ᠬᠥᠬᠡᠬᠣᠲᠠ᠎ᠶᠢᠨ 2026 ᠣᠨ᠎ᠤ ᠲᠦᠷᠦᠭᠦᠤ ᠪᠦᠯᠦᠭ᠎ᠤᠨ ᠠᠵᠢᠯ ᠦᠢᠯᠡᠰ ᠤ᠋ᠨ ᠨᠢᠭᠡᠴᠢ᠎ᠶᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ ᠤᠷᠢᠳᠴᠢᠯᠠᠨ ᠡᠬᠢᠯᠡᠪᠡ
2025-11-28 16:19:29
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠬᠥᠬᠡᠬᠣᠲᠠ᠎ᠶᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠣᠶ᠋ᠢᠯᠠᠭᠠᠭᠰᠠᠨ᠎ᠢᠶᠠᠷ᠂ 2026 ᠣᠨ᠎ᠤ ᠲᠦᠷᠦᠭᠦᠤ ᠪᠦᠯᠦᠭ᠎ᠤᠨ ᠠᠵᠢᠯ ᠦᠢᠯᠠᠰ ᠤ᠋ᠨ ᠨᠢᠭᠡᠴᠢ᠎ᠶᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠦᠨᠡᠯᠡᠨ ᠵᠢᠱ᠌ᠢᠬᠦ᠌ ᠪᠠ ᠮᠠᠭᠠᠳᠯᠠᠨ ᠲᠣᠭᠲᠠᠭᠠᠬᠤ ᠠᠵᠢᠯ 2025 ᠣᠨ᠎ᠤ 10 ᠰᠠᠷ᠎ᠠ᠎ᠶᠢᠨ 20᠎ᠤ᠋ ᠡᠳᠦᠷ᠎ᠡᠴᠡ ᠡᠬᠢᠯᠡᠨ ᠨᠡᠷ᠎ᠡ ᠮᠡᠳᠡᠭᠦᠯᠵᠦ᠍᠂ 11 ᠰᠠᠷ᠎ᠠ᠎ᠶᠢᠨ 23 ᠤ᠋ ᠡᠳᠦᠷ ᠨᠢᠭᠡᠨᠲᠡ ᠬᠦᠬᠡᠬᠤᠲᠠ ᠵᠢᠨ ᠰᠢᠭᠤᠳ ᠬᠠᠷᠢᠶ᠎ᠠ ᠬᠣᠰᠢᠭᠤ ᠰᠢᠶᠠᠨ ᠲᠣᠭᠣᠷᠢᠭ᠂ ᠨᠠᠮ᠎ᠤᠨ ᠰᠤᠷᠭᠠᠭᠤᠯᠢ᠎ᠶᠢᠨ ᠰᠢᠰᠲ᠋ᠧᠮ᠂ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠡᠷᠭᠡ 38 ᠠᠵᠢᠯ ᠦᠢᠯᠠᠰ ᠤ᠋ᠨ ᠨᠢᠭᠡᠴᠢ᠎ᠶᠢᠨ ᠴᠢᠳᠠᠪᠤᠷᠢᠲᠠᠨ᠎ᠢ ᠰᠢᠯᠢᠨ ᠰᠣᠩᠭᠣᠬᠤ ᠠᠵᠢᠯ᠎ᠢ ᠪᠡᠶᠡᠯᠡᠭᠦᠯᠵᠠᠢ᠃

ᠲᠠᠨᠢᠯᠴᠠᠭᠤᠯᠤᠭᠰᠠᠨ᠎ᠢᠶᠡᠷ᠂ ᠬᠦᠬᠡᠬᠤᠲᠠ ᠵᠢᠨ ᠨᠠᠮ᠎ᠤᠨ ᠬᠣᠷᠢᠶ᠎ᠠ᠂ ᠵᠠᠰᠠᠭ ᠤ᠋ᠨ ᠣᠷᠳᠣᠨ᠎ᠤ ᠨᠢᠭᠡᠳᠦᠯᠲᠡᠢ᠎ᠳᠦ ᠪᠠᠢᠷᠢᠯᠠᠭᠤᠯᠤᠯᠲᠠ ᠶᠣᠰᠣᠭᠠᠷ᠂ ᠬᠦᠬᠡᠬᠤᠲᠠ ᠵᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《ᠡᠷᠲᠡ ᠲᠥᠯᠥᠪᠯᠡᠬᠦ᠌᠂ ᠡᠷᠲᠡ ᠡᠬᠢᠯᠡᠭᠦᠯᠬᠦ᠌᠂ ᠡᠷᠲᠡ ᠲᠣᠬᠢᠷᠠᠭᠤᠯᠬᠤ》 ᠠᠵᠢᠯ᠎ᠤᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠭᠠᠵᠠᠷ ᠰᠣᠩᠭᠣᠨ ᠪᠠᠢᠷᠢᠯᠠᠭᠤᠯᠤᠯᠲᠠ ᠬᠢᠬᠦ᠌᠂ ᠲᠣᠨᠣᠭ ᠲᠥᠬᠥᠭᠡᠷᠦᠮᠵᠢ᠎ᠶᠢ ᠲᠤᠬᠢᠷᠠᠭᠤᠯᠤᠨ ᠲᠤᠷᠰᠢᠬᠤ᠂ ᠰᠢᠯᠭᠠᠯᠲᠠ᠎ᠶᠢᠨ ᠶᠠᠪᠤᠳᠠᠯ᠎ᠤᠨ ᠲᠥᠰᠦᠯ ᠲᠣᠭᠲᠠᠭᠠᠬᠤ᠂ ᠠᠵᠢᠯᠲᠠᠨ᠎ᠢ ᠰᠣᠩᠭᠣᠨ ᠲᠣᠮᠢᠯᠠᠬᠤ᠂ ᠰᠢᠯᠭᠠᠯᠲᠠ᠎ᠶᠢᠨ ᠶᠠᠪᠤᠳᠠᠯ᠎ᠤᠨ ᠪᠣᠯᠪᠠᠰᠤᠷᠠᠯ ᠬᠢᠬᠦ᠌ ᠵᠡᠷᠭᠡ ᠡᠯ᠎ᠡ ᠵᠦᠢᠯ᠎ᠦᠨ ᠪᠡᠯᠡᠳᠬᠡᠯ ᠠᠵᠢᠯ᠎ᠢ ᠲᠦᠷᠭᠡᠨ ᠠᠬᠢᠭᠤᠯᠬᠤ᠎ᠶᠢᠨ ᠬᠠᠮᠲᠤ᠌᠂ ᠤᠷᠢᠨ ᠬᠡᠷᠡᠭᠯᠡᠬᠦ᠌ ᠨᠢᠭᠡᠴᠢ᠎ᠶᠢᠨ ᠴᠢᠳᠠᠪᠤᠷᠢᠲᠠᠨ ᠤᠷᠢᠵᠤ ᠡᠯᠰᠡᠬᠦ᠌ ᠠᠵᠢᠯ᠎ᠤᠨ ᠪᠠᠢᠷᠢ᠎ᠶᠢᠨ ᠣᠨᠴᠠᠯᠢᠭ᠎ᠲᠠᠶ ᠤᠶᠠᠯᠳᠤᠭᠤᠯᠤᠨ᠂ ᠦᠨᠡᠯᠡᠨ ᠵᠢᠱ᠌ᠢᠵᠦ᠍ ᠮᠠᠭᠠᠳᠯᠠᠨ ᠲᠣᠭᠲᠠᠭᠠᠬᠤ ᠠᠵᠢᠯ᠎ᠢ ᠪᠦᠯᠦᠭ ᠤᠳᠠᠭ᠎ᠠ ᠬᠤᠪᠢᠶᠠᠨ ᠥᠷᠨᠢᠭᠦᠯᠵᠦ᠍᠂ ᠴᠢᠳᠠᠪᠤᠷᠢᠲᠠᠨ᠎ᠢ ᠰᠢᠯᠢᠨ ᠰᠣᠩᠭᠣᠬᠤ ᠨᠡᠶ᠋ᠢᠲᠡᠴᠢ ᠴᠢᠨᠠᠷᠲᠠᠢ ᠪᠠᠷᠢᠮᠵᠢᠶ᠎ᠠ᠎ᠶᠢ ᠨᠠᠢᠳᠠᠪᠤᠷᠢᠵᠢᠭᠤᠯᠬᠤ ᠮᠥᠷᠲᠡᠭᠡᠨ ᠪᠠᠰᠠ ᠠᠳᠠᠯᠢ ᠪᠤᠰᠤ ᠨᠢᠭᠡᠴᠢ᠎ᠶᠢᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ᠎ᠶᠢ ᠬᠠᠮᠲᠤ᠎ᠳᠤᠨᠢ ᠬᠠᠷᠠᠭᠠᠯᠵᠠᠪᠠ᠃ 

ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠴᠢᠳᠠᠪᠤᠷᠢᠲᠠᠨ ᠤᠷᠤᠭᠤᠯᠤᠨ ᠠᠪᠴᠢᠷᠠᠬᠤ ᠠᠵᠢᠯ ᠨᠢ ᠨᠡᠶ᠋ᠢᠲᠡ 5251 ᠰᠢᠯᠢᠳᠡᠭ ᠶᠠᠬᠡ ᠳᠡᠭᠡᠳᠦ ᠰᠤᠷᠭᠠᠭᠤᠯᠢ᠎ᠶᠢᠨ ᠰᠣᠷᠣᠭᠴᠢ᠎ᠶᠢᠨ ᠠᠩᠬᠠᠷᠤᠯ᠎ᠢ ᠲᠠᠲᠠᠵᠤ᠂ 2602 ᠬᠥᠮᠦᠨ ᠬᠢᠨᠠᠨ ᠪᠠᠶ᠋ᠢᠴᠠᠭᠠᠯᠲᠠ᠎ᠳᠤ ᠬᠢᠷᠢ ᠲᠡᠩᠴᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号