《ᠭᠤᠷᠪᠠᠨ ᠲᠣᠮᠣ ᠪᠥᠮᠪᠥᠭᠡ》 ᠵᠢᠨ ᠬᠦᠭᠵᠢᠯᠲᠡ ᠳ᠋ᠤ ᠦᠨᠳᠦᠰᠦᠨ ᠱᠠᠲᠤᠨ᠎ᠤ 《ᠰᠢᠮᠡᠯᠢᠭ ᠬᠥᠷᠥᠰᠥ᠍》 ᠬᠠᠩᠭᠠᠨᠠᠮ
2025-11-03 11:21:42
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ ᠵᠢᠨ ᠫᠢᠩ 《〈ᠭᠤᠷᠪᠠᠨ ᠲᠣᠮᠣ ᠪᠥᠮᠪᠥᠭᠡ〉ᠶ᠋ᠢ ᠬᠥᠭ᠌ᠵᠢᠭᠦᠯᠬᠦ᠌ ᠪᠣᠯ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠡᠯᠭᠡ ᠲᠡᠮᠳᠡᠭ ᠮᠥᠨ》ᠭᠡᠵᠦ᠍ ᠵᠢᠭᠠᠵᠤ ᠭᠠᠷᠭᠠᠪᠠ᠂ ᠡᠨᠡ ᠬᠦ᠌ ᠨᠤᠲᠠᠯᠠᠯᠲᠠ᠎ᠨᠢ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠯ᠎ᠢ ᠲᠣᠭ᠍ᠲᠠᠭᠠᠪᠠ᠃ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠲᠤ ᠤᠷᠤᠯᠳᠤᠭᠠᠨ ᠡᠴᠡ《ᠲᠠᠯ᠎ᠠ ᠨᠤᠲᠤᠬ᠎ᠤᠨ ᠲᠤᠰᠬᠤᠨ᠎ᠤ ᠠᠯᠠᠭᠠᠳᠠᠬᠤ ᠪᠦᠮᠪᠦᠭᠡ ᠵᠢᠨ ᠤᠷᠤᠯᠳᠤᠭᠠᠨ》 ᠬᠦᠷᠳᠡᠯ᠎ᠡ᠂ ᠥᠪᠥᠷ ᠮᠣᠩᠭᠣᠯ ᠶᠠᠭ 《ᠭᠤᠷᠪᠠᠨ ᠲᠤᠮᠤ ᠪᠥᠮᠪᠥᠭᠡ》 ᠶ᠋ᠢ ᠬᠥᠭ᠌ᠵᠢᠭᠦᠯᠦᠨ ᠮᠠᠨᠳᠤᠭᠤᠯᠬᠤ ᠵᠠᠮ᠎ᠢ ᠰᠦᠪᠡᠭ᠌ᠴᠢᠯᠡᠵᠦ᠍ ᠪᠣᠶ᠃

ᠬᠦᠯ ᠪᠦᠮᠪᠦᠭᠡ ᠵᠢᠨ ᠬᠡᠳᠦ ᠲᠡᠰ᠎ᠤᠨ ᠬᠤᠯᠪᠤᠭᠠᠲᠤ ᠤᠷᠤᠯᠳᠤᠭᠠᠨ ᠨᠢ ᠥᠪᠥᠷ ᠮᠣᠩᠭᠣᠯ᠎ᠤᠨ 《ᠭᠤᠷᠪᠠᠨ ᠲᠤᠮᠤ ᠪᠥᠮᠪᠥᠭᠡ》 ᠶ᠋ᠢᠨ ᠥᠷᠢᠰᠥᠯᠳᠦᠭᠡᠨ᠎ᠦ ᠳᠡᠭᠡᠭ᠌ᠰᠢᠯᠡᠯᠲᠡ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠃ ᠤᠷᠤᠯᠳᠤᠭᠠᠨ᠎ᠤ ᠲᠠᠯᠠᠪᠡᠢ ᠵᠢᠨ ᠬᠣᠣᠰ ᠡᠷᠭᠢᠯᠲᠡ᠎ᠶ᠋ᠢᠨ ᠳᠦᠷᠢᠮ᠎ᠢᠶᠡᠷ ᠳᠠᠮᠵᠢᠨ᠂ ᠣᠯᠠᠨ ᠤᠯᠤᠰ᠎ᠤᠨ ᠲᠡᠰ᠎ᠤᠨ ᠬᠢᠨᠠᠭ᠍ᠴᠢ᠎ᠶ᠋ᠢᠨ ᠪᠦᠯᠬᠦᠮ᠎ᠢ ᠤᠷᠢᠵᠤ᠂ ᠲᠣᠭ᠎ᠠ ᠪᠠᠷᠢᠮᠲᠠ᠎ᠶ᠋ᠢ ᠵᠠᠳᠠᠯᠬᠤ ᠱᠢᠰᠲ᠋ᠧᠮ᠎ᠦᠨ ᠬᠡᠷᠡᠭ᠌ᠯᠡᠯᠲᠡ᠂ ᠤᠷᠤᠯᠳᠤᠭᠠᠨ᠎ᠤ ᠳᠤᠰᠬᠠᠢ ᠮᠡᠷᠭᠡᠵᠢᠯ᠎ᠤᠨ ᠬᠢᠷᠢ ᠲᠦᠪᠱᠢᠨ ᠢᠯᠡᠳᠲᠡ ᠳᠡᠭᠡᠭ᠌ᠰᠢᠯᠡᠪᠡ᠃ 2025 ᠣᠨ᠎ᠤ ᠥᠪᠥᠷ ᠮᠣᠩᠭᠣᠯ᠎ᠤᠨ ᠬᠦᠯ ᠪᠦᠮᠪᠦᠭᠡ ᠵᠢᠨ ᠬᠡᠲᠦ ᠲᠡᠰ᠎ᠤᠨ ᠬᠤᠯᠪᠤᠭᠠᠲᠤ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ᠎ᠳᠤ᠂ 4.5 ᠲᠦᠮᠡᠨ ᠬᠥᠮᠦᠨ ᠤᠳᠠᠭ᠎ᠠ ᠲᠤᠬᠠᠢ ᠵᠢᠨ ᠲᠠᠯᠠᠪᠠᠢ ᠳ᠋ᠦ ᠤᠷᠤᠯᠳᠤᠭᠠᠨ᠎ᠢ ᠰᠤᠨᠢᠷᠬᠠᠵᠤ᠂ ᠡᠷᠬᠢᠨ ᠲᠣᠭᠣᠷᠢᠨ᠎ᠤ ᠬᠡᠷᠡᠭ᠌ᠯᠡᠭᠡ᠎ᠶ᠋ᠢ ᠦᠨᠡᠨ᠎ᠬᠦ ᠳᠠᠢᠴᠢᠯᠠᠵᠤ᠂ 《ᠤᠷᠤᠯᠳᠤᠭᠠᠨ ᠵᠢᠡᠷ ᠬᠡᠷᠡᠭ᠌ᠯᠡᠭᠡ ᠵᠢ ᠳᠠᠢᠴᠢᠯᠠᠬᠤ》 ᠰᠠᠢᠨ ᠣᠷᠴᠢᠯ᠎ᠢ ᠪᠦᠷᠢᠯᠳᠦᠭᠦᠯᠪᠡ᠃

ᠡᠭᠦᠨ ᠡᠴᠡ ᠭᠠᠳᠠᠨ᠎ᠠ᠂ ᠥᠪᠥᠷ ᠮᠣᠩᠭᠣᠯ 《ᠰᠤᠷᠭᠠᠭᠤᠯᠢ᠎ᠶ᠋ᠢᠨ ᠬᠦᠷᠢᠶᠡᠨ᠎ᠦ ᠬᠣᠯᠪᠣᠭᠠᠲᠤ ᠤᠷᠤᠯᠳᠤᠭᠠᠨ᠂ ᠵᠠᠯᠠᠭᠤᠴᠤᠳ ᠪᠠᠭᠠᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠂ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ》 ᠭᠡᠬᠦ ᠭᠤᠷᠪᠠᠨ ᠳᠡᠰ᠎ᠤᠨ ᠤᠷᠤᠯᠳᠤᠭᠠᠨ᠎ᠤ ᠱᠢᠰᠲ᠋ᠧᠮ᠎ᠢ ᠪᠠᠢᠭᠤᠯᠵᠤ᠂ 2025 ᠣᠨ᠎ᠤ ᠬᠣᠶᠠᠳᠤᠭᠠᠷ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ 《ᠭᠤᠷᠪᠠᠨ ᠲᠤᠮᠤ ᠪᠥᠮᠪᠥᠭᠡ》 ᠵᠢᠨ ᠤᠷᠤᠯᠳᠤᠭᠠᠨ᠎ᠳᠤ 4000 ᠱᠢᠬᠠᠮ ᠵᠠᠯᠠᠭᠤᠴᠤᠳ ᠪᠠᠭᠠᠴᠤᠳ ᠣᠷᠣᠯᠴᠠᠵᠠᠶ᠃ 

ᠤᠷᠤᠯᠳᠤᠭᠠᠨ ᠡᠴᠡ ᠭᠠᠳᠠᠨ᠎ᠠ᠂ ᠥᠪᠥᠷ ᠮᠣᠩᠭᠣᠯ《ᠲᠠᠯ᠎ᠠ ᠨᠤᠲᠤᠭ᠎ᠤᠨ ᠲᠣᠰᠭᠣᠨ᠎ᠤ ᠠᠯᠠᠭᠠᠳᠠᠬᠤ ᠪᠦᠮᠪᠦᠭᠡ》᠂ 《ᠲᠣᠰᠭᠣᠨ᠎ᠤ BA》 ᠵᠡᠷᠭᠡ ᠣᠯᠠᠨ ᠲᠦᠮᠡᠨ᠎ᠦ ᠤᠷᠤᠯᠳᠤᠭᠠᠨ᠎ᠢᠶᠠᠷ ᠳᠠᠮᠵᠢᠭᠤᠯᠤᠨ᠂ 《ᠭᠤᠷᠪᠠᠨ ᠲᠣᠮᠣ ᠪᠥᠮᠪᠥᠭᠡ》ᠶ᠋ᠢ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠨᠢᠭ᠍ᠲᠠᠷᠠᠭᠤᠯᠬᠤ ᠰᠣᠶᠣᠯ᠎ᠤᠨ ᠲᠡᠮᠳᠡᠭ ᠪᠣᠯᠭᠠᠪᠠ᠃ ᠤᠷᠳᠤᠰ ᠬᠤᠳᠠ ᠵᠢᠨ ᠤᠲᠤᠭ᠎ᠤᠨ ᠡᠮᠦᠨᠡᠲᠦ ᠬᠣᠱᠢᠭᠤᠨ ᠤ᠋ ᠮᠠᠯᠴᠢᠨ ᠲᠠᠷᠢᠶᠠᠴᠢᠨ ᠡᠳᠦᠷ ᠨᠢ ᠠᠵᠢᠯᠯᠠᠵᠤ᠂ ᠣᠷᠣᠢ ᠨᠢ ᠪᠥᠮᠪᠥᠭᠡ ᠨᠠᠭᠠᠳᠴᠤ᠂《ᠲᠣᠰᠭᠣᠨ ᠪᠣᠯᠭᠠᠨ ᠪᠥᠮᠪᠥᠭᠡᠨ ᠠᠩᠭᠢ᠎ᠲᠠᠶ᠂ ᠰᠠᠷ᠎ᠠ ᠪᠣᠯᠭᠠᠨ ᠪᠥᠮᠪᠥᠭᠡᠨ ᠤᠷᠤᠯᠳᠤᠭᠠᠨ᠎ᠲᠠᠶ》ᠥᠪᠡᠷᠮᠢᠴᠡ ᠠᠮᠢ ᠠᠬᠤᠶ᠎ᠶ᠋ᠢ ᠪᠦᠷᠢᠯᠳᠦᠭᠦᠯᠪᠡ᠃ ᠲᠦᠩᠯᠢᠶᠣᠤ᠎ᠶ᠋ᠢᠨ 《ᠲᠣᠰᠭᠣᠨ᠎ᠤ BA》ᠨᠢ ᠦᠬᠡᠷ ᠬᠣᠨᠢ᠂ ᠲᠠᠷᠢᠶᠠᠯᠠᠩ᠎ᠤᠨ ᠮᠠᠱᠢᠨ᠎ᠢᠶᠠᠷ ᠱᠠᠩᠨᠠᠯ᠎ᠤᠨ ᠪᠣᠳᠠᠰ ᠪᠣᠯᠭᠠᠵᠤ᠂ ᠤᠷᠤᠯᠳᠤᠭᠠᠨ᠎ᠤ ᠬᠤᠭᠤᠴᠠᠭᠠᠨ᠎ᠳᠤ ᠬᠥᠳᠡᠭᠡ ᠲᠣᠰᠭᠣᠨ᠎ᠤ ᠵᠢᠭᠤᠯᠴᠢᠯᠠᠯ᠎ᠤᠨ ᠣᠷᠣᠯᠭ᠎ᠠ᠎ᠶ᠋ᠢ ᠶᠡᠭᠡ᠎ᠪᠠᠷ ᠨᠡᠮᠡᠭ᠌ᠳᠡᠭᠦᠯᠵᠦ᠍᠂ 《ᠪᠡᠶ᠎ᠡ᠎ᠶ᠋ᠢᠨ ᠲᠠᠮᠢᠷ + ᠰᠣᠶᠣᠯ ᠵᠢᠭᠤᠯᠴᠢᠯᠠᠯ》  ᠤ᠋ᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃

ᠥᠪᠥᠷ ᠮᠣᠩᠭᠣᠯ᠎ᠤᠨ ᠦᠶ᠋ᠯᠡᠳᠦᠯᠭᠡ᠎ᠨᠢ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠦᠨ ᠲᠤᠯᠭᠠᠭᠤᠷᠢᠯᠠᠯ᠎ᠠᠴᠠ ᠰᠠᠯᠵᠤ ᠴᠢᠳᠠᠬᠤ ᠥᠬᠡᠶ ᠶᠤᠮ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠭᠤᠷᠪᠠᠨ ᠲᠤᠮᠤ ᠪᠥᠮᠪᠥᠭᠡ〉 ᠶ᠋ᠢᠨ ᠪᠦᠰᠡᠯᠡᠯᠲᠡ᠎ᠶ᠋ᠢ ᠱᠢᠪᠲᠤᠯᠬᠤ ᠲᠥᠯᠥᠪᠯᠡᠭᠡ》 ᠳ᠋ᠤ 《2027 ᠣᠨ ᠪᠣᠯᠬᠤ᠎ᠳᠤ ᠵᠠᠯᠠᠭᠤᠴᠤᠳ᠎ᠤᠨ ᠪᠣᠯᠪᠠᠰᠤᠷᠠᠯ᠎ᠤᠨ ᠱᠢᠰᠲ᠋ᠧᠮ᠂ ᠤᠷᠤᠯᠳᠤᠭᠠᠨ᠎ᠤ ᠱᠢᠰᠲ᠋ᠧᠮ᠎ᠢ ᠦᠨᠳᠦᠰᠦᠨ᠎ᠳᠡᠭᠡᠨ ᠲᠡᠭᠦᠯᠳᠡᠷᠵᠢᠭᠦᠯᠵᠦ᠍᠂ 2030 ᠣᠨ ᠪᠣᠯᠬᠤ᠎ᠳᠤ ᠥᠷᠢᠰᠥᠯᠳᠦᠭᠡᠨ᠎ᠦ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌》ᠬᠠᠷᠠᠯᠲᠠ᠎ᠶ᠋ᠢ ᠲᠣᠳᠣᠷᠬᠠᠢᠯᠠᠵᠤ᠂《ᠲᠠᠯᠠᠪᠤᠷ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌》᠂ 《ᠴᠢᠳᠠᠪᠤᠷᠢᠲᠠᠨ᠎ᠤ ᠬᠡᠯᠬᠢᠶ᠎ᠡ᠎ᠶ᠋ᠢᠨ ᠭᠤᠷᠪᠠᠨ ᠱᠠᠲᠤᠨ᠎ᠤ ᠬᠥᠮᠦᠵᠢᠭᠦᠯᠦᠯ》 ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂  《ᠲᠦᠭᠦᠭᠡᠷᠦᠮᠵᠢ ᠬᠦᠷᠦᠯᠴᠡᠬᠦ᠌ ᠥᠬᠡᠶ》᠂ 《ᠴᠢᠳᠠᠪᠤᠷᠢᠲᠠᠨ᠎ᠤ ᠲᠠᠰᠤᠯᠳᠠᠯ》 ᠵᠡᠷᠭᠡ ᠡᠪᠡᠷᠱᠢᠶᠡᠯ᠎ᠢ ᠠᠷᠢᠯᠭᠠᠨ᠎ᠠ᠃

ᠬᠦᠭᠵᠢᠯᠳᠡ ᠵᠢ ᠠᠬᠢᠭᠤᠯᠬᠤ ᠵᠠᠩᠭᠢᠯᠠᠭ᠎ᠠ ᠨᠢ ᠵᠠᠰᠠᠯᠲᠠ᠎ᠶ᠋ᠢᠨ ᠵᠠᠭ᠍ᠪᠤᠷ᠎ᠤᠨ ᠱᠢᠨ᠎ᠡ ᠵᠢ ᠡᠭᠦᠳᠬᠦ᠎ᠳᠦ ᠪᠤᠢ᠃ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠡᠬᠢ 《ᠠᠳᠠᠯᠢᠳᠭᠠᠬᠤ ᠰᠤᠷᠬᠤ ᠭᠦᠶ᠋ᠴᠡᠬᠦ᠌ ᠳᠠᠪᠠᠬᠤ》 ᠥᠷᠢᠰᠥᠯᠳᠦᠭᠡᠨ᠎ᠦ ᠠᠭᠤᠷ ᠠᠮᠢᠰᠭᠤᠯ᠎ᠢ ᠪᠣᠶ ᠪᠣᠯᠭᠠᠬᠤ᠂ 《ᠲᠦᠷᠦ᠍᠎ᠶ᠋ᠢᠨ ᠪᠤᠳᠤᠯᠭ᠎ᠠ᠎ᠶ᠋ᠢᠨ ᠤᠷᠮᠠᠱᠢᠭᠤᠯᠤᠯ + ᠵᠠᠬ᠎ᠠ ᠳᠡᠯᠭᠡᠭᠦᠷ᠎ᠢᠶᠡᠷ ᠬᠥᠳᠡᠯᠭᠡᠭᠦᠷ ᠪᠣᠯᠭᠠᠬᠤ》 ᠬᠣᠣᠰ ᠲᠣᠭ᠍ᠲᠠᠴᠠ ᠵᠡᠷᠭᠡ ᠨᠢ ᠥᠪᠥᠷ ᠮᠣᠩᠭᠣᠯ᠎ᠤᠨ《ᠭᠤᠷᠪᠠᠨ ᠲᠤᠮᠤ ᠪᠦᠮᠪᠦᠭᠡ》 ᠵᠢᠨ ᠬᠥᠭ᠌ᠵᠢᠯᠲᠡ᠎ᠶ᠋ᠢᠨ ᠠᠮᠢ ᠠᠬᠤᠢ᠎ᠶ᠋ᠢ ᠴᠣᠭ᠍ᠴᠠᠯᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号