ᠬᠦᠬᠡᠬᠤᠳᠠ 300 ᠭᠠᠷᠤᠢ ᠵᠦᠢᠯ ᠤ᠋ᠨ ᠠᠵᠢᠯᠯᠠᠭ᠎ᠠ ᠪᠡᠷ ᠡᠪᠦᠯ ᠤ᠋ᠨ ᠵᠢᠭᠤᠯᠴᠢᠯᠠᠯ ᠢ᠋ ᠬᠦᠭᠵᠢᠬᠡᠨ᠎ᠠ
2025-11-29 11:23:28
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

11 ᠰᠠᠷ᠎ᠠ ᠶ᠋ᠢᠨ 28 ᠤ᠋ ᠡᠳᠦᠷ ᠶᠠᠪᠤᠭᠳᠠᠭᠰᠠᠨ 2025 ᠣᠨ ᠤ᠋ ᠬᠥᠬᠡᠬᠣᠲᠠ ᠶ᠋ᠢᠨ ᠮᠥᠰᠥ᠍ ᠴᠠᠰᠤᠨ ᠤ᠋ ᠵᠢᠭᠤᠯᠴᠢᠯᠠᠯ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠦᠶ᠋ᠯᠡᠳᠬᠦᠨ ᠤ᠋ ᠲᠠᠨᠢᠯᠴᠠᠭᠤᠯᠭ᠎ᠠ ᠶ᠋ᠢᠨ ᠬᠤᠷᠠᠯ ᠡᠴᠡ ᠤᠢᠯᠠᠭᠠᠭᠰᠠᠨ ᠵᠢᠡᠷ᠂ ᠬᠦᠬᠡᠬᠤᠳᠠ ᠶ᠋ᠢᠨ 2025 — 2026 ᠣᠨ ᠤ᠋ ᠮᠥᠰᠥ᠍ ᠴᠠᠰᠤᠨ ᠤ᠋ ᠵᠢᠭᠤᠯᠴᠢᠯᠠᠯ ᠤ᠋ᠨ ᠤᠯᠠᠷᠢᠯ 《ᠡᠢᠮᠦ ᠯᠡ ᠰᠠᠢᠬᠠᠨ ᠬᠦᠬᠡᠬᠤᠳᠠ》 ᠪᠠᠷ ᠭᠤᠤᠯ ᠰᠡᠳᠦᠪ ᠪᠣᠯᠭᠠᠨ ᠡᠨᠡ ᠵᠢᠯ ᠤ᠋ᠨ 12 ᠰᠠᠷ᠎ᠠ ᠵᠢᠨ 7 ᠤ᠋ ᠡᠳᠤᠷ ᠡᠴᠡ ᠢᠷᠡᠬᠦ ᠵᠢᠯ ᠤ᠋ᠨ 3 ᠰᠠᠷ᠎ᠠ ᠶ᠋ᠢᠨ 3 ᠤ᠋ ᠡᠳᠦᠷ ᠪᠣᠯᠲᠠᠯ᠎ᠠ ᠶᠠᠪᠤᠭ᠍ᠳᠠᠬᠤ ᠪᠤᠯᠤᠨ᠎ᠠ᠃

