ᠠᠯᠠᠱᠠ ᠶ᠋ᠢᠨ ᠬᠦᠮᠡᠯᠢ ᠵᠢᠴᠢ ᠭᠦᠮᠠᠯᠢ ᠶ᠋ᠢᠨ ᠪᠦᠲᠦᠭᠡᠭᠳᠡᠬᠦᠨ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠢ᠋ ᠤᠯᠪᠠ
2025-11-28 11:27:49
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠦᠪᠦᠷ ᠮᠤᠩᠭᠤᠯ ᠤ᠋ᠨ ᠪᠠᠷᠢᠮᠵᠢᠶ᠎ᠠ ᠶ᠋ᠢᠨ ᠬᠦᠭᠵᠢᠯᠳᠡ ᠶ᠋ᠢ ᠠᠬᠢᠭᠤᠯᠬᠤ ᠵᠦᠪᠯᠡᠯ ᠤᠢᠷ᠎ᠠ ᠳ᠋ᠤ 《〈ᠦᠪᠦᠷ ᠮᠤᠨᠭᠭᠤᠯ ᠨᠡᠷᠡᠮᠵᠢᠲᠦ〉 ᠲᠦᠷᠦᠯ ᠲᠡᠮᠲᠡᠭ ᠤ᠋ᠨ ᠭᠡᠷᠡᠴᠢᠯᠡᠯ ᠤ᠋ᠨ ᠱᠠᠭᠠᠷᠳᠠᠯᠭ᠎ᠠ  —  ᠠᠯᠠᠱᠠ ᠶ᠋ᠢᠨ ᠬᠦᠮᠡᠯᠢ ᠵᠢᠴᠢ ᠭᠦᠮᠡᠯᠢ ᠶ᠋ᠢᠨ ᠪᠦᠲᠦᠭᠡᠭ᠌ᠳᠡᠬᠦᠨ》 ᠤ᠋ ᠪᠦᠯᠬᠦᠮ ᠤ᠋ᠨ ᠪᠠᠷᠢᠮᠵᠢᠶ᠎ᠠ ᠶ᠋ᠢ ᠨᠡᠢᠲᠡᠯᠡᠨ ᠬᠡᠷᠡᠭ᠌ᠵᠢᠭᠦᠯᠪᠡ᠃ ᠡᠨᠡ ᠨᠢ ᠠᠯᠠᠱᠠ ᠶ᠋ᠢᠨ ᠬᠦᠮᠡᠯᠢ ᠵᠢᠴᠢ ᠭᠦᠮᠠᠯᠢ ᠶ᠋ᠢᠨ ᠪᠦᠲᠦᠭᠡᠭ᠌ᠳᠡᠬᠦᠨ ᠨᠢ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭ ᠤ᠋ᠨ ᠱᠢᠰᠲ᠋ᠧᠮ ᠳ᠋ᠤ ᠤᠷᠤᠵᠤ᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠢ᠋ ᠤᠯᠤᠭᠰᠠᠨ ᠢ᠋ ᠬᠠᠷᠠᠭᠤᠯᠵᠤ ᠪᠠᠢᠨ᠎ᠠ᠃

ᠥᠪᠥᠷ ᠮᠣᠩᠭᠣᠯ ᠤ᠋ᠨ 《 ᠪᠠᠷᠢᠮᠵᠢᠶ᠎ᠠ + ᠭᠡᠷᠡᠴᠢᠯᠡᠯ》 ᠤ᠋ᠨ ᠲᠦᠷᠦᠯ ᠲᠡᠮᠲᠡᠭ ᠤ᠋ᠨ ᠪᠠᠢᠯᠳᠤᠬᠤ ᠪᠣᠳᠣᠯᠭ᠎ᠠ ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠤ᠋ ᠬᠤᠪᠢ ᠳ᠋ᠤ᠂ ᠲᠣᠰ ᠪᠠᠷᠢᠮᠵᠢᠶ᠎ᠠ ᠵᠢ ᠰᠤᠳᠤᠯᠤᠨ ᠳᠤᠭᠳᠠᠭᠠᠬᠤ ᠠᠵᠢᠯ ᠨᠢ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠳᠡᠭ ᠤ᠋ᠨ 《ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ》 ᠤ᠋ᠨ ᠭᠤᠤᠯᠯᠠᠬᠤ ᠤᠢᠯᠠᠭᠠᠬᠳᠠᠬᠤᠨ ᠢ᠋ ᠵᠠᠯᠭᠠᠮᠵᠢᠯᠠᠵᠤ᠂ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠤ᠋ᠨ ᠪᠦᠲᠦᠭᠡᠭᠳᠡᠬᠦᠨ ᠪᠤᠯᠬᠤ ᠠᠯᠠᠱᠠ ᠶ᠋ᠢᠨ ᠬᠦᠮᠡᠯᠢ ᠵᠢᠴᠢ ᠭᠦᠮᠠᠯᠢ ᠶ᠋ᠢᠨ ᠪᠦᠲᠦᠭᠡᠭᠳᠡᠬᠦᠨ ᠤ᠋ ᠨᠡᠷ᠎ᠡ ᠲᠣᠮᠢᠶ᠎ᠠ ᠪᠠ ᠲᠣᠮᠢᠶᠠᠯᠠᠯ᠂ ᠭᠡᠷᠡᠴᠢᠯᠡᠯ ᠤ᠋ᠨ ᠱᠠᠭᠠᠷᠳᠠᠯᠭ᠎ᠠ᠂ ᠭᠡᠷᠡᠴᠢᠯᠡᠯ ᠤ᠋ᠨ ᠲᠦᠷᠢᠮ᠂ ᠶᠠᠪᠤᠴᠠ ᠪᠠ ᠦᠨᠡᠯᠡᠬᠦ᠌ ᠠᠷᠭ᠎ᠠ ᠵᠢ ᠲᠣᠭ᠍ᠲᠠᠭᠠᠪᠠ᠃ ᠲᠤᠰ ᠪᠠᠷᠢᠮᠵᠢᠶ᠎ᠠ ᠵᠢ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠳᠡᠭ ᠤ᠋ᠨ ᠭᠡᠷᠡᠴᠢᠯᠡᠯ ᠤ᠋ᠨ ᠪᠦᠲᠦᠭᠡᠭᠳᠡᠬᠦᠨ ᠪᠤᠯᠬᠤ ᠠᠯᠠᠱᠠ ᠶ᠋ᠢᠨ ᠬᠦᠮᠡᠯᠢ ᠵᠢᠴᠢ ᠭᠦᠮᠡᠯᠢ ᠶ᠋ᠢᠨ ᠪᠦᠲᠦᠭᠡᠭᠳᠡᠬᠦᠨ ᠤ᠋ ᠭᠡᠷᠡᠴᠢᠯᠡᠯ ᠪᠠ ᠬᠢᠨᠠᠯᠲᠠ ᠬᠠᠮᠢᠶᠠᠷᠤᠯᠲᠠ ᠳ᠋ᠤ ᠲᠤᠬᠢᠷᠠᠭᠤᠯᠤᠨ ᠬᠡᠷᠡᠭᠯᠡᠨ᠎ᠠ᠃ ᠠᠯᠠᠱᠠ ᠶ᠋ᠢᠨ ᠬᠦᠮᠡᠯᠢ ᠶ᠋ᠢᠨ ᠤᠷᠭᠤᠯᠲᠠ ᠶ᠋ᠢᠨ ᠣᠨᠴᠠᠯᠢᠭ ᠪᠠ ᠪᠦᠲᠦᠭᠡᠭ᠌ᠳᠡᠬᠦᠨ ᠢ᠋ ᠡᠳ᠋ᠱᠢᠭᠦᠯᠬᠦ᠌ ᠪᠤᠯᠪᠠᠰᠤᠷᠠᠭᠤᠯᠬᠤ ᠬᠡᠷᠡᠭ᠌ᠴᠡᠭᠡ ᠱᠠᠭᠠᠷᠳᠠᠯᠭ᠎ᠠ ᠳ᠋ᠤ ᠴᠢᠭ᠌ᠯᠡᠭᠦᠯᠦᠨ᠂ ᠪᠠᠷᠢᠮᠵᠢᠶ᠎ᠠ ᠳ᠋ᠤ ᠭᠠᠷᠤᠯᠲᠠ ᠶ᠋ᠢᠨ ᠣᠷᠣᠨ ᠤ᠋ ᠣᠷᠴᠢᠨ ᠲᠣᠭᠣᠷᠢᠨ ᠤ᠋ ᠶᠠᠰᠤ ᠴᠢᠨᠠᠷ᠂ ᠦᠶ᠋ᠯᠡᠳᠪᠦᠷᠢᠯᠡᠯ ᠤ᠋ᠨ ᠮᠡᠷᠭᠡᠵᠢᠯ ᠤ᠋ᠨ ᠱᠠᠭᠠᠷᠳᠠᠯᠭ᠎ᠠ ᠡᠴᠡ ᠡᠳ᠋ᠱᠢᠭᠦᠯᠤᠨ ᠪᠤᠯᠪᠠᠰᠤᠷᠠᠭᠤᠯᠬᠤ ᠭᠣᠭ᠍ᠴᠣᠭ᠎ᠠ ᠶ᠋ᠢᠨ ᠱᠢᠨ᠎ᠡ ᠰᠣᠷᠭᠣᠭ ᠢ᠋ ᠪᠠᠳᠤᠯᠠᠬᠤ ᠮᠡᠷᠭᠡᠵᠢᠯ᠂ ᠨᠡᠮᠡᠯᠲᠡ ᠡᠳ᠋ ᠤ᠋ᠨ ᠬᠡᠷᠡᠭᠯᠡᠭᠡ᠂ ᠵᠦᠭᠡᠭᠡᠪᠤᠷᠢᠯᠡᠨ ᠬᠠᠳᠠᠭᠠᠯᠠᠬᠤ ᠭᠣᠭ᠍ᠴᠣᠭ᠎ᠠ ᠵᠡᠷᠭᠡ ᠬᠦᠷᠲᠡᠯ᠎ᠡ ᠴᠥᠮ ᠲᠣᠳᠣᠷᠬᠠᠶ ᠱᠠᠭᠠᠷᠳᠠᠯᠭ᠎ᠠ ᠳᠤᠷᠠᠳᠴᠠᠢ᠃

ᠠᠯᠠᠱᠠ ᠨᠤᠳᠤᠭ ᠤ᠋ᠨ ᠭᠦᠮᠠᠯᠢ ᠪᠤᠯ ᠰᠠᠯᠬᠢ ᠪᠠ ᠭᠠᠩ ᠬᠠᠭᠰᠠᠷᠠᠭᠠᠨ ᠳ᠋ᠤ ᠳᠠᠭᠠᠭᠠᠴᠠᠳᠠᠢ᠂ ᠰᠢᠮ᠎ᠠ ᠲᠡᠵᠢᠭᠡᠯ ᠲᠠᠢ ᠪᠦᠭᠡᠳ ᠡᠮ ᠳ᠋ᠤ ᠤᠷᠤᠳᠠᠭ᠂ ᠠᠮᠢ ᠠᠬᠤᠢ ᠪᠠ ᠠᠵᠤ ᠠᠬᠤᠢ ᠶ᠋ᠢᠨ ᠬᠤᠤᠰ ᠦᠷ᠎ᠠ ᠠᠰᠢᠭ ᠲᠠᠢ ᠡᠯᠡᠰᠦᠨ ᠤ᠋ ᠤᠷᠭᠤᠮᠠᠯ ᠪᠠᠢᠵᠤ᠂ 2017 ᠳ᠋ᠤ ᠤᠯᠤᠰ ᠤ᠋ᠨ ᠭᠠᠵᠠᠷ ᠵᠦᠢ ᠶ᠋ᠢᠨ ᠢᠯᠡᠷᠬᠡᠢᠯᠡᠯᠲᠦ ᠬᠠᠮᠠᠭᠠᠯᠠᠯᠳᠠ ᠶ᠋ᠢᠨ ᠪᠦᠲᠦᠭᠡᠭᠳᠡᠬᠦᠨ ᠳ᠋ᠤ ᠤᠷᠤᠵᠠᠢ᠃ ᠡᠳᠦᠭᠡ ᠲᠤᠰ ᠪᠦᠯᠬᠦᠮ ᠤ᠋ᠨ ᠪᠠᠷᠢᠮᠵᠢᠶ᠎ᠠ ᠵᠢ ᠨᠡᠢᠲᠡᠯᠡᠭ᠌ᠰᠡᠨ ᠨᠢ᠂ ᠬᠡᠷᠡᠭ᠌ᠯᠡᠭ᠌ᠴᠢᠳ ᠤ᠋ᠨ ᠠᠯᠠᠱᠠ ᠶ᠋ᠢᠨ ᠬᠦᠮᠡᠯᠢ ᠵᠢᠴᠢ ᠭᠦᠮᠠᠯᠢ ᠶ᠋ᠢᠨ ᠪᠦᠲᠦᠭᠡᠭ᠌ᠳᠡᠬᠦᠨ ᠤ᠋ ᠶᠠᠰᠤ ᠴᠢᠨᠠᠷ ᠢ᠋ ᠲᠠᠨᠢᠵᠤ ᠮᠡᠳᠡᠬᠦ ᠪᠡᠷᠬᠡ ᠰᠡᠳᠦᠪ ᠢ᠋ ᠱᠢᠶ᠋ᠳᠪᠦᠷᠢᠯᠡᠵᠦ᠍᠂ ᠭᠦᠮᠠᠯᠢ ᠶ᠋ᠢᠨ ᠠᠵᠤ ᠦᠶ᠋ᠯᠡᠰ ᠤ᠋ᠨ ᠲᠦᠭᠦᠬᠡᠢ ᠮᠠᠲᠸᠷᠢᠶᠠᠯ ᠪᠤᠷᠤᠯᠠᠭᠤᠯᠬᠤ ᠡᠴᠡ ᠨᠠᠷᠢᠯᠢᠭ ᠪᠤᠯᠪᠠᠰᠤᠷᠠᠭᠤᠯᠤᠭᠰᠠᠨ ᠪᠦᠲᠦᠭᠡᠭᠳᠡᠭᠦᠨ ᠢ᠋ ᠪᠤᠷᠤᠯᠠᠭᠤᠯᠬᠤ ᠳᠡᠢᠰᠢ ᠲᠦᠷᠦᠯ ᠲᠡᠮᠳᠡᠭᠴᠢᠯᠡᠨ ᠬᠦᠭᠵᠢᠬᠦ ᠳ᠋ᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号