ᠰᠧ ᠢ ᠳᠠᠩ ᠲᠣᠰᠬᠣᠨ ᠎ᠤ᠋ ᠨᠠᠮ᠎ᠤ᠋ᠨ ᠡᠭᠦᠷ᠄ ᠪᠣᠷᠣᠲᠣᠬᠤᠢ᠎ᠨᠤᠳᠤᠭ᠎ᠤᠨ 《ᠬᠤᠪᠢᠰᠬᠠᠯᠲᠤ ᠬᠥᠳᠡᠯᠭᠡᠭᠦᠷ》
2025-11-04 11:27:18
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠠᠯᠳᠠᠨ ᠨᠠᠮᠤᠷ ᠵᠢᠡᠷ ᠪᠠᠶᠠᠨᠨᠠᠭᠤᠷ ᠬᠣᠲᠠ᠎ᠶ᠋ᠢᠨ ᠤᠷᠠᠳ ᠎ᠤ᠋ᠨ ᠳᠤᠮᠳᠠᠳᠤ ᠬᠤᠰᠢᠭᠤᠨ᠎ᠤ᠋ ᠲᠡᠯ ᠠᠭᠤᠯᠠ ᠪᠠᠯᠭᠠᠰᠤ ᠎ᠶᠢᠨ ᠰᠧ ᠢ ᠳᠠᠩ ᠲᠣᠰᠬᠣᠨ᠎ᠤ᠋ ᠯᠠᠵᠤᠤ᠎ᠶᠢᠨ ᠲᠠᠷᠢᠶᠠᠨ᠎ᠳ᠋ᠤ᠌᠂ ᠭᠠᠯ ᠤᠯᠠᠭᠠᠨ ᠳᠠᠪᠠᠯᠭᠠᠨ ᠣᠢᠯᠤᠨ ᠳᠠᠪᠠᠯᠭᠠᠯᠠᠨ᠎ᠠ᠃ 63.25 ᠲᠡᠭᠰᠢ ᠳᠥᠷᠪᠡᠯᠵᠢᠨ ᠺᠢᠯᠣᠮᠧᠲ᠋ᠷ ᠲᠠᠯᠠᠪᠠᠢ᠎ᠲᠠᠢ ᠡᠨᠡ ᠬᠦ᠌ ᠨᠤᠳᠤᠭ ᠳᠡᠭᠡᠷ᠎ᠡ᠂ ᠰᠠᠭᠤᠭᠠᠯᠢ ᠠᠷᠠᠳ ᠎ᠤ᠋ᠨ ᠠᠰᠠᠷ ᠪᠠ ᠲᠣᠭᠣᠰᠬᠠᠨ ᠪᠠᠢᠰᠢᠩ ᠰᠣᠯᠪᠢᠴᠠᠨ ᠪᠠᠢᠭᠤᠯᠤᠭᠳᠠᠵᠤ᠂ ᠵᠤᠷᠪᠤᠰ ᠵᠤᠷᠪᠤᠰ ᠲᠤᠰᠤᠨ ᠵᠠᠮ ᠨᠢ ᠰᠤᠨᠤᠯᠵᠠᠨ ᠨᠡᠪᠲᠡᠷᠡᠵᠦ᠂ ᠰᠣᠶᠣᠯ ᠎ᠤ᠋ᠨ ᠶᠡᠬᠡ ᠬᠦᠷᠢᠶᠡᠨ ᠎ᠳ᠋ᠦ᠍ ᠪᠠᠢᠨ ᠪᠠᠢᠨ ᠪᠠᠶᠠᠷᠯᠠᠨ ᠢᠨᠢᠶᠡᠯᠳᠦᠬᠦ ᠳᠠᠭᠤᠨ ᠰᠣᠨᠣᠰᠳᠠᠵᠤ᠂  ᠲᠡᠦᠬᠡ ᠎ᠶᠢᠨ ᠲᠠᠩᠬᠢᠮ ᠎ᠳ᠋ᠤ᠌ ᠳᠡᠯᠭᠡᠨ ᠦᠵᠡᠭᠦᠯᠵᠦ ᠪᠠᠢᠭ᠎ᠠ ᠱᠠᠩᠨᠠᠯ᠎ᠤ᠋ᠨ ᠫᠠᠢᠰᠠ ᠨᠢ ᠲᠣᠰᠬᠣᠨ᠎ᠤ᠋ ᠢᠷᠠᠭᠤ ᠠᠯᠳᠠᠷ ᠎ᠢ᠋ ᠨᠠᠮ ᠵᠢᠮᠬᠡᠨ ᠰᠢᠪᠡᠨᠡᠵᠦ ᠪᠠᠢᠯ᠎ᠠ᠃

ᠡᠨᠡ ᠬᠦ᠌ ᠬᠤᠪᠢᠷᠠᠯᠲᠠ᠎ᠶ᠋ᠢᠨ ᠠᠷᠤ ᠎ᠳ᠋ᠤ᠌᠂ ᠦᠵᠡᠯ ᠰᠠᠨᠠᠭ᠎ᠠ ᠤᠯᠤᠰ ᠲᠥᠷᠥ᠎ᠶ᠋ᠢᠨ ᠲᠠᠯ᠎ᠠ᠎ᠪᠠᠷ ᠴᠢᠩᠭ᠎ᠠ᠂ ᠠᠵᠢᠯ ᠬᠢᠬᠦ ᠬᠠᠯᠠᠭᠤᠨ ᠰᠡᠳᠬᠢᠯᠭᠡ ᠥᠨᠳᠥᠷ᠂ ᠠᠵᠢᠯ᠎ᠤ᠋ᠨ ᠴᠢᠳᠠᠪᠤᠷᠢ ᠳᠣᠪᠣᠢᠮ᠎ᠠ᠂ ᠣᠯᠠᠨ ᠲᠦᠮᠡᠨ᠎ᠦ᠌ ᠬᠠᠨᠤᠮᠵᠢ᠎ᠶᠢᠨ ᠬᠡᠮᠵᠢᠶ᠎ᠡ ᠥᠨᠳᠥᠷ ᠨᠢᠭᠡᠨ ᠠᠩᠬᠢ ᠦᠨᠳᠦᠰᠦᠨ ᠱᠠᠲᠤᠨ᠎ᠤ᠋ ᠨᠠᠮ᠎ᠤ᠋ᠨ ᠵᠣᠬᠢᠶᠠᠨ ᠪᠠᠢᠭᠤᠯᠤᠯᠲᠠ — ᠰᠧ ᠢ ᠳᠠᠩ ᠲᠣᠰᠬᠣᠨ᠎ᠤ᠋ ᠨᠠᠮ ᠎ᠤ᠋ᠨ ᠡᠭᠦᠷ ᠲᠤᠯᠭᠠᠭᠤᠷᠢᠯᠠᠵᠤ ᠪᠠᠢᠳᠠᠭ᠃ ᠲᠡᠳᠡ 《ᠬᠤᠪᠢᠰᠬᠠᠯᠲᠤ ᠬᠥᠳᠡᠯᠭᠡᠭᠦᠷ》 ᠦ᠋ᠨ ᠬᠦᠴᠦᠲᠡᠢ ᠦᠢᠯᠡᠳᠦᠯ᠎ᠢ᠋ᠶ᠋ᠡᠷ ᠪᠦᠬᠦ ᠲᠣᠰᠬᠣᠨ᠎ᠢ᠋ᠶ᠋ᠠᠨ ᠳᠠᠢᠴᠢᠯᠠᠨ ᠶᠠᠳᠠᠭᠤ ᠬᠦᠴᠢᠷᠳᠡᠯ᠎ᠡᠴᠡ ᠪᠠᠶᠠᠨ ᠴᠢᠨᠡᠭᠡᠯᠢᠭ ᠪᠣᠯᠵᠤ᠂ ᠬᠣᠴᠣᠷᠤᠩᠭᠤᠢ᠎ᠠ᠋ᠴᠠ ᠲᠡᠷᠢᠭᠦᠨ᠎ᠦ᠌ ᠬᠥᠭᠵᠢᠯ ᠪᠠᠳᠠᠷᠠᠯ᠎ᠤ᠋ᠨ ᠵᠠᠮ᠎ᠢ᠋ᠶ᠋ᠠᠷ ᠵᠠᠮᠨᠠᠭᠰᠠᠨ ᠪᠠᠢᠨ᠎ᠠ᠃

ᠠᠮᠢᠯᠠᠯᠲᠠ᠄ 《 ᠲᠣᠳᠣᠷᠬᠠᠢ ᠳᠠᠩᠰᠠ 》 ᠠ᠋ᠴᠠ 《 ᠰᠡᠳᠬᠢᠯ᠎ᠢ᠋ᠶ᠋ᠡᠨ ᠬᠣᠯᠪᠣᠬᠤ 》 ᠪᠣᠯᠤᠭᠰᠠᠨ ᠦᠵᠡᠯ ᠰᠠᠨᠠᠭᠠᠨ᠎ᠤ᠋ ᠳᠠᠭᠠᠭᠤᠯᠭ᠎ᠠ

《ᠡᠨᠡ ᠪᠣᠯ ᠮᠠᠨ᠎ᠤ᠋ ᠲᠠᠷᠢᠶᠠᠨ ᠭᠠᠵᠠᠷ᠎ᠤ᠋ᠨ ᠬᠦᠴᠦ ᠰᠢᠮ᠎ᠡ᠎ᠶ᠋ᠢ ᠬᠠᠮᠠᠭᠠᠯᠠᠬᠤ ᠨᠥᠬᠥᠪᠥᠷᠢ᠂ ᠡᠨᠡ ᠪᠣᠯ ᠪᠠᠢᠭᠠᠯᠢ᠎ᠶ᠋ᠢᠨ ᠭᠠᠮᠰᠢᠭ᠎ᠠ᠋ᠴᠠ ᠠᠪᠤᠷᠠᠨ ᠲᠤᠰᠠᠯᠠᠬᠤ ᠪᠡᠯᠡ ᠮᠥᠩᠭᠥ ᠪᠣᠯᠤᠨ᠎ᠠ᠂ ᠡᠳᠡᠭᠡᠷ᠎ᠢ᠋ ᠨᠡᠮᠡᠪᠡᠯ ᠳᠠᠷᠤᠢ ᠲᠠᠨ᠎ᠤ᠋ ᠭᠡᠷ᠎ᠦ᠋ᠨ ᠪᠣᠢ ᠪᠦᠬᠦᠢ ᠨᠥᠬᠥᠪᠥᠷᠢ᠎ᠶ᠋ᠢᠨ ᠨᠡᠢᠯᠡᠪᠦᠷᠢ ᠪᠣᠯᠤᠨ᠎ᠠ》10 ᠰᠠᠷ᠎ᠠ᠎ᠶ᠋ᠢᠨ 23᠎ᠤ᠋ ᠡᠳᠦᠷ᠂ ᠰᠧ ᠢ ᠳᠠᠩ ᠲᠣᠰᠬᠣᠨ᠎ᠤ᠋ ᠬᠣᠶᠠᠷ ᠵᠥᠪᠯᠡᠯ᠎ᠦ᠋ᠨ ᠭᠡᠰᠢᠭᠦᠨ ᠡᠷᠦᠬᠡ ᠳᠠᠷᠠᠭᠠᠯᠠᠨ ᠲᠣᠰᠬᠣᠨ᠎ᠤ᠋ ᠠᠷᠠᠳ᠎ᠤ᠋ᠨ︽ᠲᠣᠳᠣᠷᠬᠠᠢ ᠳᠠᠩᠰᠠ︾ᠶ᠋ᠢ ᠪᠣᠳᠣᠵᠤ ᠦᠭᠪᠡ᠃

《〈ᠲᠣᠳᠣᠷᠬᠠᠢ ᠳᠠᠩᠰᠠ〉 ᠶ᠋ᠢᠨ ᠳᠡᠪᠲᠡᠷ ᠨᠢ ᠲᠣᠩ ᠬᠡᠷᠡᠭᠴᠡᠭᠡ᠎ᠲᠡᠢ ᠪᠠᠢᠨ᠎ᠠ᠂ ᠶᠠᠮᠠᠷ ᠨᠥᠬᠥᠪᠥᠷᠢ ᠦᠭᠭᠦᠭᠰᠡᠨ᠂ ᠬᠡᠳᠦᠢ ᠵᠣᠭᠣᠰ ᠲᠠᠷᠬᠠᠭᠠᠭᠰᠠᠨ ᠭᠡᠳᠡᠭ᠎ᠢ᠋ ᠪᠦᠷ ᠲᠣᠪ ᠲᠣᠳᠣᠷᠬᠠᠢ ᠪᠢᠴᠢᠪᠡ᠃ ᠮᠠᠨ᠎ᠤ᠋ ᠲᠣᠰᠬᠣᠨ᠎ᠤ᠋ ᠬᠠᠯᠠᠮᠵᠢ᠎ᠶᠢᠨ ᠲᠦᠷᠦᠯ ᠵᠦᠢᠯ ᠮᠠᠰᠢ ᠣᠯᠠᠨ ᠪᠠᠢᠳᠠᠭ᠂ ᠤᠰᠤᠨ᠎ᠤ᠋ ᠵᠠᠷᠤᠳᠠᠯ᠂ ᠡᠷᠡᠭᠦᠯ ᠬᠠᠮᠠᠭᠠᠯᠠᠯ᠎ᠤ᠋ᠨ ᠵᠠᠷᠤᠳᠠᠯ᠎ᠢ᠋ ᠪᠦᠷ ᠲᠣᠰᠬᠣᠨ᠎ᠤ᠋ ᠬᠠᠮᠲᠤ ᠨᠡᠢᠲᠡ᠎ᠡᠴᠡ ᠣᠷᠣᠯᠠᠨ ᠲᠤᠰᠢᠶᠠᠵᠤ᠂ ᠪᠢᠳᠡᠨ᠎ᠳ᠋ᠦ᠍ ᠪᠠᠰᠠ ᠨᠦᠬᠦᠪᠦᠷᠢ ᠲᠠᠢ ᠪᠡᠷ ᠠᠭᠠᠷ᠎ᠤᠨ ᠡᠨᠧᠷᠬᠢ᠎ᠶᠢᠨ ᠢᠯᠴᠢ ᠬᠠᠩᠭᠠᠬᠤ ᠰᠢᠰᠲ᠋ᠧᠮ ᠪᠠ ᠪᠣᠬᠢᠷ ᠤᠰᠤ ᠰᠢᠢᠳᠪᠦᠷᠢᠯᠡᠬᠦ ᠬᠣᠭᠣᠯᠠᠢ ᠤᠭᠰᠠᠷᠠᠵᠤ ᠥᠭᠭᠦᠭᠰᠡᠨ ᠶᠤᠮ᠃ ᠨᠠᠮ᠎ᠤ᠋ᠨ ᠡᠭᠦᠷ᠎ᠦ᠋ᠨ ᠳᠠᠭᠠᠭᠤᠯᠭ᠎ᠠ ᠳᠣᠣᠷ᠎ᠠ᠂ ᠪᠢᠲᠡᠨ᠎ᠤ᠋ ᠠᠮᠢᠳᠤᠷᠠᠯ᠎ᠤ᠋ᠨ ᠨᠥᠬᠥᠴᠡᠯ ᠤᠯᠠᠮ᠎ᠠ᠋ᠴᠠ ᠤᠯᠠᠮ ᠰᠠᠢᠨ ᠪᠣᠯᠵᠤ᠂ ᠵᠣᠯ ᠵᠢᠷᠭᠠᠯ᠎ᠤ᠋ᠨ ᠲᠦᠷᠦᠭᠳᠡᠯ ᠴᠦ᠍ ᠤᠯᠠᠮ᠎ᠠ᠋ᠴᠠ ᠤᠯᠠᠮ ᠥᠨᠳᠥᠷ ᠪᠣᠯᠵᠤ ᠪᠠᠢᠨ᠎ᠠ》 ᠭᠡᠵᠦ ᠲᠣᠰᠬᠣᠨ᠎ᠤ᠋ ᠠᠷᠠᠳ ᠾᠧ ᠫᠢᠩ ᠰᠡᠳᠬᠢᠯ ᠳᠣᠭᠳᠣᠯᠤᠨ ᠶᠠᠷᠢᠨ᠎ᠠ᠃

