ᠨᠡᠪᠳᠡᠷᠡᠬᠦᠯᠭᠡ ᠵᠢᠨ ᠦᠷᠦᠬᠡ ᠨᠢ ᠲᠣᠭ᠎ᠠ ᠪᠠᠷᠢᠮᠳᠠ ᠬᠠᠭᠣᠷᠮᠠᠬᠯᠠᠨ ᠵᠣᠬᠢᠶᠠᠬᠰᠠᠨ 《ᠦᠵᠡᠬᠦᠯᠬᠡ ᠵᠢᠨ ᠲᠠᠯᠠᠪᠣᠷ》 ᠪᠣᠯᠵᠦ ᠪᠣᠯᠬᠣ ᠦᠬᠡᠢ
2025-11-03 16:16:42
ᠵᠣᠬᠢᠶᠠᠭ᠍ᠴᠢ᠄
ᠱᠢ ᠹᠸᠩ
ᠣᠩᠱᠢᠭ᠍ᠰᠠᠨ ᠣᠳᠠᠭ᠎ᠠ᠄
★★★☆☆

《11·11》 ᠣᠢᠷᠠᠳᠬᠣ ᠵᠢ ᠲᠠᠭᠠᠯᠳᠣᠨ ᠰᠦᠯᠵᠢᠶᠡᠨ᠎ᠦ ᠪᠣᠷᠣᠯᠠᠭᠣᠯᠭ᠎ᠠ ᠵᠢᠨ ᠬᠠᠯᠠᠭᠣᠨ ᠦᠷᠨᠢᠯᠳᠡ ᠪᠣᠯᠵᠦ ᠪᠣᠢ᠃ ᠵᠠᠷᠢᠮ ᠰᠢᠭᠤᠳ ᠨᠡᠪᠲᠡᠷᠡᠭᠦᠯᠭᠡ᠎ᠶᠢᠨ ᠲᠠᠰᠤᠭ᠎ᠲᠤ ᠨᠡᠪᠲᠡᠷᠡᠭᠦᠯᠦᠭᠴᠢ ᠡᠴᠡ ᠪᠤᠯᠢᠶᠠᠯᠳᠤᠨ ᠬᠤᠳᠠᠯᠳᠤᠨ ᠠᠪᠴᠤ ᠪᠠᠢᠭ᠎ᠠ ᠠᠭᠤᠷ ᠠᠮᠢᠰᠬᠤᠯ᠎ᠢ ᠪᠣᠶ ᠪᠣᠯᠭᠠᠬᠤ᠎ᠶᠢᠨ ᠲᠥᠯᠥᠭᠡ᠂ ᠪᠣᠷᠤᠯᠠᠭᠤᠯᠭ᠎ᠠ᠎ᠶᠢᠨ ᠬᠡᠮᠵᠢᠶ᠎ᠡ᠂ ᠰᠦᠯᠵᠢᠶᠡᠨ ᠳᠡᠭᠡᠷᠡᠬᠢ ᠬᠥᠮᠥᠨ᠎ᠦ ᠲᠣᠭ᠎ᠠ ᠵᠡᠷᠭᠡ ᠲᠣᠭ᠎ᠠ ᠪᠠᠷᠢᠮᠲᠠ᠎ᠶᠢ ᠵᠣᠷᠢᠭᠤᠳᠠ ᠬᠠᠭᠤᠷᠮᠠᠭᠯᠠᠨ ᠵᠣᠬᠢᠶᠠᠵᠤ᠂ 《ᠨᠢᠭᠡᠨᠲᠡ ᠬᠤᠳᠠᠯᠳᠤᠵᠤ ᠳᠠᠭᠤᠰᠴᠡᠢ》 ᠭᠡᠵᠦ ᠵᠠᠷᠯᠠᠵᠦ ᠪᠠᠢᠬᠰᠠᠨ ᠲᠠᠸᠡᠷ ᠵᠢᠡᠨ ᠲᠠᠷᠠᠭ᠎ᠠ ᠡᠳᠦᠷ ᠨᠢ ᠮᠦᠨ ᠪᠣᠷᠣᠯᠠᠭᠣᠯᠵᠦ ᠪᠠᠢᠬᠣ ᠪᠦᠭᠡᠳ ᠬᠦᠮᠦᠷᠭᠡ ᠵᠢᠨ ᠬᠠᠳᠠᠭᠠᠯᠠᠯᠳᠠ ᠬᠦᠢᠴᠡᠳ ᠪᠠᠢᠨ᠎ᠡ ᠬᠡᠵᠦ ᠬᠡᠯᠡᠵᠦ ᠪᠣᠢ᠃ 《ᠪᠣᠷᠤᠯᠠᠭᠤᠯᠭ᠎ᠠ ᠰᠠᠢᠲᠠᠢ》 ᠬᠠᠭᠤᠷᠮᠠᠭ ᠦᠵᠡᠭᠳᠡᠯ᠎ᠢ ᠭᠠᠷᠭᠠᠬᠣ᠎ᠨᠢ ᠨᠢᠭᠡᠨᠲᠡ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠲᠠᠢ ᠪᠣᠯᠵᠤ᠂  ᠪᠣᠷᠣᠯᠠᠭᠤᠯᠬᠤ ᠬᠡᠮᠵᠢᠶ᠎ᠡ᠂ ᠲᠣᠭ᠎ᠠ ᠪᠠᠷᠢᠮᠲᠠ ᠵᠡᠷᠭᠡ ᠣᠯᠠᠨ ᠭᠣᠭᠴᠣᠭ᠎ᠠ᠎ᠶᠢ ᠬᠠᠮᠤᠷᠤᠭᠰᠠᠨ ᠪᠠᠢᠨ᠎ᠠ᠃ 


QQ截图20251001104448.png


ᠸᠠᠩ᠎ᠳ᠋ᠦᠸᠸ  ᠵᠢᠷᠣᠪᠠ


ᠣᠳᠣᠬᠠᠨ᠎ᠳᠤ ᠡᠯᠧᠺᠲᠷᠣᠨ ᠬᠤᠳᠠᠯᠳᠤᠭᠠᠨ᠎ᠤ ᠠᠵᠢᠯ ᠲᠥᠷᠥᠯ᠎ᠳᠦ 《ᠲᠣᠭ᠎ᠠ ᠪᠠᠷᠢᠮᠲᠠ᠎ᠶᠢᠨ ᠵᠣᠪᠠᠨᠢᠯ》 ᠲᠤᠯᠭᠠᠷᠠᠵᠤ᠂ ᠲᠠᠪᠴᠠᠩ᠎ᠤᠨ ᠠᠭᠣᠯᠭ᠎ᠠ ᠲᠠᠨᠢᠯᠴᠠᠭᠤᠯᠬᠣ ᠲᠣᠭᠲᠠᠴᠠ ᠨᠢ ᠤᠷᠤᠰᠴᠠ ᠪᠠ ᠪᠣᠷᠤᠯᠠᠭᠤᠯᠭ᠎ᠠ᠎ᠶᠢᠨ ᠲᠣᠭ᠎ᠠ ᠪᠠᠷᠢᠮᠲᠠ᠎ᠳᠤ ᠶᠡᠬᠡ ᠲᠦᠰᠢᠭᠯᠡᠵᠦ ᠪᠠᠢᠨ᠎ᠠ᠃ ᠭᠡᠪᠡᠴᠦ ᠡᠨᠡ ᠨᠢ ᠬᠤᠳᠠᠯ ᠬᠠᠭᠤᠷᠮᠠᠭ᠎ᠢᠶᠠᠷ ᠡᠵᠡᠩᠨᠡᠨ ᠪᠣᠷᠣᠯᠠᠭᠤᠯᠬᠤ᠂ ᠤᠷᠤᠰᠴᠠ᠎ᠵᠢ ᠬᠦᠬᠡᠬᠡᠴᠡᠯᠳᠦᠬᠦ ᠵᠢᠨ ᠰᠢᠯᠲᠠᠭᠠᠨ ᠪᠢᠰᠢ ᠶᠤᠮ᠃ ᠡᠳᠡᠭᠡᠷ ᠵᠠᠮᠪᠠᠷᠠᠭ᠎ᠠ ᠦᠬᠡᠢ ᠪᠠᠢᠳᠠᠯ ᠨᠢ ᠬᠡᠷᠡᠭᠯᠡᠭᠡ ᠵᠢᠨ᠎ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠰᠠᠮᠠᠭᠤᠷᠠᠭᠤᠯᠵᠤ ᠪᠠᠢᠬᠤ ᠪᠠᠷ ᠪᠠᠷᠠᠬᠤ ᠦᠭᠡᠢ ᠪᠠᠰᠠ ᠬᠡᠷᠡᠭᠯᠡᠭᠴᠢᠳ᠎ᠦᠨ ᠡᠷᠬᠡ ᠠᠰᠢᠭ᠋᠎ᠢ ᠬᠣᠬᠢᠷᠠᠭᠤᠯᠵᠤ ᠪᠠᠢᠨ᠎ᠠ᠃ ᠡᠭᠦᠨ᠎ᠳᠦ ᠲᠠᠪᠴᠠᠩ ᠨᠢ ᠰᠢᠭᠤᠳ ᠨᠡᠪᠲᠡᠷᠡᠭᠦᠯᠭᠡ᠎ᠶᠢᠨ ᠬᠣᠭᠣᠷᠣᠨᠳᠣᠬᠢ ᠲᠣᠭ᠎ᠠ ᠪᠠᠷᠢᠮᠲᠠ᠎ᠶᠢ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ᠎ᠪᠠᠨ ᠴᠢᠩᠭᠠᠳᠬᠠᠵᠤ᠂ ᠪᠣᠷᠤᠯᠠᠭᠤᠯᠭ᠎ᠠ ᠰᠠᠢᠲᠠᠢ ᠵᠢ ᠢᠯᠡᠷᠭᠡᠢᠯᠡᠬᠰᠡᠨ ᠲᠣᠭ᠎ᠠ ᠪᠠᠷᠢᠮᠲᠠ᠎ᠶᠢᠨ ᠢᠷᠡᠯᠲᠡ᠎ᠶᠢ ᠤᠬᠤᠴᠢᠯᠠᠬᠤ ᠲᠣᠭᠲᠠᠴᠠ᠎ᠶᠢ ᠪᠠᠶ᠋ᠢᠭᠤᠯᠬᠤ ᠬᠡᠷᠡᠭᠲᠡᠢ; ᠬᠤᠳᠠᠯᠳᠤᠭᠠᠴᠢᠳ ᠣᠬᠣᠷ ᠬᠣᠭᠣᠴᠠᠭᠠᠨ᠎ᠦ ᠠᠰᠢᠬ ᠲᠣᠰᠠ ᠵᠢ ᠬᠦᠭᠡᠭᠡᠴᠡᠯᠳᠦᠬᠦ ᠰᠡᠳᠬᠢᠬᠦᠢ ᠪᠡᠨ ᠲᠠᠶᠠᠭᠳᠠᠵᠤ᠂ ᠰᠠᠢᠨ ᠴᠢᠨᠠᠷ ᠴᠢᠨᠰᠠᠭ᠎ᠠ ᠪᠣᠯᠣᠨ ᠦᠨᠡᠨᠴᠢ ᠢᠲᠡᠭᠡᠮᠵᠢᠲᠡᠢ ᠦᠢᠯᠡᠴᠢᠯᠡᠭᠡ᠎ᠪᠡᠷ᠎ᠢᠶᠡᠨ ᠬᠡᠷᠡᠭᠯᠡᠭᠴᠢᠳ᠎ᠦᠨ ᠢᠲᠡᠭᠡᠯ᠎ᠢ ᠣᠯᠬᠤ ᠬᠡᠷᠡᠭᠲᠡᠢ᠂ ᠬᠠᠷᠢᠨ ᠰᠢᠭᠤᠳ ᠨᠡᠪᠲᠡᠷᠡᠭᠦᠯᠭᠡ᠎ᠶᠢᠨ ᠲᠠᠰᠤᠭ᠎ᠢ ᠬᠠᠭᠣᠷᠮᠠᠭ ᠲᠣᠭ᠎ᠠ ᠪᠠᠷᠢᠮᠲᠠ ᠵᠣᠬᠢᠶᠠᠬᠤ 《ᠦᠵᠡᠭᠦᠯᠭᠡ᠎ᠶᠢᠨ ᠲᠠᠯᠠᠪᠤᠷ》 ᠪᠣᠯᠭᠠᠵᠤ ᠪᠣᠯᠬᠤ ᠦᠭᠡᠢ᠃   

                                                  — 《ᠠᠵᠦ ᠠᠬᠣᠢ ᠵᠢᠨ ᠡᠳᠦᠷ᠎ᠦᠨ ᠰᠣᠨᠢᠨ》 ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号