ᠬᠦᠬᠡᠬᠤᠳᠠ ᠵᠢᠨ 2025 — 2026 ᠣᠨ ᠤ᠋ ᠮᠥᠰᠥ᠍ ᠴᠠᠰᠤᠨ ᠤ᠋ ᠵᠢᠭᠤᠯᠴᠢᠯᠠᠯ ᠤ᠋ᠨ ᠤᠯᠠᠷᠢᠯ ᠨᠢ 《 ᠮᠥᠰᠥ᠍ ᠴᠠᠰᠤ +》 ᠪᠠᠷ ᠭᠤᠤᠯ ᠬᠦᠴᠦᠨ ᠪᠣᠯᠭᠠᠨ ᠂ 《 3 + 6 + N + 7 》 ᠠᠵᠢᠯᠯᠠᠭ᠎ᠠ ᠶ᠋ᠢᠨ ᠱᠢᠰᠲ᠋ᠧᠮ ᠢ᠋ ᠪᠠᠢᠭᠤᠯᠤᠨ᠎ᠠ᠃ ᠲᠤᠬᠠᠢᠯᠠᠪᠠᠯ 3 ᠵᠦᠶ᠋ᠯ ᠤ᠋ᠨ ᠴᠢᠬᠤᠯᠠ ᠵᠠᠩᠭᠢᠯᠠᠭ᠎ᠠ ᠶ᠋ᠢᠨ ᠠᠵᠢᠯᠯᠠᠭ᠎ᠠ᠂ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ᠎ᠪᠠ ᠠᠷᠠᠯᠵᠢᠶ᠎ᠠ ᠵᠢ ᠠᠭᠤᠰᠤᠯᠴᠠᠭᠤᠯᠬᠤ 6 ᠶᠡᠬᠡ ᠠᠵᠢᠯᠯᠠᠭ᠎ᠠ᠂ ᠪᠥᠬᠥ᠌ ᠣᠷᠣᠨ ᠪᠦᠰᠡ ᠶ᠋ᠢᠨ ᠬᠣᠯᠪᠣᠭᠠᠯᠠᠨ ᠬᠥᠳᠡᠯᠦᠯᠴᠡᠬᠦ᠌ N ᠵᠦᠶ᠋ᠯ ᠤ᠋ᠨ ᠠᠵᠢᠯᠯᠠᠭ᠎ᠠ᠂ ᠲᠦᠷᠦᠯ ᠲᠡᠮᠳᠡᠭ᠌ ᠢ᠋ ᠤᠬᠠᠭᠤᠯᠤᠨ ᠳᠡᠯᠭᠡᠷᠡᠭᠦᠯᠬᠦ᠌ 4 ᠶᠡᠬᠡ ᠠᠵᠢᠯᠯᠠᠭ᠎ᠠ ᠶᠠᠪᠤᠭᠳᠠᠭᠤᠯᠵᠦ᠂ 300 ᠭᠠᠷᠤᠶ ᠵᠦᠶ᠋ᠯ ᠤ᠋ᠨ ᠥᠪᠡᠷᠮᠢᠴᠡ ᠣᠨᠴᠠᠯᠢᠭ ᠲᠠᠶ ᠮᠥᠰᠥ᠍ ᠴᠠᠰᠤᠨ ᠤ᠋ ᠰᠣᠶᠣᠯ ᠪᠡᠶ᠎ᠡ᠎ᠵᠢᠨ ᠲᠠᠮᠢᠷ ᠪᠠ ᠵᠢᠭᠤᠯᠴᠢᠯᠠᠯ ᠤ᠋ᠨ ᠬᠡᠷᠡᠭ᠌ᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠍᠂ ᠬᠦᠬᠡᠬᠤᠳᠠ ᠶ᠋ᠢᠨ ᠡᠪᠦᠯ ᠤ᠋ᠨ ᠤᠯᠠᠷᠢᠯ ᠤ᠋ᠨ ᠰᠤᠶᠤᠯ ᠵᠢᠭᠤᠯᠴᠢᠯᠠᠯ ᠤ᠋ᠨ᠎ᠨᠡᠷ᠎ᠠ ᠨᠦᠯᠦᠭᠡ ᠵᠢ ᠳᠡᠯᠭᠡᠨ ᠦᠵᠡᠭᠦᠯᠵᠦ ᠪᠦᠬᠦ ᠲᠠᠯ᠎ᠠ ᠪᠡᠷ ᠬᠦᠭᠵᠢᠬᠡᠨ᠎ᠠ᠃

