠᠭᠤ ᠮᠢᠬᠠᠨ ᠤ᠋ ᠵᠦᠶ᠋ᠯ ᠢ᠋ ᠦᠶ᠋ᠯᠡᠳᠴᠦ᠍ ᠪᠣᠷᠣᠯᠠᠭᠤᠯᠬᠤ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠬᠦ ᠶ᠋ᠢᠨ ᠲᠥᠯᠥᠭᠡ᠂ ᠬᠣᠲᠣᠩ ᠠᠷᠠᠳ ᠤ᠋ᠨ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠣᠢᠷ᠎ᠠ ᠳ᠋ᠤ ᠮᠢᠬᠠᠨ ᠤ᠋ ᠵᠦᠶ᠋ᠯ ᠤ᠋ᠨ ᠶᠠᠰᠤ ᠴᠢᠨᠠᠷ ᠤ᠋ᠨ ᠠᠮᠤᠷ ᠲᠦᠪᠱᠢᠨ᠎ᠦ ᠲᠤᠰᠭᠠᠶ ᠪᠠᠢᠴᠠᠭᠠᠯᠲᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ 《ᠡᠬᠢ ᠡᠭᠦᠰᠦᠯ ᠡᠴᠡ ᠨᠢ ᠡᠵᠡᠮᠳᠡᠬᠦ᠌ + ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ + ᠨᠡᠢᠭᠡᠮ ᠨᠡᠢᠲᠡ ᠪᠡᠷ ᠢ᠋ᠶ᠋ᠡᠨ ᠬᠠᠮᠲᠤ ᠪᠡᠷ ᠵᠠᠰᠠᠬᠤ》 ᠪᠥᠬᠥ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ ᠶ᠋ᠢᠨ ᠱᠢᠰᠲ᠋ᠧᠮ ᠢ᠋ ᠪᠠᠢᠭᠤᠯᠵᠤ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ 

ᠨᠡᠢᠳᠡᠮ ᠤ᠋ᠨ ᠪᠠᠢᠴᠠᠭᠠᠯᠲᠠ ᠪᠠ ᠭᠤᠤᠯᠳᠠᠯᠭ᠎ᠠ ᠲᠠᠢ ᠰᠤᠭᠤᠴᠢᠨ ᠪᠠᠢᠴᠠᠭᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠌᠂ ᠮᠢᠬᠠᠨ ᠤ᠋ ᠵᠦᠢᠯ ᠤ᠋ᠨ ᠦᠶ᠋ᠯᠡᠳᠪᠦᠷᠢᠯᠡᠯ ᠤ᠋ᠨ ᠵᠢᠵᠢᠭ ᠦᠶ᠋ᠯᠡᠳᠭᠡᠯ ᠤ᠋ᠨ ᠭᠠᠵᠠᠷ᠂ ᠬᠦᠶ᠋ᠲᠡᠨ ᠬᠥᠮᠥᠷᠭᠡ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ᠋ ᠨᠢᠭᠡᠴᠢ (ᠰᠤᠷᠭᠠᠭᠤᠯᠢ ᠶ᠋ᠢᠨ ᠬᠣᠭᠣᠯᠠᠨ ᠬᠡᠷ ᠢ᠋ ᠪᠠᠭ᠍ᠲᠠᠭᠠᠨ᠎ᠠ) ᠵᠡᠷᠭᠡ ᠡᠯ᠎ᠡ ᠲᠥᠷᠥᠯ ᠤ᠋ᠨ ᠡᠵᠡᠩᠨᠡᠯᠲᠡ ᠶ᠋ᠢᠨ ᠭᠤᠤᠯ ᠴᠣᠭ᠍ᠴᠠ ᠵᠢ ᠬᠠᠮᠤᠷᠴᠤ᠌᠂ ᠨᠡᠢᠲᠡ 12 ᠦᠶ᠋ᠯᠡᠳᠪᠦᠷᠢᠯᠡᠯ ᠤ᠋ᠨ ᠨᠢᠭᠡᠴᠢ᠂ 