10 ᠰᠠᠷ᠎ᠠ ᠵᠢᠨ 23 ᠤ᠋ ᠥᠷᠯᠥᠭᠡ ᠡᠷᠳᠡ᠂ ᠣᠷᠳᠣᠰ ᠬᠣᠲᠠ ᠵᠢᠨ ᠦᠦᠰᠢᠨ ᠬᠣᠰᠢᠭᠤᠨ ᠤ᠋ ᠭᠠᠯᠠᠭᠤᠲᠤ ᠪᠠᠯᠭᠠᠰᠤᠨ ᠤ᠋ ᠪᠥᠮᠪᠥᠭᠡᠨ ᠲᠠᠯᠠᠪᠤᠷ ᠲᠤ᠌ ᠬᠥᠷ ᠬᠥᠭᠵᠢᠶᠡᠨ ᠶ᠋ᠢᠡᠷ ᠪᠢᠯᠬᠠᠨ᠎ᠠ᠃ ᠬᠣᠲᠠ ᠵᠢᠨ ᠠᠷᠠᠳ ᠡᠭᠦᠳᠡᠨ ᠪᠥᠮᠪᠥᠭᠡ ᠵᠢᠨ ᠳᠠᠯᠠᠪᠠᠢ ᠳ᠋ᠤ ᠴᠤᠭᠯᠠᠷᠠᠨ᠂ ᠴᠣᠬᠢᠭᠤᠷ ᠠᠳᠬᠤᠨ ᠬᠤᠷᠤᠢᠯᠵᠠᠭᠤᠯᠵᠤ᠂ ᠡᠬᠦᠳᠡᠨ ᠪᠦᠮᠪᠦᠭᠡ ᠴᠤᠬᠢᠬᠤ ᠳᠠᠭᠤᠨ ᠪᠠ ᠪᠠᠶᠠᠷᠯᠠᠯᠳᠤᠨ ᠢᠨᠢᠶᠡᠯᠳᠦᠬᠦ ᠳᠠᠭᠤᠨ ᠨᠢ ᠡᠨᠡᠬᠦ ᠰᠤᠯᠠ ᠪᠠᠢᠭᠰᠠᠨ ᠬᠣᠭᠣᠰᠤᠨ ᠭᠠᠵᠠᠷ ᠢ᠋ ᠠᠮᠢᠵᠢᠷᠠᠯ ᠤ᠋ᠨ ᠬᠦᠴᠦᠨ ᠶ᠋ᠢᠡᠷ ᠪᠢᠯᠬᠠᠭᠤᠯᠤᠨ᠎ᠠ᠃ ᠡᠨᠡ ᠬᠦ᠌ ᠬᠤᠪᠢᠷᠠᠯᠲᠠ ᠨᠢ ᠦᠦᠰᠢᠨ ᠬᠣᠰᠢᠭᠤᠨ ᠤ᠋ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠶ᠋ᠢᠡᠨ ᠳᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ ᠪᠠ ᠠᠷᠠᠳ ᠲᠦᠮᠡᠨ ᠳ᠋ᠤ ᠦᠢᠯᠡᠴᠢᠯᠡᠬᠦ ᠵᠢ ᠭᠦᠨᠵᠡᠭᠡᠢ ᠠᠭᠤᠰᠤᠯᠴᠠᠭᠤᠯᠤᠭᠰᠠᠨ ᠤ᠋ ᠠᠮᠢᠳᠤᠯᠢᠭ᠋ ᠬᠤᠷᠢᠶᠠᠩᠭᠤᠢ ᠵᠢᠷᠤᠬᠯᠠᠯ ᠪᠣᠯᠬᠤ ᠶᠤᠮ᠃
