ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠰᠤᠨ ᠠᠰᠢᠭᠯᠠᠯᠳᠠ ᠶ᠋ᠢᠨ ᠲᠢᠩᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠤᠰᠤ ᠠᠷᠪᠢᠯᠠᠬᠤ ᠠᠵᠢᠯᠯᠠᠭ᠎ᠠ ᠶ᠋ᠢ ᠪᠦᠬᠦ ᠤᠷᠤᠨ ᠤ᠋ ᠬᠡᠪᠴᠢᠶᠠᠨ ᠳ᠋ᠤ ᠪᠠᠢᠷᠢᠯᠠᠭᠤᠯᠤᠨ ᠦᠷᠨᠢᠭᠦᠯᠦᠭᠰᠡᠨ ᠡᠴᠡ ᠨᠠᠭᠠᠰᠢ ᠪᠦᠬᠦ ᠤᠷᠤᠨ ᠤ᠋ ᠲᠠᠷᠢᠶᠠᠯᠠᠩ ᠤ᠋ᠨ ᠤᠰᠤ ᠠᠷᠪᠢᠯᠠᠬᠤ ᠴᠢᠳᠠᠪᠤᠷᠢ 2.3 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠨᠡᠮᠡᠭᠳᠡᠪᠠ᠃
ᠤᠰᠤ ᠠᠷᠪᠢᠯᠠᠬᠤ ᠠᠵᠢᠯᠯᠠᠭ᠎ᠠ ᠪᠤᠯ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠤ᠋ ᠪᠠᠢᠷᠢᠯᠠᠭᠤᠯᠤᠭᠰᠠᠨ 2025 ᠤᠨ ᠤ᠋ 《 ᠵᠢᠷᠭᠤᠭᠠᠨ ᠠᠵᠢᠯᠯᠠᠭ᠎ᠠ》 ᠶ᠋ᠢᠨ ᠨᠢᠭᠡ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ᠋ ᠤᠰᠤᠨ ᠠᠰᠢᠭᠯᠠᠯᠳᠠ ᠶ᠋ᠢᠨ ᠲᠢᠩᠬᠢᠮ 《ᠤᠰᠤᠨ ᠤ᠋ ᠬᠡᠮᠵᠢᠢ᠎ᠠ ᠪᠡᠷ ᠭᠠᠵᠠᠷ ᠳᠠᠷᠢᠶ᠎ᠠ ᠪᠠᠨ ᠲᠣᠭ᠍ᠲᠠᠭᠠᠬᠤ》 ᠵᠠᠷᠴᠢᠮ ᠶ᠋ᠢᠡᠷ ᠪᠦᠬᠦ ᠤᠷᠤᠨ ᠤ᠋ ᠲᠠᠷᠢᠶᠠᠯᠠᠩ ᠤ᠋ᠨ ᠤᠰᠤ ᠠᠷᠪᠢᠯᠠᠬᠤ ᠠᠵᠢᠯ ᠢ᠋ ᠡᠷᠴᠢᠮᠳᠠᠢ ᠠᠬᠢᠭᠤᠯᠵᠠᠢ᠃ ᠡᠭᠦᠨ ᠳ᠋ᠤ᠂ 5 ᠲᠦᠮᠡᠨ ᠮᠤ᠌ ᠡᠴᠡ ᠳᠡᠭᠡᠭᠰᠢᠬᠢ 46 ᠲᠤᠮᠤ ᠳᠤᠮᠳᠠ ᠬᠡᠯᠪᠡᠷᠢ ᠶ᠋ᠢᠨ ᠤᠰᠤᠯᠠᠯᠳᠠ ᠶ᠋ᠢᠨ ᠤᠷᠤᠨ ᠤ᠋ ᠤᠰᠤᠨ ᠤ᠋ ᠬᠡᠷᠡᠭᠯᠡᠭᠡ ᠶ᠋ᠢ ᠴᠦᠮ ᠰᠦᠯᠵᠢᠶ᠎ᠠ ᠪᠡᠷ ᠬᠢᠨᠡᠨ ᠬᠡᠮᠵᠢᠬᠦ ᠶ᠋ᠢ ᠪᠡᠶᠡᠯᠡᠭᠦᠯᠵᠤ᠂ ᠲᠠᠷᠢᠶᠠᠯᠠᠩ ᠤ᠋ᠨ ᠤᠰᠤᠯᠠᠯᠳᠠ ᠶ᠋ᠢᠨ ᠮᠠᠰᠢᠨ ᠬᠤᠳᠳᠤᠭ ᠲᠤ᠌ 《 ᠴᠠᠬᠢᠯᠭᠠᠨ ᠬᠡᠷᠡᠭᠯᠡᠭᠰᠡᠨ ᠬᠡᠮᠵᠢᠶ᠎ᠠ ᠪᠡᠷ ᠤᠰᠤᠨ ᠤ᠋ ᠦᠨ᠎ᠠ ᠢ᠋ᠢ ᠨᠤᠭᠤᠯᠤᠨ ᠪᠤᠳᠤᠬᠤ 》 ᠶ᠋ᠢ ᠪᠦᠬᠦ ᠲᠠᠯ᠎ᠠ ᠪᠡᠷ ᠬᠡᠷᠡᠭᠵᠢᠭᠦᠯᠪᠡ᠃ ᠪᠦᠬᠦ ᠤᠷᠤᠨ ᠳ᠋ᠤ 350 ᠲᠦᠮᠡᠨ ᠮᠤ᠌ ᠶ᠋ᠢᠨ ᠦᠨᠳᠦᠷ ᠪᠦᠲᠦᠮᠵᠢᠳᠠᠢ ᠪᠡᠷ ᠤᠰᠤ ᠠᠷᠪᠢᠯᠠᠬᠤ ᠤᠰᠤᠯᠠᠯᠳᠠ ᠶ᠋ᠢᠨ ᠢᠨᠵᠧᠨᠧᠷᠢᠩ᠂ 37 ᠲᠦᠮᠡᠨ ᠮᠤ᠌ ᠶ᠋ᠢᠨ ᠤᠰᠤᠨ ᠤ᠋ ᠰᠤᠪᠠᠭ ᠢ᠋ ᠲᠤᠳᠤᠷᠯᠠᠨ ᠪᠠᠷᠢᠬᠤ ᠤᠰᠤᠯᠠᠯᠳᠠ ᠶ᠋ᠢᠨ ᠢᠨᠵᠧᠨᠧᠷᠢᠩ ᠢ᠋ ᠪᠦᠬᠦ ᠲᠠᠯ᠎ᠠ ᠪᠡᠷ ᠪᠠᠷᠢᠯᠭ᠎ᠠ ᠡᠬᠢᠯᠡᠭᠦᠯᠵᠦ᠂ ᠰᠢᠨ᠎ᠠ ᠪᠡᠷ ᠪᠠᠢᠭᠤᠯᠤᠭᠰᠠᠨ ᠲᠠᠯᠠᠪᠠᠢ ᠨᠢ 165.7 ᠲᠦᠮᠡᠨ ᠮᠤ᠌ ᠳ᠋ᠤ ᠬᠦᠷᠴᠤ᠂ ᠦᠭᠡᠷᠡᠴᠢᠯᠡᠨ ᠰᠠᠢᠵᠢᠷᠠᠭᠤᠯᠤᠭᠰᠠᠨ ᠲᠠᠯᠠᠪᠠᠢ ᠨᠢ 127.5 ᠲᠦᠮᠡᠨ ᠮᠤ᠌ ᠳ᠋ᠤ ᠬᠦᠷᠴᠠᠢ᠃ ᠤᠰᠤ ᠪᠤᠷᠳᠤᠭᠤᠷ ᠢ᠋ ᠨᠢᠭᠡ ᠴᠤᠭᠴᠠᠵᠢᠭᠤᠯᠤᠭᠰᠠᠨ ᠲᠠᠯᠠᠪᠠᠢ ᠶ᠋ᠢ 271 ᠲᠦᠮᠡᠨ ᠮᠤ᠌ ᠰᠢᠨ᠎ᠠ ᠪᠡᠷ ᠨᠡᠮᠡᠭᠳᠡᠭᠦᠯᠵᠦ᠂ ᠤᠰᠤᠨ ᠤ᠋ ᠬᠤᠷᠤᠭᠳᠠᠭᠤᠯᠤᠯ ᠶᠡᠬᠡᠳᠠᠢ ᠲᠠᠷᠢᠮᠠᠯ ᠢ᠋ 37.6 ᠲᠦᠮᠡᠨ ᠮᠤ᠌ ᠪᠠᠭᠠᠰᠬᠠᠨ᠂ 122.3 ᠲᠦᠮᠡᠨ ᠮᠤ᠌ ᠲᠠᠷᠢᠶᠠᠨ ᠭᠠᠵᠠᠷ ᠲᠤ᠌ ᠭᠠᠩ ᠳ᠋ᠤ ᠳᠠᠭᠠᠭᠠᠴᠠᠳᠠᠢ ᠲᠠᠷᠢᠮᠠᠯ ᠪᠠ ᠭᠠᠩ ᠢ᠋ ᠡᠰᠡᠷᠭᠦᠴᠡᠬᠦ ᠮᠡᠷᠭᠡᠵᠢᠯ ᠢ᠋ ᠳᠡᠯᠭᠡᠷᠡᠭᠦᠯᠵᠠᠢ᠃