ᠬᠦᠬᠡᠬᠤᠳᠠ ᠵᠢᠨ ᠮᠥᠰᠥ᠍ ᠴᠠᠰᠤᠨ ᠤ᠋ ᠤᠯᠠᠷᠢᠯ ᠤ᠋ᠨ ᠡᠬᠢᠯᠡᠯᠲᠡ ᠶ᠋ᠢᠨ ᠶᠣᠰᠣᠯᠠᠯ 12 ᠰᠠᠷ᠎ᠠ ᠶ᠋ᠢᠨ 7 ᠤ᠋ ᠡᠳᠦᠷ ᠮᠠ ᠽᠦᠩ ᠱᠠᠨ ᠴᠠᠨᠠᠯᠠᠯᠳᠠ ᠶ᠋ᠢᠨ ᠲᠠᠯᠠᠪᠠᠶ ᠳ᠋ᠦ ᠶᠠᠪᠤᠭ᠍ᠳᠠᠵᠤ᠂ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠵᠠᠮ ᠱᠤᠭᠤᠮ᠂ ᠣᠯᠠᠨ ᠤᠯᠤᠰ ᠤ᠋ᠨ IP 《 ᠮᠠ ᠳ᠋ᠦᠨ ᠳ᠋ᠦᠨ ᠬᠥᠬᠡᠬᠣᠲᠠ ᠳ᠋ᠤ ᠵᠢᠭᠤᠯᠴᠢᠯᠠᠭᠰᠠᠨ ᠨᠢ 》 ᠬᠡᠬᠦ ᠦᠵᠡᠭᠦᠯᠭᠡ ᠶ᠋ᠢᠨ ᠲᠠᠢᠰᠠ ᠵᠢᠴᠢ ᠦᠶ᠋ᠯᠡᠳᠬᠦᠨ᠂ ᠡᠪᠦᠯ ᠤ᠋ᠨ ᠤᠯᠠᠷᠢᠯ ᠤ᠋ᠨ ᠮᠥᠰᠥ᠍ ᠴᠠᠰᠤᠨ ᠤ᠋ ᠳᠠᠭᠤᠤ ᠵᠡᠷᠭᠡ ᠭᠤᠤᠯ ᠠᠭᠤᠯᠭ᠎ᠠ ᠵᠢ ᠨᠡᠢᠲᠡᠯᠡᠨ᠎ᠠ; ᠰᠢᠨ᠎ᠠ ᠤᠨ ᠢ᠋ᠶ᠋ᠡᠨ ᠤᠭᠳᠤᠬᠤ ᠱᠢᠷᠢᠰ ᠠᠵᠢᠯᠯᠠᠭ᠎ᠠ ᠳ᠋ᠤ 《ᠠᠷᠪᠠᠨ ᠶᠡᠬᠡ ᠴᠡᠭ ᠵᠡᠷᠭᠡ ᠪᠡᠷ ᠰᠢᠨ᠎ᠠ ᠤᠨ ᠢ᠋ᠶ᠋ᠡᠨ ᠤᠭᠳᠤᠬᠤ》 ᠶ᠋ᠢᠨ ᠬᠠᠮᠲᠤ 《ᠱᠢᠨ᠎ᠡ ᠤᠨ ᠤ᠋ ᠠᠩᠬᠠᠨ ᠤ᠋ ᠨᠡᠷᠡᠨ ᠤ᠋ ᠬᠡᠷᠡᠯ》 ᠭᠡᠬᠦ᠌ ᠲᠤᠷᠠᠰᠬᠠᠯ ᠦᠯᠡᠳᠡᠭᠡᠬᠦ ᠠᠵᠢᠯᠯᠠᠭ᠎ᠠ ᠵᠢ ᠤᠬᠠᠭᠠᠯᠠᠨ ᠲᠥᠰᠦᠪᠯᠡᠵᠦ᠍᠂ ᠪᠥᠬᠥ᠌ ᠬᠣᠲᠠ ᠶ᠋ᠢᠨ ᠬᠥᠷ ᠬᠥᠭ᠌ᠵᠢᠶᠡᠨᠲᠦ ᠪᠠᠢᠳᠠᠯ ᠢ᠋ ᠴᠤᠭᠴᠠᠯᠠᠨ᠎ᠠ; ᠴᠠᠭᠠᠨ ᠰᠠᠷ᠎ᠠ᠂ ᠥᠯᠵᠡᠢᠲᠦ ᠡᠳᠦᠷ ᠤ᠋ᠨ ᠠᠷᠠᠳ ᠤ᠋ᠨ ᠵᠠᠩ ᠦᠶ᠋ᠯᠡ ᠶ᠋ᠢᠨ ᠦᠪᠡᠳᠡᠭ᠌ᠰᠢ ᠨᠠᠢᠷ ᠨᠢ 2026 ᠣᠨ ᠤ᠋ 2 ᠰᠠᠷ᠎ᠠ ᠶ᠋ᠢᠨ 22 ᠤ᠋ᠨ ᠡᠳᠦᠷ ᠡᠴᠡ 3 ᠰᠠᠷ᠎ᠠ ᠶ᠋ᠢᠨ 3 ᠤ᠋ ᠡᠳᠦᠷ ᠪᠣᠯᠲᠠᠯ᠎ᠠ ᠪᠤᠭᠤᠮᠳᠠ ᠶ᠋ᠢᠨ ᠬᠠᠭᠤᠴᠢᠨ ᠵᠡᠭᠡᠯᠢ᠂ ᠮᠤᠨᠠ ᠠᠭᠤᠯᠠ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠢᠵᠢᠭ ᠪᠠᠯᠭᠠᠰᠤ ᠵᠡᠷᠭᠡ ᠭᠠᠵᠠᠷ ᠲᠦ᠍ ᠶᠠᠪᠤᠭ᠍ᠳᠠᠵᠤ᠂ 《ᠬᠡᠷ ᠲᠡᠬᠡᠨ ᠬᠠᠷᠢᠬᠤ ᠰᠠᠢᠬᠠᠨ》 ᠬᠡᠬᠦ ᠬᠠᠯᠠᠭᠤᠨ ᠳᠤᠯᠠᠭᠠᠨ ᠠᠭᠤᠷ ᠠᠮᠢᠰᠭᠤᠯ ᠢ᠋ ᠪᠣᠶ ᠪᠣᠯᠭᠠᠬᠤ ᠪᠡᠷ ᠪᠤᠢ᠃

ᠡᠨᠡ ᠬᠦ᠌ ᠬᠤᠭᠤᠴᠠᠭᠠᠨ ᠳ᠋ᠤ ᠬᠦᠬᠡᠬᠤᠳᠠ ᠵᠢᠨ ᠭᠤᠤᠯᠳᠠᠯᠭ᠎ᠠ ᠲᠠᠶ ᠦᠵᠡᠮᠵᠢ ᠶ᠋ᠢᠨ ᠣᠷᠣᠨ ᠴᠤ᠌ ᠲᠣᠰ ᠲᠣᠰ ᠤ᠋ᠨ ᠣᠨᠴᠠᠯᠢᠭ ᠪᠥᠬᠥᠶ ᠮᠥᠰᠥ᠍ ᠴᠠᠰᠤᠨ ᠤ᠋ ᠲᠥᠷᠥᠯ ᠵᠦᠶ᠋ᠯ ᠢ᠋ ᠭᠠᠷᠭᠠᠬᠤ ᠪᠡᠷ ᠪᠤᠢ᠃ ᠶᠡᠬᠡ ᠲᠦᠷᠭᠡᠨ ᠭᠤᠤᠯ ᠤ᠋ᠨ  ᠴᠡᠷᠢᠭ ᠤ᠋ᠨ ᠶᠠᠪᠤᠳᠠᠯ ᠤ᠋ᠨ ᠰᠣᠶᠣᠯ᠎ᠴᠡᠩᠭᠡᠯ ᠤ᠋ᠨ ᠬᠦᠷᠢᠶᠡᠯᠡᠩ ᠨᠢ 《ᠮᠥᠰᠥ᠍ ᠴᠠᠰᠤᠨ ᠤ᠋ ᠬᠠᠴᠢᠨ ᠪᠠᠷᠢᠯᠳᠤᠯᠭ᠎ᠠ·ᠮᠥᠰᠥ᠍ ᠴᠠᠰᠤᠨ ᠤ᠋ ᠪᠠᠶᠠᠷ ᠪᠠᠶᠠᠰᠤᠯ》 ᠢ᠋ᠶ᠋ᠠᠷ ᠭᠤᠤᠯ ᠰᠡᠳᠦᠪ ᠪᠣᠯᠭᠠᠵᠤ᠂ 9 ᠲᠤᠮᠤ ᠴᠢᠳᠠᠮᠵᠢᠳᠦ ᠪᠡᠶᠡᠴᠢᠯᠡᠨ ᠣᠢᠯᠠᠭᠠᠬᠤ ᠣᠷᠣᠨ ᠭᠠᠷᠭᠠᠨ᠎ᠠ; ᠬᠠᠷᠠᠠᠤᠰᠤ ᠨᠠᠭᠤᠷ ᠤ᠋ᠨ ᠳᠥᠷᠪᠡᠳᠦᠭᠡᠷ ᠬᠤᠭᠤᠴᠠᠭᠠᠨ ᠤ᠋ ᠮᠥᠰᠥ᠍ ᠴᠠᠰᠤᠨ ᠤ᠋ ᠨᠠᠢᠷ ᠨᠢ 《ᠮᠥᠰᠥ᠍ ᠴᠠᠰᠤᠲᠤ ᠲᠦᠮᠡᠳ ᠤ᠋ᠨ ᠲᠠᠯ᠎ᠠ ᠬᠠᠷᠠᠠᠤᠰᠤ ᠨᠠᠭᠤᠷ ᠲᠦ᠍ ᠵᠢᠭᠠᠰᠤ ᠠᠩᠨᠠᠶ᠎ᠠ》 ᠭᠡᠬᠦ᠌ ᠭᠤᠤᠯ ᠰᠡᠳᠦᠪ ᠢ᠋ᠶ᠋ᠡᠷ ᠡᠪᠦᠯ ᠤ᠋ᠨ ᠠᠩᠨᠠᠯ ᠤ᠋ᠨ ᠠᠵᠢᠯᠯᠠᠭ᠎ᠠ ᠦᠷᠨᠢᠬᠦᠯᠦᠨ᠎ᠠ; ᠴᠡᠯᠡᠭᠡᠷ ᠲᠠᠯ᠎ᠠ ᠵᠢᠭᠤᠯᠴᠢᠯᠠᠯ ᠤ᠋ᠨ ᠤᠷᠤᠨ ᠨᠢ ᠰᠦᠷᠯᠢᠭ ᠴᠠᠰᠤᠲᠤ ᠦᠵᠡᠮᠵᠢ ᠪᠡᠷ ᠠᠷᠤ ᠦᠵᠡᠭ᠌ᠳᠡᠯ ᠪᠣᠯᠭᠠᠵᠤ᠂ 20 ᠮᠧᠲ᠋ᠷ ᠥᠨᠳᠥᠷ ᠲᠣᠮᠣ ᠴᠠᠰᠤᠨ ᠬᠥᠮᠦᠨ ᠪᠤᠰᠬᠠᠨ᠎ᠠ; ᠬᠡᠪᠳᠡᠭᠡ ᠦᠬᠡᠷ ᠤ᠋ᠨ ᠲᠤᠬᠤᠢ ᠬᠠᠲᠤᠨ ᠭᠤᠤᠯ ᠤ᠋ᠨ ᠶᠡᠬᠡ ᠬᠠᠪᠴᠢᠯ ᠤ᠋ᠨ ᠦᠵᠡᠮᠵᠢ ᠵᠢᠨ ᠤᠷᠤᠨ ᠨᠢ《ᠭᠤᠷᠪᠠᠨ ᠳᠠᠪᠬᠤᠷ ᠪᠡᠶᠡᠴᠢᠯᠡᠨ ᠣᠢᠯᠠᠭᠠᠬᠤ》 ᠵᠠᠭ᠍ᠪᠤᠷ ᠢ᠋ ᠵᠢᠭᠤᠯᠴᠢᠯᠠᠭᠰᠠᠳ ᠢ᠋ ᠲᠠᠳᠠᠵᠤ᠂ ᠮᠦᠽᠧᠶ ᠶ᠋ᠢᠨ ᠱᠢᠷᠢᠰ ᠠᠵᠢᠯᠯᠠᠭ᠎ᠠ ᠳ᠋ᠤ ᠤᠯᠠᠭᠠᠨ ᠮᠣᠷᠢᠨ ᠵᠢᠯ ᠤ᠋ᠨ ᠣᠨᠴᠠ ᠦᠵᠡᠭᠦᠯᠭᠡ᠂ ᠮᠥᠰᠥ᠍ ᠴᠠᠰᠤᠨ ᠤ᠋ ᠬᠢᠴᠢᠶᠡᠯ ᠤ᠋ᠨ ᠲᠠᠩᠬᠢᠮ᠂ ᠦᠵᠡᠭ᠌ᠳᠡᠯᠲᠦ ᠵᠦᠴᠦᠭᠡ ᠵᠡᠷᠭᠡ ᠵᠢ ᠭᠠᠷᠭᠠᠵᠤ᠂ ᠤᠷᠳᠤᠨ ᠮᠦᠽᠧᠢ ᠪᠣᠯᠤᠨ ᠮᠥᠰᠥ᠍ ᠴᠠᠰᠤᠨ ᠤ᠋ ᠡᠯᠧᠮᠧᠨ᠋ᠲ ᠢ᠋ ᠭᠦᠨᠵᠡᠭᠡᠶ ᠠᠭᠤᠰᠤᠯᠴᠠᠭᠤᠯᠤᠨ᠎ᠠ᠃

ᠬᠦᠬᠡᠬᠤᠳᠠ ᠲᠣᠰ ᠬᠤᠭᠤᠴᠠᠭᠠᠨ ᠤ᠋ ᠮᠥᠰᠥ᠍ ᠴᠠᠰᠤᠨ ᠤ᠋ ᠤᠯᠠᠷᠢᠯ ᠳ᠋ᠦ ᠪᠠᠰᠠ 《ᠮᠥᠰᠥ᠍ ᠴᠠᠰᠤᠨ ᠤ᠋ ᠶᠢᠷᠲᠢᠨᠴᠦ᠍》᠂ 《ᠴᠠᠭ ᠤ᠋ᠨ ᠤᠷᠤᠰᠭᠠᠯ ᠢ᠋ ᠳᠠᠭᠠᠵᠤ ᠲᠤᠷᠠᠰᠬᠠᠯ ᠦᠯᠡᠳᠡᠭᠡᠭᠦ》᠂ 《ᠤᠷᠳᠤᠨ ᠮᠦᠽᠧᠢ ᠶ᠋ᠢᠨ ᠨᠢᠭᠤᠴᠠ》᠂ 《ᠠᠮᠳᠠᠳᠦ ᠢᠳᠡᠭᠡᠨ》᠂ 《ᠶᠠᠲᠤᠭ᠎ᠠ ᠱᠢᠲᠠᠷ᠎ᠠ ᠤᠷᠠᠨ ᠪᠢᠴᠢᠯᠭᠡ ᠤᠷᠠᠨ ᠵᠢᠷᠤᠭ》᠂ 《ᠤᠷᠠᠨ ᠰᠠᠢᠬᠠᠨ ᠤ᠋ ᠲᠣᠭ᠍ᠯᠠᠯᠲᠠ》 ᠵᠡᠷᠭᠡ 6 ᠲᠣᠮᠣ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠤ᠋ᠨ ᠥᠪᠡᠷᠮᠢᠴᠡ ᠣᠨᠴᠠᠯᠢᠭ ᠲᠠᠶ ᠠᠵᠢᠯᠯᠠᠭ᠎ᠠ ᠦᠷᠨᠢᠬᠦᠯᠤᠨ᠂ ᠪᠥᠬᠥ᠌ ᠬᠣᠲᠠ ᠶ᠋ᠢᠨ ᠭᠤᠤᠯᠳᠠᠯᠭ᠎ᠠ ᠲᠠᠶ ᠦᠵᠡᠮᠵᠢ ᠶ᠋ᠢᠨ ᠣᠷᠣᠨ᠂  ᠣᠷᠳᠣᠨ ᠮᠦᠽᠧᠢ᠂ ᠬᠤᠳᠠᠯᠳᠤᠭᠠᠨ ᠤ᠋ ᠬᠤᠳᠠ ᠪᠠ ᠣᠨᠴᠠᠯᠢᠭ᠍ᠲᠤ ᠵᠡᠭᠡᠯᠢ ᠲᠣᠭᠣᠷᠢᠭ ᠢ᠋ ᠬᠠᠮᠤᠷᠴᠤ᠌᠂ ᠪᠥᠬᠥ᠌ ᠣᠷᠣᠨ ᠪᠦᠰᠡ ᠬᠣᠯᠪᠣᠭᠠᠯᠠᠨ ᠬᠥᠳᠡᠯᠦᠯᠴᠡᠭ᠌ᠰᠡᠨ᠂ ᠪᠥᠬᠥ᠌ ᠠᠷᠠᠳ ᠢ᠋ᠶ᠋ᠠᠷ ᠢ᠋ᠶ᠋ᠠᠨ ᠣᠷᠣᠯᠴᠠᠭ᠍ᠰᠠᠨ ᠮᠥᠰᠥ᠍ ᠴᠠᠰᠤᠨ ᠤ᠋ ᠰᠣᠶᠣᠯ ᠵᠢᠭᠤᠯᠴᠢᠯᠠᠯ ᠤ᠋ᠨ ᠱᠢᠨ᠎ᠡ ᠠᠮᠢ ᠠᠬᠤᠶ ᠵᠢ ᠪᠣᠶ ᠪᠣᠯᠭᠠᠬᠤ ᠪᠡᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号