35 ᠭᠦᠶ᠋ᠯᠭᠡᠭᠡᠨ᠎ᠦ ᠬᠤᠳᠠᠯᠳᠤᠭᠠᠴᠢᠨ ᠡᠷᠦᠬᠡ᠂ 45 ᠢᠳᠡᠭᠡᠨ ᠤᠮᠳᠠᠭᠠᠨ ᠤ᠋ ᠨᠢᠭᠡᠴᠢ ᠵᠢ ᠪᠠᠢᠴᠠᠭᠠᠪᠠ᠃ ᠪᠠᠢᠴᠠᠭᠠᠯᠲᠠ ᠨᠢ ᠬᠢᠷᠢ ᠬᠡᠮ ᠨᠢ ᠲᠣᠭ᠍ᠲᠠᠭᠠᠯ ᠳ᠋ᠤ ᠨᠡᠢᠴᠡᠬᠦ᠌᠂ ᠢᠷᠡᠯᠲᠡ ᠵᠢ᠎ᠨᠢ ᠮᠥᠷᠳᠡᠬᠦ᠂ ᠬᠠᠳᠠᠭᠠᠯᠠᠬᠤ ᠨᠥᠬᠥᠴᠡᠯ᠂ ᠡᠳ᠋ᠱᠢᠭᠦᠯᠦᠨ ᠪᠤᠯᠪᠠᠰᠤᠷᠠᠭᠤᠯᠬᠤ ᠵᠡᠷᠭᠡ ᠵᠠᠩᠭᠢᠯᠠᠭ᠎ᠠ ᠶ᠋ᠢᠨ ᠭᠣᠭ᠍ᠴᠣᠭ᠎ᠠ ᠶ᠋ᠢᠨ ᠲᠣᠭᠣᠷᠢᠨ ᠳ᠋ᠤ ᠶᠠᠪᠤᠬᠳᠠᠵᠤ᠂ 《ᠠᠮᠢᠲᠠᠨ ᠤ᠋ ᠬᠢᠵᠢᠭ ᠪᠠᠢᠴᠠᠭᠠᠬᠤ ᠳ᠋ᠤ ᠬᠢᠷᠢ ᠲᠡᠩᠴᠡᠭ᠌ᠰᠡᠨ ᠭᠡᠷᠡᠴᠢ᠂ ᠮᠢᠬᠠᠨ ᠤ᠋ ᠴᠢᠨᠠᠷ ᠢ᠋ ᠱᠢᠯᠭᠠᠨ ᠪᠠᠢᠴᠠᠭᠠᠬᠤ ᠳ᠋ᠤ ᠬᠢᠷᠢ ᠲᠡᠩᠴᠡᠭ᠌ᠰᠡᠨ ᠭᠡᠷᠡᠴᠢ ᠵᠢᠴᠢ ᠲᠣᠬᠢᠷᠠᠯᠴᠠᠭᠤᠯᠤᠭ᠍ᠰᠠᠨ ᠱᠢᠯᠭᠠᠨ ᠪᠠᠢᠴᠠᠭᠠᠭ᠍ᠰᠠᠨ ᠲᠠᠮᠠᠭ᠎ᠠ》᠂ ᠪᠠᠷᠠᠭ᠎ᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠭ᠍ᠰᠠᠨ ᠲᠡᠮᠳᠡᠭ᠌ᠯᠡᠯ᠂ ᠬᠦᠶ᠋ᠲᠡᠨ ᠬᠡᠯᠬᠢᠶ᠎ᠡ ᠶ᠋ᠢᠨ ᠳᠤᠯᠠᠭᠠᠨ ᠤ᠋ ᠬᠡᠮᠵᠢᠶ᠎ᠡ ᠵᠢ ᠡᠵᠡᠮᠳᠡᠬᠦ᠌᠂ ᠲᠦᠭᠦᠬᠡᠶ ᠪᠠ ᠪᠣᠯᠭᠤᠬᠰᠠᠨ ᠢᠳᠡᠭᠡᠨ ᠢ᠋ ᠲᠣᠭᠣᠷᠢᠭ ᠬᠤᠪᠢᠶᠠᠨ ᠬᠠᠮᠢᠶᠠᠷᠬᠤ ᠵᠡᠷᠭᠡ ᠪᠠᠢᠳᠠᠯ ᠢ᠋ ᠭᠤᠤᠯᠳᠠᠯᠭ᠎ᠠ ᠲᠠᠢ ᠬᠢᠨᠠᠨ ᠪᠠᠢᠴᠠᠭᠠᠵᠤ᠂ ᠢᠳᠡᠭᠡᠨ ᠎ᠤ  ᠠᠮᠤᠷ ᠲᠦᠪᠱᠢᠨ ᠎ᠦ ᠬᠠᠤᠯᠢ ᠴᠠᠭᠠᠵᠠ ᠬᠠᠤᠯᠢ ᠲᠣᠭ᠍ᠲᠠᠭᠠᠯ ᠤ᠋ᠨ ᠤᠬᠠᠭᠤᠯᠭ᠎ᠠ ᠬᠢᠭᠡᠳ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢᠨ ᠰᠠᠨᠠᠭᠤᠯᠤᠮᠵᠢ ᠵᠢ ᠵᠡᠷᠭᠡ ᠪᠡᠷ ᠥᠷᠨᠢᠭᠦᠯᠦᠨ᠂ ᠬᠢᠨᠠᠨ ᠬᠠᠮᠢᠶᠠᠷᠬᠤ ᠪᠠ ᠬᠥᠲᠥᠯᠦᠨ ᠵᠢᠯᠣᠭᠣᠳᠭᠤ ᠵᠢ ᠵᠡᠷᠭᠡ ᠪᠡᠷ ᠴᠢᠬᠤᠯᠠᠴᠢᠯᠠᠬᠤ ᠵᠢ ᠬᠡᠷᠡᠭᠵᠢᠭᠦᠯᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号