ᠭᠠᠯᠠᠭᠤᠲᠤ ᠪᠠᠯᠭᠠᠰᠤ ᠨᠢ ᠪᠠᠯᠭᠠᠰᠤᠨ ᠤ᠋ ᠪᠡᠨ ᠪᠣᠳᠠᠲᠤ ᠪᠠᠢᠳᠠᠯ ᠳ᠋ᠤ ᠰᠠᠭᠤᠷᠢᠯᠠᠨ᠂ ᠰᠤᠯᠠ ᠪᠠᠢᠭ᠎ᠠ ᠭᠠᠵᠠᠷ ᠢ ᠨᠠᠷᠢᠯᠢᠭ᠋ ᠣᠨᠣᠴᠠᠲᠠᠢ ᠪᠠᠷ ᠠᠮᠢᠯᠠᠭᠤᠯᠵᠤ᠂ 60 ᠲᠦᠮᠡᠨ ᠲᠥᠭᠥᠷᠢᠭ ᠤ᠋ᠨ ᠪᠡᠯᠡ ᠣᠷᠣᠭᠤᠯᠤᠨ 6 ᠰᠠᠭᠤᠷᠢ ᠣᠯᠠᠨ ᠴᠢᠳᠠᠮᠵᠢᠲᠤ ᠬᠠᠮᠲᠤ ᠪᠠᠷ ᠡᠳ᠋ᠯᠡᠬᠦ ᠪᠥᠮᠪᠥᠭᠡᠨ ᠲᠠᠯᠠᠪᠤᠷ ᠢ᠋ ᠪᠠᠢᠭᠤᠯᠤᠨ᠂ ᠰᠠᠭᠰᠤᠨ ᠪᠥᠮᠪᠥᠭᠡ᠂ ᠥᠲᠥᠨ ᠪᠥᠮᠪᠥᠭᠡ᠂ ᠡᠭᠦᠳᠡᠨ ᠪᠥᠮᠪᠥᠭᠡ ᠵᠡᠷᠭᠡ ᠪᠦᠮᠪᠦᠭᠡ ᠳᠤᠭᠯᠠᠬᠤ ᠳᠠᠯᠠᠪᠤᠷ ᠢ᠋ ᠬᠠᠮᠤᠷᠴᠡᠢ᠃ ᠡᠲᠡᠭᠡᠷ ᠪᠥᠮᠪᠥᠭᠡᠨ ᠲᠠᠯᠠᠪᠤᠷ ᠨᠢ ᠪᠥᠬᠥ ᠠᠷᠠᠳ ᠤ᠋ᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢᠯᠡᠴᠢᠯᠡᠭᠡᠨ ᠤ᠋ ᠰᠢᠰᠲᠧᠮ ᠤ᠋ᠨ ᠳᠤᠲᠠᠭᠤᠳᠠᠯ ᠢ᠋ ᠨᠥᠬᠥᠪᠦᠷᠢᠯᠡᠭᠰᠡᠨ ᠶ᠋ᠢᠡᠷ ᠪᠠᠷᠠᠬᠤ ᠦᠭᠡᠢ᠂ ᠨᠠᠩ ᠴᠤ᠌ ᠠᠢᠯ ᠰᠠᠭᠠᠬᠠᠯᠳᠠ ᠪᠡᠷ ᠶ᠋ᠢᠡᠨ ᠬᠠᠷᠢᠯᠴᠠᠨ ᠦᠢᠯᠡᠳᠦᠯᠴᠡᠬᠦ᠂ ᠬᠠᠢᠷ᠎ᠠ ᠰᠡᠳᠬᠢᠯᠭᠡ ᠪᠡᠨ ᠵᠤᠵᠠᠭᠠᠳᠬᠠᠬᠤ ᠵᠢᠭ᠍ᠰᠠᠭᠠᠯ ᠤ᠋ᠨ ᠭᠠᠵᠠᠷ ᠪᠣᠯᠵᠤ᠂ ᠣᠯᠠᠨ ᠲᠦᠮᠡᠨ ᠳ᠋ᠤ ᠪᠡᠶ᠎ᠡ ᠵᠢᠨ ᠲᠠᠮᠢᠷ ᠤ᠋ᠨ ᠬᠥᠳᠡᠯᠭᠡᠭᠡᠨ ᠤ᠋ ᠪᠠᠶᠠᠷ ᠪᠠᠶᠠᠰᠤᠯ ᠢ᠋ ᠡᠳ᠋ᠯᠡᠭᠦᠯᠦᠭᠰᠡᠨ ᠪᠠᠢᠨ᠎ᠠ᠃
2025 ᠣᠨ ᠳ᠋ᠤ ᠂ ᠦᠦᠰᠢᠨ ᠬᠣᠰᠢᠭᠤ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠦᠷᠦᠯ ᠵᠦᠢᠯ ᠢ᠋ ᠲᠦᠷᠭᠡᠳᠬᠡᠨ ᠠᠬᠢᠭᠤᠯᠵᠤ᠂ 10 ᠲᠦᠷᠦᠯ ᠤ᠋ᠨ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠦᠷᠦᠯ ᠵᠦᠢᠯ ᠢ᠋ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 1.67 ᠳ᠋ᠦᠩᠰᠢᠭᠤᠷ ᠲᠥᠭᠥᠷᠢᠭ ᠲᠤ᠌ ᠬᠦᠷᠴᠦ᠂ ᠣᠳᠣᠬᠠᠨ ᠳ᠋ᠤ ᠨᠢᠭᠡᠨᠲᠡ 7000 ᠲᠦᠮᠡᠨ ᠲᠥᠭᠥᠷᠢᠭ ᠤ᠋ᠨ ᠪᠡᠯᠡ ᠣᠷᠣᠭᠤᠯᠵᠠᠢ᠃ ᠡᠭᠦᠨ ᠳ᠋ᠤ᠂ ᠦᠦᠰᠢᠨ ᠬᠣᠰᠢᠭᠤᠨ ᠤ᠋ ᠬᠣᠲᠠ ᠬᠥᠳᠡᠭᠡ ᠵᠢᠨ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠢ ᠨᠢᠭᠡ ᠴᠣᠭᠴᠠᠵᠢᠭᠤᠯᠤᠨ ᠠᠷᠠᠳ ᠲᠤ᠌ ᠲᠥᠬᠥᠮ ᠦᠵᠡᠭᠦᠯᠬᠦ ᠦᠢᠯᠡᠴᠢᠯᠡᠭᠡᠨ ᠤ᠋ ᠲᠥᠷᠥᠯ ᠵᠦᠢᠯ ᠢ᠋ ᠤᠷᠢᠳ ᠶ᠋ᠢᠡᠷ ᠪᠠᠷᠢᠵᠤ ᠳᠠᠭᠤᠰᠬᠠᠭᠠᠳ ᠠᠰᠢᠭ᠍ᠯᠠᠯᠲᠠ ᠳ᠋ᠤ ᠣᠷᠣᠭᠤᠯᠵᠤ᠂ ᠣᠯᠠᠨ ᠲᠦᠮᠡᠨ ᠤ᠋ ᠶᠠᠪᠤᠵᠤ ᠰᠠᠭᠤᠬᠤ ᠳ᠋ᠤ ᠬᠦᠴᠢᠷ ᠠᠰᠠᠭᠤᠳᠠᠯ ᠢ᠋ ᠪᠦᠲᠦᠮᠵᠢᠲᠡᠢ ᠰᠢᠢᠳᠪᠦᠷᠢᠯᠡᠵᠡᠢ᠃ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠬᠦᠷᠢᠶᠡᠨ ᠳ᠋ᠤ᠂ ᠭᠠᠯᠠᠭᠤᠲᠤ ᠪᠠᠯᠭᠠᠰᠤ ᠨᠢᠭᠡᠨᠲᠡ 16 ᠨᠡᠢᠭᠡᠮ ᠲᠣᠭᠣᠷᠢᠭ᠋ ᠤ᠋ᠨ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠥᠷᠲᠡᠭᠡ ᠵᠢ ᠥᠭᠡᠷᠡᠴᠢᠯᠡᠨ ᠰᠠᠢᠵᠢᠷᠠᠭᠤᠯᠵᠤ᠂ 25 ᠨᠠᠰᠤᠲᠠᠢᠴᠤᠳ ᠲᠤ᠌ ᠲᠤᠰᠠᠯᠠᠬᠤ ᠬᠣᠭᠣᠯᠠᠨ ᠭᠡᠷ ᠨᠢ ᠦᠷᠭᠦᠯᠵᠢᠯᠡᠨ ᠰᠡᠳᠬᠢᠯ ᠢ᠋ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠂ 《ᠨᠢᠭᠡ ᠡᠷᠡᠨ ᠤ᠋ ᠬᠣᠭᠣᠯᠠ》 ᠡᠴᠠ ᠡᠬᠢᠯᠡᠬᠦᠯᠦᠨ ᠡᠳᠦᠷ ᠲᠤᠲᠤᠮ ᠤ᠋ᠨ ᠠᠮᠢᠳᠤᠷᠠᠯ ᠢ᠋ ᠨᠢ ᠬᠠᠷᠠᠭᠠᠯᠵᠠᠬᠤ ᠬᠦᠷᠲᠡᠯ᠎ᠡ ᠪᠦᠬᠦ ᠶᠠᠪᠤᠴᠠ ᠳ᠋ᠤ ᠨᠠᠰᠤᠲᠠᠢᠴᠤᠳ ᠲᠤ᠌ ᠦᠳᠡᠯᠦᠭᠡ ᠨᠠᠰᠤᠨ ᠤ᠋ ᠵᠣᠯ ᠵᠢᠷᠭᠠᠯ ᠢ᠋ ᠡᠳ᠋ᠯᠡᠬᠦᠯᠦᠭᠰᠡᠨ ᠪᠠᠢᠨ᠎ᠠ᠃
ᠲᠥᠪ ᠤ᠋ᠨ ᠨᠠᠶ᠋ᠮᠠᠨ ᠲᠣᠭᠲᠠᠭᠠᠯ ᠤ᠋ᠨ ᠵᠣᠷᠢᠭ᠋ ᠰᠠᠨᠠᠭ᠎ᠠ ᠵᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭᠰᠡᠨ ᠡᠴᠡ ᠨᠠᠭᠠᠰᠢ᠂ ᠦᠦᠰᠢᠨ ᠬᠣᠰᠢᠭᠤ ᠢᠮᠠᠭᠲᠠ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠪᠠᠷ ᠠᠵᠢᠯ ᠤ᠋ᠨ ᠵᠢᠯᠣᠭᠣᠳᠤᠮᠵᠢ ᠪᠣᠯᠭᠠᠵᠤ᠂ ᠤᠳᠤᠷᠢᠳᠬᠤ ᠺᠠᠳ᠋ᠷᠴᠤᠳ ᠤ᠋ᠨ 《ᠳᠥᠷᠪᠡ ᠵᠢ ᠦᠨᠳᠦᠰᠦᠨ ᠱᠠᠲᠤᠨ ᠳ᠋ᠤ ᠪᠠᠭᠤᠯᠭᠠᠬᠤ》 ᠪᠠᠢᠴᠠᠭᠠᠨ ᠰᠤᠳᠤᠯᠤᠯᠲᠠ ᠰᠣᠷᠪᠤᠯᠵᠢᠯᠠᠭ᠎ᠠ ᠬᠢᠬᠦ᠂ 《 ᠬᠠᠢᠷᠠᠳᠠᠢ ᠦᠦᠰᠢᠨ》 ᠲᠠᠪᠴᠠᠩ᠂ 《ᠠᠷᠠᠳ ᠤ᠋ᠨ ᠳᠠᠭᠤᠨ》 ᠲᠤᠰᠬᠠᠢ ᠪᠤᠯᠤᠩ ᠶ᠋ᠢᠡᠷ ᠳᠠᠮᠵᠢᠭᠤᠯᠤᠨ ᠠᠷᠠᠳ ᠤ᠋ᠨ ᠰᠠᠨᠠᠯ ᠢ᠋ ᠴᠤᠭᠯᠠᠭᠤᠯᠬᠤ᠂ ᠪᠠᠢᠴᠠᠭᠠᠯᠲᠠ ᠵᠢᠨ ᠬᠠᠭᠤᠳᠠᠰᠤ ᠲᠠᠷᠬᠠᠭᠠᠬᠤ ᠵᠡᠷᠭᠡ ᠤᠯᠠᠨ ᠡᠰᠢᠲᠦ ᠠᠷᠭ᠎ᠠ ᠵᠠᠮ ᠶ᠋ᠢᠡᠷ ᠳᠠᠮᠵᠢᠭᠤᠯᠤᠨ 422 ᠵᠤᠷᠪᠤᠰ ᠰᠠᠨᠠᠯ ᠰᠠᠨᠠᠭᠤᠯᠭ᠎ᠠ ᠵᠢ ᠬᠤᠷᠢᠶᠠᠨ᠂ ᠤᠯᠠᠨ ᠲᠦᠮᠡᠨ ᠳ᠋ᠤ ᠲᠤᠯᠭᠠᠮ ᠱᠠᠭᠠᠷᠳᠠᠭᠳᠠᠵᠤ ᠪᠠᠢᠭ᠎ᠠ ᠬᠦᠴᠢᠷ ᠵᠣᠪᠠᠭᠤᠷᠢ ᠳᠠᠢ ᠠᠰᠠᠭᠤᠳᠠᠯ ᠢ᠋ 761 ᠵᠤᠷᠪᠤᠰ ᠰᠢᠢᠳᠪᠦᠷᠢᠯᠡᠵᠦ᠂ ᠠᠷᠠᠳ ᠤ᠋ᠨ ᠠᠮᠢᠳᠤᠷᠠᠯ ᠤ᠋ᠨ ᠠᠵᠢᠯ ᠢ᠋ ᠤᠯᠠᠨ ᠲᠦᠮᠡᠨ ᠤ᠋ ᠬᠡᠷᠡᠭᠴᠡᠭᠡ ᠲᠠᠢ ᠤᠨᠢᠨ ᠳᠡᠭᠡᠷ᠎ᠡ ᠨᠢ ᠵᠣᠯᠭᠠᠭᠤᠯᠵᠠᠢ᠃ ᠡᠨᠡ ᠵᠢᠯ ᠤ᠋ᠨ ᠦᠶᠡᠷ ᠢ᠋ ᠰᠡᠷᠭᠡᠢᠯᠡᠬᠦ ᠵᠠᠩᠭᠢᠯᠠᠭ᠎ᠠ ᠵᠢᠨ ᠬᠤᠭᠤᠴᠠᠭᠠᠨ ᠳ᠋ᠤ᠂ ᠪᠦᠬᠦ ᠬᠤᠰᠢᠭᠤᠨ ᠤ᠋ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠦᠳᠲᠡᠷ ᠲᠦᠷᠭᠡᠨ ᠬᠥᠳᠡᠯᠦᠯᠴᠡᠵᠦ᠂ 25 ᠨᠠᠮ ᠤ᠋ᠨ ᠭᠡᠰᠢᠭᠦᠨ ᠤ᠋ ᠪᠠᠴᠢᠮ ᠪᠠᠢᠳᠠᠯ ᠢ᠋ ᠠᠷᠭᠠᠴᠠᠭᠠᠬᠤ ᠠᠩᠭᠢ ᠵᠢ ᠵᠣᠬᠢᠶᠠᠨ ᠪᠠᠢᠭᠤᠯᠤᠨ᠂ ᠪᠦᠬᠦ ᠠᠵᠢᠯᠲᠠᠨ ᠢ᠋ ᠪᠠᠴᠢᠮ ᠪᠠᠢᠳᠠᠯ ᠢ᠋ ᠠᠷᠭᠠᠴᠠᠭᠠᠨ ᠵᠢᠵᠢᠭᠦᠷᠯᠡᠨ ᠰᠠᠬᠢᠬᠤ᠂ ᠭᠡᠮ ᠰᠣᠭᠣᠭ ᠢ᠋ ᠳᠠᠷᠠᠭᠠᠯᠠᠨ ᠪᠠᠢᠴᠠᠭᠠᠬᠤ ᠠᠵᠢᠯ ᠳ᠋ᠤ ᠣᠷᠣᠯᠴᠠᠭᠤᠯᠵᠤ᠂ ᠨᠡᠶ᠋ᠢᠲᠡ 120 ᠭᠠᠷᠤᠢ ᠠᠶᠤᠯᠳᠠᠢ ᠪᠠᠢᠭᠰᠠᠨ ᠤᠯᠠᠨ ᠲᠦᠮᠡᠨ ᠢ᠋ ᠰᠢᠯᠵᠢᠭᠦᠯᠦᠨ᠂ 38 ᠭᠠᠮᠰᠢᠭ᠍ᠳᠠᠭᠰᠠᠨ ᠤᠯᠠᠨ ᠲᠦᠮᠡᠨ ᠢ᠋ ᠲᠣᠬᠢᠲᠠᠢ ᠳᠥᠪᠬᠢᠨᠡᠭᠦᠯᠦᠨ ᠠᠪᠤᠷᠠᠨ ᠲᠤᠰᠠᠯᠠᠪᠠ᠃
ᠡᠭᠦᠨ ᠡᠴᠡ ᠭᠠᠳᠠᠨ᠎ᠠ᠂ ᠪᠥᠬᠥ ᠬᠣᠰᠢᠭᠤᠨ ᠤ᠋ ᠺᠠᠳ᠋ᠷᠴᠤᠳ ᠨᠡᠶ᠋ᠢᠲᠡ 13271 ᠮᠠᠯᠵᠢᠬᠤ ᠲᠠᠷᠢᠶᠠᠯᠠᠬᠤ ᠡᠷᠦᠬᠡ᠂ 4.2 ᠲᠦᠮᠡ ᠭᠠᠷᠤᠢ ᠣᠯᠠᠨ ᠲᠦᠮᠡᠨ ᠳ᠋ᠤ ᠤᠬᠠᠭᠤᠯᠤᠨ ᠲᠠᠢᠯᠪᠤᠷᠢᠯᠠᠯᠳᠠ ᠦᠷᠨᠢᠬᠦᠯᠦᠨ᠂ 6 ᠬᠤᠭᠤᠴᠠᠭᠠᠨ ᠤ᠋ ᠰᠢᠷᠢᠰ ᠪᠢᠴᠢᠯ ᠨᠠᠮ ᠤ᠋ᠨ ᠬᠢᠴᠢᠶᠡᠯ ᠢ᠋ ᠨᠠᠷᠢᠨ ᠨᠢᠮᠪᠠᠢ ᠰᠡᠭᠦᠳᠡᠷᠯᠡᠨ ᠦᠢᠯᠡᠳᠴᠤ᠂ 《ᠵᠢᠷᠭᠤᠭᠠᠨ ᠥᠭᠦᠯᠡᠪᠦᠷᠢ ᠵᠢᠨ ᠪᠣᠳᠠᠲᠤ ᠶᠠᠪᠤᠳᠠᠯ ᠪᠠ ᠶᠣᠰᠣ᠌ ᠤᠴᠢᠷ》 ᠢ᠋ ᠭᠦᠨᠵᠡᠭᠡᠢ ᠲᠠᠢᠯᠪᠤᠷᠢᠯᠡᠵᠡᠢ᠃ ᠠᠷᠠᠳ ᠤ᠋ᠨ ᠠᠮᠢᠳᠤᠷᠠᠯ ᠤ᠋ᠨ ᠲᠦᠷᠦ ᠵᠢᠨ ᠪᠣᠳᠣᠯᠭ᠎ᠠ᠂ ᠬᠠᠤᠯᠢ ᠴᠠᠭᠠᠵᠠ ᠵᠢᠨ ᠮᠡᠳᠡᠯᠭᠡ ᠵᠢ 630 ᠤᠳᠠᠭ᠎ᠠ ᠤᠬᠠᠭᠤᠯᠤᠨ ᠲᠠᠢᠯᠪᠤᠷᠢᠯᠠᠵᠤ᠂ 14600 ᠭᠠᠷᠤᠢ ᠬᠥᠮᠥᠨ ᠤᠳᠠᠭ᠎ᠠ ᠳ᠋ᠤ ᠬᠦᠷᠴᠡᠢ᠃ 《ᠬᠠᠨᠵᠤᠨ ᠳᠡᠭᠡᠷᠡᠬᠢ ᠬᠤᠷᠠᠯ》 ᠡᠴᠡ 《ᠲᠠᠷᠢᠶᠠᠨ ᠭᠠᠵᠠᠷ ᠳᠡᠬᠢ ᠬᠢᠴᠢᠶᠡᠯ ᠤ᠋ᠨ ᠲᠠᠩᠬᠢᠮ》 ᠬᠦᠷᠲᠡᠯ᠎ᠡ᠂ ᠨᠠᠮ ᠤ᠋ᠨ ᠰᠢᠨ᠎ᠡ ᠡᠭᠦᠳᠦᠯᠲᠡ ᠵᠢᠨ ᠤᠨᠤᠯ ᠢ᠋ ᠣᠢᠯᠠᠭᠠᠮᠵᠢᠲᠠᠢ ᠦᠭᠡ ᠶᠠᠷᠢᠶ᠎ᠠ᠂ ᠰᠢᠨ᠎ᠡ ᠠᠮᠢᠳᠤᠯᠢᠭ ᠬᠡᠷᠡᠭ ᠤ᠋ᠨ ᠵᠢᠱ᠌ᠢᠶ᠎ᠡ ᠪᠡᠷ ᠤᠯᠠᠨ ᠲᠦᠮᠡᠨ ᠤ᠋ ᠰᠡᠳᠬᠢᠯ ᠳ᠋ᠤ ᠬᠠᠳᠠᠩᠰᠢᠭᠤᠯᠤᠨ᠂《ᠨᠠᠮ ᠤ᠋ᠨ ᠠᠴᠢ ᠳ᠋ᠤ ᠳᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠢ᠋ᠢᠡᠨ ᠳᠠᠭᠠᠨ ᠤᠷᠤᠭᠰᠢᠯᠠᠬᠤ》 ᠶ᠋ᠢ ᠤᠮᠠᠷᠠᠲᠤ ᠬᠢᠯᠢ ᠵᠢᠨ ᠬᠥᠪᠡᠭᠦᠳ ᠥᠬᠢᠳ ᠤ᠋ᠨ ᠬᠠᠮᠲᠤ ᠵᠢᠨ ᠰᠡᠳᠬᠢᠯ ᠤ᠋ᠨ ᠳᠠᠭᠤᠨ ᠪᠣᠯᠭᠠᠭᠰᠠᠨ ᠪᠠᠢᠨ᠎ᠠ᠃
ᠦᠦᠰᠢᠨ ᠬᠤᠰᠢᠭᠤᠨ ᠤ᠋ ᠦᠦᠰᠢᠨᠵᠤᠤ ᠪᠠᠯᠭᠠᠰᠤᠨ ᠤ᠋ ᠤᠷᠠᠨ ᠰᠠᠢᠬᠠᠨ ᠤ᠋ ᠲᠣᠭᠯᠠᠯᠲᠠ ᠵᠢᠨ ᠲᠤᠬᠠᠢ ᠵᠢᠨ ᠲᠠᠯᠠᠪᠠᠢ ᠳ᠋ᠤ᠂ ᠲᠣᠰᠬᠣᠨ ᠤ᠋ ᠠᠷᠠᠳ ᠤ᠋ᠨ ᠠᠯᠠᠭ᠎ᠠ ᠲᠡᠰᠢᠯᠲᠡ ᠵᠢᠨ ᠲᠠᠭᠤᠨ ᠨᠢᠵᠢᠭᠢᠨᠡᠲᠡᠯ᠎ᠡ ᠴᠤᠤᠷᠢᠶᠠᠲᠤᠨ᠎ᠠ᠃ ᠦᠦᠰᠢᠨ ᠬᠣᠰᠢᠭᠤᠨ ᠤ᠋ ᠤᠯᠠᠭᠠᠨᠮᠥ᠋ᠴᠢᠷ ᠤ᠋ᠨ ᠨᠠᠷᠢᠨ ᠨᠢᠮᠪᠠᠢ ᠨᠠᠢᠷᠠᠭᠤᠯᠤᠨ ᠳᠤᠭᠯᠠᠭᠰᠠᠨ 《ᠡᠬᠡ ᠭᠠᠵᠠᠷ ᠤ᠋ᠨ ᠬᠠᠢᠷ᠎ᠠ》᠂ 《ᠬᠠᠮᠤᠭ ᠤ᠋ᠨ ᠰᠠᠢᠬᠠᠨ ᠳᠠᠭᠤᠤ ᠪᠡᠨ ᠨᠠᠮ ᠳ᠋ᠠᠭᠠᠨ ᠳᠡᠪᠰᠢᠭᠦᠯᠦᠶ᠎ᠡ》 ᠵᠡᠷᠭᠡ ᠤᠯᠠᠠ ᠲᠦᠮᠡᠨ ᠤ᠋ ᠰᠡᠳᠬᠢᠯ ᠳ᠋ᠤ ᠬᠦᠷᠦᠭᠰᠡᠨ 5 ᠥᠪᠡᠷᠮᠢᠴᠡ ᠣᠨᠴᠠᠯᠢᠭ᠋ ᠲᠠᠢ ᠲᠣᠭᠯᠠᠯᠲᠠ ᠨᠢ ᠣᠳᠣᠬᠠᠨ ᠪᠤᠯᠳᠠᠯ᠎ᠠ ᠨᠢᠭᠡᠨᠲᠡ 80 ᠭᠠᠷᠤᠢ ᠲᠠᠯᠠᠪᠠᠢ ᠲᠣᠭᠯᠠᠵᠤ᠂ ᠤᠯᠠᠠ ᠲᠦᠮᠡᠨ ᠤ᠋ ᠦᠵᠡᠵᠦ ᠰᠣᠨᠢᠷᠬᠠᠬᠤ ᠳᠤᠷᠠᠲᠠᠢ ᠤᠷᠠᠯᠢᠭ᠋ ᠤ᠋ᠨ ᠬᠡᠯᠪᠡᠷᠢ ᠪᠡᠷ ᠨᠠᠮ ᠤ᠋ᠨ ᠬᠠᠢᠷ᠎ᠠ ᠬᠠᠯᠠᠮᠵᠢ ᠵᠢ ᠳᠠᠮᠵᠢᠭᠤᠯᠵᠠᠢ᠃ ᠡᠭᠦᠨ ᠤ᠋ ᠬᠠᠮᠲᠤ᠂ 《ᠰᠢᠷᠠᠤ᠋ᠰᠤᠨ ᠭᠤᠤᠯ ᠤ᠋ᠨ ᠰᠡᠳᠬᠢᠯᠭᠡ》 ᠭᠡᠬᠦ ᠭᠣᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠨᠢ 350 ᠰᠢᠯᠢᠳᠡᠭ ᠤᠤᠭᠠᠯ ᠪᠦᠲᠦᠭᠡᠯ ᠢ᠋ ᠰᠢᠯᠭᠠᠷᠠᠭᠤᠯᠤᠨ ᠭᠠᠷᠭᠠᠵᠤ᠂ ᠰᠢᠨ᠎ᠡ ᠵᠠᠭᠤᠴᠢᠯᠠᠭᠤᠷ ᠤ᠋ᠨ ᠲᠠᠪᠴᠠᠩ ᠶ᠋ᠢᠡᠷ ᠳᠠᠮᠵᠢᠭᠤᠯᠤᠨ ᠵᠠᠯᠭᠠᠭ᠎ᠠ ᠪᠠᠷ ᠨᠡᠢᠲᠡᠯᠡᠵᠡᠢ᠃
ᠬᠠᠮᠲᠤ ᠪᠠᠷ ᠡᠳ᠋ᠯᠡᠬᠦ ᠪᠥᠮᠪᠥᠭᠡᠨ ᠲᠠᠯᠠᠪᠤᠷ ᠤ᠋ᠨ ᠪᠠᠶᠠᠷ ᠪᠠᠶᠠᠰᠤᠯ ᠡᠴᠠ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠳᠣᠲᠣᠨᠣ᠌ ᠬᠠᠮᠠᠭᠠᠯᠠᠯᠲᠠ ᠬᠦᠷᠲᠡᠯ᠎ᠡ᠂ ᠦᠦᠰᠢᠨ ᠬᠣᠰᠢᠭᠤ ᠢᠮᠠᠭᠲᠠ ᠪᠣᠳᠠᠲᠠᠢ ᠠᠵᠢᠯᠯᠠᠬᠤ ᠪᠠᠷ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠦᠢᠯᠡᠴᠢᠯᠡᠭᠡ ᠪᠡᠷ ᠤᠯᠠᠨ ᠳᠦᠮᠡᠨ ᠤ᠋ ᠰᠡᠳᠬᠢᠯ ᠢ᠋ ᠳᠤᠯᠠᠭᠠᠴᠠᠭᠤᠯᠤᠨ᠂ ᠨᠢᠭᠡ ᠨᠢᠭᠡ ᠵᠤᠷᠪᠤᠰ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠳ ᠢ᠋ ᠤᠯᠠᠨ ᠳᠦᠮᠡᠨ ᠤ᠋ ᠰᠡᠳᠬᠢᠯ ᠳ᠋ᠤ ᠬᠠᠨᠤᠮᠵᠢᠳᠠᠢ ᠪᠡᠶᠡᠯᠡᠬᠦᠯᠵᠡᠢ᠃