ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠣᠶᠣᠯ ᠲᠡᠦᠬᠡ ᠪᠠ ᠰᠤᠷᠤᠯᠴᠠᠯᠭ᠎ᠠ᠎ᠶ᠋ᠢᠨ ᠵᠥᠪᠯᠡᠯ᠎ᠡᠴᠡ 《ᠨᠢᠭᠡ ᠲᠤᠰᠬᠠᠢ ᠵᠦᠪᠯᠡᠯ ᠨᠢᠭᠡ ᠲᠦᠷᠦᠯ ᠳᠡᠮᠳᠡᠭ — ᠤᠮᠠᠷᠠᠲᠦ ᠬᠢᠯᠢ᠎ᠶᠢᠨ ᠰᠤᠶᠤᠯ ᠲᠡᠥᠬᠡ᠎ᠶᠢᠨ ᠬᠢᠴᠢᠶᠡᠯ᠎ᠤᠨ ᠲᠠᠩᠬᠢᠮ》 ᠲᠤᠰᠭᠠᠶ ᠰᠡᠳᠦᠪᠲᠦ ᠲᠠᠢᠯᠤᠮᠵᠢ ᠡᠷᠭᠢᠯᠡᠵᠦ᠍᠂ ᠥᠪᠥᠷ ᠮᠣᠩᠭᠣᠯ᠎ᠤᠨ ᠮᠦᠽᠧᠶ᠎ᠶ᠋ᠢᠨ ᠨᠡᠷ᠎ᠡ ᠬᠦᠨᠳᠦᠲᠦ ᠳᠠᠷᠤᠭ᠎ᠠ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠮᠠᠷᠠᠲᠤ ᠬᠢᠯᠢ᠎ᠶ᠋ᠢᠨ ᠰᠣᠶᠣᠯ᠎ᠤᠨ ᠥᠪ᠎ᠦᠨ ᠰᠤᠳᠤᠯᠭᠠᠨ᠎ᠤ ᠲᠥᠪ᠎ᠦᠨ ᠡᠷᠬᠢᠯᠡᠭ᠌ᠴᠢ᠂ ᠳ᠋ᠣᠺᠲ᠋ᠣᠷᠠᠨᠲ᠎ᠤᠨ ᠵᠢᠯᠣᠭᠣᠳᠣᠭ᠍ᠴᠢ ᠪᠠᠭ᠍ᠰᠢ ᠴᠧᠨ ᠶᠦᠩ ᡁᠢ ᠲᠤᠰᠭᠠᠶ ᠰᠡᠳᠦᠪᠲᠦ ᠵᠢᠯᠤᠭᠤᠳᠤᠮᠵᠢ ᠬᠢᠪᠠ᠃
ᠲᠠᠢᠯᠤᠮᠵᠢ ᠨᠢ 《ᠰᠦᠯᠵᠢᠶᠡᠨ ᠳᠡᠭᠡᠷᠡᠬᠢ + ᠪᠤᠳᠠᠳᠦ ᠴᠤᠬᠴᠠ》 ᠵᠢᠨ ᠬᠡᠯᠪᠡᠷᠢ᠎ᠪᠡᠷ ᠶᠠᠪᠤᠭ᠍ᠳᠠᠵᠦ᠂ ᠴᠧᠨ ᠶᠦᠩ ᡁᠢ 《ᠰᠣᠶᠣᠯ᠎ᠤᠨ ᠥᠪ ᠬᠢᠭᠡᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠡᠷ ᠭᠤᠤᠯ ᠰᠡᠳᠦᠪ ᠪᠣᠯᠭᠠᠵᠤ᠂ ᠡᠯᠪᠡᠭ ᠪᠠᠶᠠᠯᠢᠭ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢᠶᠡᠷ ᠳᠠᠮᠵᠢᠭᠤᠯᠤᠨ᠂ ᠳᠤᠮᠳᠠᠳᠤ᠎ᠶ᠋ᠢᠨ ᠪᠣᠯᠪᠠᠰᠤᠨ᠎ᠤ ᠥᠪᠥᠷ ᠮᠣᠩᠭᠣᠯ᠎ᠤᠨ ᠦᠨᠢ ᠤᠳᠠᠭᠠᠨ ᠲᠡᠦᠬᠡ᠎ᠶ᠋ᠢᠨ ᠤᠷᠤᠰᠭᠠᠯ᠎ᠳᠠᠬᠢ ᠬᠤᠪᠢᠰᠤᠯᠲᠠ᠎ᠶ᠋ᠢᠨ ᠰᠤᠳᠠᠰᠤ᠎ᠶ᠋ᠢ ᠲᠠᠬᠢᠨ ᠢᠯᠡᠷᠡᠭᠦᠯᠵᠦ᠍᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠰᠣᠶᠣᠯ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠵᠢᠷᠤᠭ ᠲᠦᠷᠰᠦ᠎ᠶ᠋ᠢ ᠭᠦᠢᠴᠡᠳ ᠳᠡᠯᠭᠡᠨ ᠦᠵᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤᠮᠳᠠᠬᠢ ᠴᠠᠭ ᠦᠶ᠎ᠡ᠎ᠶ᠋ᠢᠨ ᠦᠷᠳᠡᠭ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠠᠮᠢᠳᠤᠯᠢᠭ᠎ᠢᠶᠠᠷ ᠲᠠᠢᠯᠪᠤᠷᠢᠯᠠᠪᠠ᠃ ᠲᠠᠢᠯᠤᠮᠵᠢ ᠨᠢ ᠥᠷᠭᠡᠨ ᠤᠯᠠᠨ ᠭᠡᠱᠢᠭᠦᠨ᠎ᠦ ᠢᠳᠡᠪᠬᠢᠲᠡᠢ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠲᠡᠦᠬᠡ ᠰᠣᠶᠣᠯ᠎ᠤᠨ ᠥᠪ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠰᠠᠬᠢᠨ ᠬᠠᠮᠠᠭᠠᠯᠠᠵᠤ᠂ ᠰᠠᠢᠲᠤᠷ ᠤᠯᠠᠮᠵᠢᠯᠠᠨ ᠵᠠᠯᠭᠠᠮᠵᠢᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠶ᠋ᠢ ᠵᠣᠷᠢᠭ᠍ᠵᠢᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号