ᠮᠠᠨ ᠤ᠋ ᠤᠷᠤᠨ ᠲᠠᠷᠢᠶᠠᠯᠠᠩ ᠳ᠋ᠤ ᠬᠡᠷᠡᠭᠯᠡᠬᠦ ᠤᠰᠤᠨ ᠤ᠋ ᠦᠨ᠎ᠠ ᠬᠠᠩᠰᠢ ᠶ᠋ᠢᠨ ᠦᠭᠡᠷᠡᠴᠢᠯᠡᠯᠳᠡ ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠡᠨᠡ ᠵᠢᠯ 2295.8 ᠲᠦᠮᠡᠨ ᠮᠤ᠌ ᠲᠠᠷᠢᠶᠠᠨ ᠭᠠᠵᠠᠷ ᠲᠤ᠌ ᠲᠠᠷᠢᠶᠠᠯᠠᠩ ᠳ᠋ᠤ ᠬᠡᠷᠡᠭᠯᠡᠬᠦ ᠤᠰᠤᠨ ᠤ᠋ ᠦᠨ᠎ᠠ ᠬᠠᠩᠰᠢ ᠶ᠋ᠢᠨ ᠦᠭᠡᠷᠡᠴᠢᠯᠡᠯᠳᠡ ᠶ᠋ᠢ ᠰᠢᠨ᠎ᠠ ᠪᠡᠷ ᠬᠡᠷᠡᠭᠵᠢᠭᠦᠯᠤᠨ᠂ 1000 ᠲᠦᠮᠡᠨ ᠮᠤ᠌ ᠶ᠋ᠢᠨ ᠦᠭᠡᠷᠡᠴᠢᠯᠡᠯᠳᠠ ᠶ᠋ᠢᠨ ᠡᠭᠦᠷᠭᠡ ᠶ᠋ᠢ ᠤᠷᠢᠳᠴᠢᠯᠡᠨ ᠳᠠᠪᠠᠭᠤᠯᠤᠨ ᠪᠡᠶᠡᠯᠡᠭᠦᠯᠪᠠ᠃ ᠪᠤᠷᠳᠤᠬᠤᠢ ᠶ᠋ᠢᠨ ᠤᠰᠤᠯᠠᠯᠳᠠ ᠶ᠋ᠢᠨ ᠤᠷᠤᠨ ᠤ᠋ 《ᠨᠡᠯᠦᠢᠳᠡᠯᠠ ᠤᠰᠤᠯᠠᠬᠤ》 ᠠᠰᠠᠭᠤᠳᠠᠯ ᠢ᠋ ᠪᠦᠲᠦᠮᠵᠢᠳᠠᠢ ᠰᠢᠢᠳᠪᠤᠷᠢᠯᠡᠵᠦ᠂ ᠤᠰᠤᠯᠠᠯᠳᠠ ᠶ᠋ᠢᠨ ᠤᠷᠤᠨ ᠢ᠋ ᠵᠢᠯᠤᠭᠤᠳᠤᠨ ᠰᠢᠨᠵᠢᠯᠡᠬᠦ ᠤᠬᠠᠭᠠᠴᠢ ᠪᠡᠷ ᠬᠠᠪᠤᠷ ᠤ᠋ᠨ ᠤᠰᠤᠯᠠᠯᠳᠠ ᠬᠢᠭᠰᠡᠨ ᠶ᠋ᠢᠡᠷ ᠤᠰᠤᠨ ᠤ᠋ ᠬᠡᠷᠡᠭᠯᠡᠭᠡ ᠨᠢ ᠨᠢᠳᠤᠨᠤᠨ ᠡᠴᠡ 1.35 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠭᠠᠰᠴᠠᠢ᠃ ᠡᠭᠦᠨ ᠤ᠋ ᠵᠡᠷᠭᠡ ᠪᠡᠷ ᠰᠢᠨ᠎ᠠ ᠨᠢᠭᠡ ᠡᠭᠡᠯᠵᠢ ᠶ᠋ᠢᠨ ᠭᠠᠵᠠᠷ ᠳᠤᠤᠷᠠᠬᠢ ᠤᠰᠤ ᠶ᠋ᠢ ᠬᠡᠳᠦᠷᠡᠳᠡᠯ᠎ᠠ ᠲᠠᠳᠠᠬᠤ ᠶ᠋ᠢ ᠶᠡᠷᠦᠩᠬᠡᠢᠯᠡᠨ ᠵᠠᠰᠠᠬᠤ ᠲᠦᠰᠦᠯ ᠢ᠋ ᠳᠤᠭᠳᠠᠭᠠᠵᠤ ᠬᠡᠷᠡᠭᠵᠢᠭᠦᠯᠦᠭᠰᠡᠨ ᠨᠢ ᠪᠠᠰᠠ ᠲᠠᠷᠢᠶᠠᠯᠠᠩ ᠤ᠋ᠨ ᠤᠰᠤ ᠠᠷᠪᠢᠯᠠᠬᠤ ᠠᠵᠢᠯᠯᠠᠭ᠎ᠠ ᠶ᠋ᠢ ᠡᠷᠴᠢᠮᠳᠠᠢ ᠠᠬᠢᠭᠤᠯᠤᠭᠰᠠᠨ ᠪᠠᠢᠨ᠎ᠠ᠃