ᠲᠣᠰᠬᠣᠨ᠎ᠤ᠋ ᠲᠡᠦᠬᠡ ᠎ᠶ᠋ᠢᠨ ᠲᠠᠩᠬᠢᠮ ᠎ᠤᠨ 《ᠲᠡᠮᠡᠴᠡᠭᠴᠢ᠎ᠶᠢᠨ ᠬᠠᠨ᠎ᠠ》 ᠵᠢᠨ ᠡᠮᠦᠨ᠎ᠡ᠂ ᠨᠠᠮ᠎ᠤ᠋ᠨ ᠡᠭᠦᠷ᠎ᠦ᠋ᠨ ᠱᠦᠵᠢ ᠴᠢ ᠶᠤᠸᠠᠢ ᠹᠧᠢ ᠦᠷᠭᠦᠯᠵᠢ ᠢᠷᠡᠭᠰᠡᠨ ᠵᠤᠴᠢᠳ᠎ᠲᠦ᠍ ᠨᠢᠭᠡ ᠬᠤᠪᠢ ᠭᠡᠷᠡᠯ ᠵᠢᠷᠤᠭ᠎ᠤ᠋ᠨ ᠠᠷᠤ᠎ᠳ᠋ᠠᠬᠢ ᠦᠯᠢᠭᠡᠷ᠎ᠢ᠋ ᠶᠠᠷᠢᠵᠤ ᠥᠭᠳᠡᠭ᠄ 2012 ᠣᠨ᠎ᠳ᠋ᠤ᠌᠂ ᠲᠣᠰᠬᠣᠨ᠎ᠤ᠋ ᠠᠷᠠᠳ ᠰᠢᠪᠠᠷ ᠱᠠᠯᠴᠢᠭ᠎ᠲᠠᠢ ᠵᠠᠮ᠎ᠢ᠋ᠶ᠋ᠠᠷ ᠡᠷᠳᠡᠨᠢ ᠰᠢᠰᠢ ᠵᠥᠭᠡᠭᠡᠪᠦᠷᠢᠯᠡᠵᠦ ᠪᠠᠢᠪᠠ᠂ ᠣᠳᠣ ᠲᠠᠷᠠ ᠨᠢ ᠨᠢᠭᠡᠨᠲᠡ ᠠᠭᠤᠵᠢᠮ ᠶᠡᠬᠡ ᠲᠤᠰᠤᠨ ᠵᠠᠮ ᠪᠣᠯᠵᠤ ᠬᠤᠪᠢᠷᠠᠪᠠ᠃ 《ᠰᠠᠢᠨ ᠠᠮᠢᠳᠤᠷᠠᠯ ᠎ᠢ ᠨᠠᠮ᠎ᠠ᠋ᠴᠠ ᠦᠭᠭᠦᠭᠰᠡᠨ᠂ ᠲᠣᠰᠬᠣᠨ ᠎ᠤ᠋ ᠠᠷᠠᠳ ᠡᠷᠬᠡᠪᠰᠢ ᠪᠠᠲᠤ ᠴᠡᠭᠡᠵᠢᠯᠡᠭᠦ ᠬᠡᠷᠡᠭᠲᠡᠢ︕》 ᠡᠭᠦᠨ᠎ᠤ ᠲᠤᠯᠠᠳᠠ ᠲᠣᠰᠬᠣᠨ ᠎ᠤ᠋ ᠨᠠᠮ᠎ᠤ᠋ᠨ ᠡᠭᠦᠷ ᠪᠡᠯᠡ ᠣᠷᠣᠭᠤᠯᠤᠨ ᠲᠣᠰᠬᠣᠨ᠎ᠤ᠋ ᠲᠡᠦᠬᠡ᠎ᠶ᠋ᠢᠨ ᠲᠠᠩᠬᠢᠮ᠎ᠢ᠋ ᠪᠠᠢᠭᠤᠯᠵᠤ᠂ ᠵᠢᠷᠤᠭ ᠦᠰᠦᠭ᠎ᠦ᠋ᠨ ᠲᠠᠨᠢᠯᠴᠠᠭᠤᠯᠭ᠎ᠠ᠂ ᠰᠢᠨ᠎ᠡ ᠬᠠᠭᠤᠴᠢᠨ᠎ᠤ᠋ ᠬᠠᠷᠢᠴᠠᠭᠤᠯᠤᠯ᠂ ᠪᠣᠳᠠᠰ ᠎ᠤ᠋ᠨ ᠦᠵᠡᠭᠦᠯᠭᠡ ᠵᠢᠴᠢ ᠲᠤᠬᠠᠢ᠎ᠶ᠋ᠢᠨ ᠲᠠᠯᠠᠪᠠᠢ ᠎ᠶ᠋ᠢᠨ ᠲᠠᠢᠯᠤᠮᠵᠢ ᠵᠡᠷᠭᠡ ᠬᠡᠯᠪᠡᠷᠢ᠎ᠪᠡᠷ ᠰᠧ ᠢ ᠳᠠᠩ ᠲᠣᠰᠬᠣᠨ᠎ᠤ᠋ ᠯᠤᠳᠤ ᠶᠡᠬᠡ ᠬᠤᠪᠢᠷᠠᠯᠲᠠ ᠶ᠋ᠢ ᠠᠮᠢᠳᠤᠯᠢᠭ᠎ᠢ᠋ᠶ᠋ᠠᠷ ᠳᠡᠯᠭᠡᠨ ᠦᠵᠡᠭᠦᠯᠵᠡᠢ᠃ ᠡᠳᠦᠭᠡ᠂ ᠲᠤᠰ ᠲᠠᠩᠬᠢᠮ ᠨᠢ ᠨᠢᠭᠡᠨᠲᠡ ᠪᠦᠬᠦ ᠬᠤᠰᠢᠭᠤᠨ᠎ᠤ᠋ ᠤᠯᠤᠰ᠎ᠢᠶᠡᠨ ᠬᠠᠢᠷᠠᠯᠠᠬᠤ ᠰᠤᠷᠭᠠᠨ ᠬᠥᠮᠦᠵᠢᠯ᠎ᠦ᠋ᠨ ᠰᠠᠭᠤᠷᠢᠨ ᠭᠠᠵᠠᠷ ᠪᠣᠯᠵᠤ᠂ ᠵᠢᠯ ᠪᠦᠷᠢ ᠲᠦᠮᠡ ᠢᠯᠡᠭᠦᠦ ᠵᠤᠴᠢᠳ᠎ᠢ ᠬᠦᠯᠢᠶᠡᠨ ᠵᠣᠴᠢᠯᠠᠳᠠᠭ ᠪᠣᠯᠵᠠᠢ᠃

ᠰᠧ ᠢ ᠳᠠᠩ ᠲᠣᠰᠬᠣᠨ᠎ᠤ᠋ ᠨᠠᠮ᠎ᠤ᠋ᠨ ᠡᠭᠦᠷ ᠨᠢ ᠠᠬᠠᠮᠠᠳ ᠨᠠᠮ᠎ᠤ᠋ᠨ ᠭᠡᠰᠢᠭᠦᠨ᠂ ᠠᠬᠠᠮᠠᠳ ᠪᠠᠢᠯᠳᠤᠭᠴᠢ᠂ ᠠᠬᠠᠮᠠᠳ ᠺᠠᠳ᠋ᠷ᠎ᠢ᠋ᠶ᠋ᠠᠷ ᠭᠣᠣᠯ ᠴᠣᠭᠴᠠ ᠪᠣᠯᠭᠠᠨ᠂ 《ᠭᠤᠷᠪᠠ᠎ᠶ᠋ᠢ ᠬᠤᠪᠢᠶᠠᠯᠴᠠᠵᠤ ᠭᠤᠷᠪᠠ᠎ᠶ᠋ᠢ ᠶᠠᠷᠢᠬᠤ》 ᠠᠵᠢᠯᠯᠠᠭ᠎ᠠ (᠎ᠥᠩᠭᠡᠷᠡᠯᠲᠡ᠎ᠪᠡᠨ ᠬᠤᠪᠢᠶᠠᠯᠴᠠᠬᠤ᠂ ᠲᠥᠷᠥᠭᠳᠡᠯ᠎ᠢ᠋ᠶ᠋ᠡᠨ ᠬᠤᠪᠢᠶᠠᠯᠴᠠᠬᠤ᠂ ᠲᠠᠨᠢᠯᠲᠠ᠎ᠪᠠᠨ ᠬᠤᠪᠢᠶᠠᠯᠴᠠᠬᠤ᠂ ᠲᠥᠷᠥ᠎ᠶ᠋ᠢᠨ ᠪᠣᠳᠣᠯᠭ᠎ᠠ᠎ᠶ᠋ᠢ ᠶᠠᠷᠢᠬᠤ᠂ ᠬᠤᠪᠢᠷᠠᠯᠲᠠ᠎ᠶ᠋ᠢ ᠶᠠᠷᠢᠬᠤ᠂ ᠦᠯᠢᠭᠡᠷ ᠶᠠᠷᠢᠬᠤ ) ᠎ᠶ᠋ᠢ ᠪᠠᠢᠩᠭᠤ ᠵᠣᠬᠢᠶᠠᠨ ᠪᠠᠢᠭᠤᠯᠤᠨ ᠥᠷᠨᠢᠭᠦᠯᠵᠦ᠂ ᠳᠡᠷᠭᠡᠳᠡᠬᠢ ᠬᠥᠮᠦᠰ᠎ᠦ᠋ᠨ ᠦᠢᠯᠡ ᠠᠵᠢᠯᠯᠠᠭ᠎ᠠ᠎ᠪᠠᠷ ᠬᠥᠮᠦᠨ᠎ᠢ᠋ ᠬᠥᠮᠦᠵᠢᠭᠦᠯᠵᠦ᠂ ᠬᠥᠮᠦᠨ᠎ᠢ᠋ ᠳᠠᠢᠴᠢᠯᠠᠨ᠂ ᠬᠥᠮᠦᠰ᠎ᠢ᠋ ᠨᠦᠯᠦᠭᠡᠯᠡᠨ᠎ᠡ᠃ ᠴᠠᠷᠭᠢᠯ ᠬᠣᠯᠪᠣᠭ᠎ᠠ ᠨᠠᠢᠷᠠᠭᠤᠯᠤᠨ ᠵᠣᠬᠢᠶᠠᠬᠤ᠂ ᠨᠠᠮ᠎ᠤ᠋ᠨ ᠬᠢᠴᠢᠶᠡᠯ ᠵᠢᠭᠠᠬᠤ ᠵᠡᠷᠭᠡ ᠬᠡᠯᠪᠡᠷᠢ᠎ᠪᠡᠷ ᠲᠠᠮᠵᠢᠭᠤᠯᠤᠨ ᠭᠡᠷ᠎ᠤᠨ ᠬᠦᠷᠢᠶ᠎ᠡ᠂ ᠰᠡᠯᠡᠭᠦᠴᠡᠯ᠎ᠤᠨ ᠬᠤᠩᠭᠢᠯ ᠵᠡᠷᠭᠡ᠎ᠵᠢ ᠰᠤᠷᠭᠠᠨ ᠬᠥᠮᠦᠵᠢᠯ᠎ᠦ᠋ᠨ ᠬᠢᠴᠢᠶᠡᠯ᠎ᠦ᠋ᠨ ᠲᠠᠩᠬᠢᠮ ᠪᠣᠯᠭᠠᠨ᠂ ᠲᠠᠷᠢᠶᠠᠨ ᠭᠠᠵᠠᠷ᠎ᠢ᠋ ᠤᠬᠠᠭᠤᠯᠤᠨ ᠲᠠᠢᠯᠪᠤᠷᠢᠯᠠᠬᠤ ᠵᠢᠭᠰᠠᠭᠠᠯ᠎ᠤ᠋ᠨ ᠭᠠᠵᠠᠷ ᠪᠣᠯᠭᠠᠵᠤ᠂ ᠣᠯᠠᠨ ᠲᠦᠮᠡᠨ᠎ᠳ᠋ᠦ᠍ ᠵᠣᠯ ᠵᠢᠷᠭᠠᠯᠲᠤ ᠠᠮᠢᠳᠤᠷᠠᠯ᠎ᠤ᠋ᠨ ᠢᠷᠡᠯᠲᠡ ᠬᠢᠯᠪᠠᠷ ᠪᠤᠰᠤ ᠭᠡᠰᠡᠨ᠎ᠢ᠋ ᠦᠨᠡᠨ ᠬᠦ᠌ ᠣᠢᠯᠠᠭᠠᠭᠤᠯᠵᠤ᠂ 《ᠤᠰᠤ᠎ᠵᠢ ᠨᠢ ᠤᠤᠭᠤᠪᠠᠯ ᠡᠬᠢ᠎ᠵᠢ ᠨᠢ ᠰᠠᠨᠠ》 ᠭᠡᠰᠡᠨ ᠦᠵᠡᠯ ᠰᠠᠨᠠᠭᠠᠨ᠎ᠤ᠋ ᠤᠬᠠᠮᠰᠠᠷ᠎ᠢ᠋ ᠨᠢ ᠨᠡᠮᠡᠭᠳᠡᠭᠦᠯᠦᠨ᠎ᠡ᠃

ᠰᠡᠷᠭᠦᠯᠲᠡ᠄ 《ᠲᠤᠷᠰᠢᠯᠲᠠ᠎ᠶ᠋ᠢᠨ ᠲᠠᠷᠢᠶ᠎ᠠ》 ᠠ᠋ᠴᠠ 《ᠬᠠᠮᠲᠤ ᠪᠠᠷ ᠪᠠᠶᠠᠵᠢᠬᠤ ᠭᠡᠯᠭᠢᠶ᠎ᠠ》 ᠪᠣᠯᠤᠭᠰᠠᠨ ᠠᠵᠤ ᠦᠢᠯᠡᠰ᠎ᠤᠨ ᠰᠢᠪᠲᠤᠯᠤᠯᠲᠠ

《ᠨᠠᠮ᠎ᠤ᠋ᠨ ᠭᠡᠰᠢᠭᠦᠨ᠎ᠦ᠌ ᠲᠠᠷᠢᠶ᠎ᠠ ᠵᠠᠪᠠᠯ ᠤᠷᠢᠳ ᠵᠢᠡᠷ ᠤᠯᠠᠢᠬᠤ ᠬᠡᠷᠡᠭᠲᠡᠢ︕》2018 ᠣᠨ᠎ᠳ᠋ᠤ᠌ ᠤᠯᠠᠮᠵᠢᠯᠠᠯᠲᠤ ᠡᠷᠳᠡᠨᠢ ᠰᠢᠰᠢ᠎ᠶ᠋ᠢᠨ ᠲᠠᠷᠢᠮᠠᠯ᠎ᠤ᠋ᠨ ᠦᠷ᠎ᠡ ᠠᠰᠢᠭ ᠳᠣᠣᠷ᠎ᠠ᠂ ᠤᠰᠤ ᠠᠷᠪᠢᠯᠠᠬᠤ ᠲᠥᠷᠥ᠎ᠶ᠋ᠢᠨ ᠪᠣᠳᠣᠯᠭ᠎ᠠ ᠪᠡᠷ ᠰᠢᠮᠳᠠᠭᠤᠯᠤᠨ ᠬᠡᠯᠪᠡᠷᠢ ᠪᠠᠨ ᠬᠤᠪᠢᠷᠠᠭᠤᠯᠬᠤ ᠳᠠᠪᠬᠤᠷ ᠳᠠᠷᠤᠯᠲᠠ᠎ᠶ᠋ᠢᠨ ᠡᠮᠦᠨ᠎ᠡ᠂ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠴᠢ ᠶᠤᠸᠠᠢ ᠹᠧᠢ ᠨᠠᠮ᠎ᠤ᠋ᠨ ᠭᠡᠰᠢᠭᠦᠳ᠎ᠦ᠋ᠨ ᠶᠡᠬᠡ ᠬᠤᠷᠠᠯ ᠳᠡᠭᠡᠷ᠎ᠡ ᠡᠷᠡᠰ ᠰᠢᠭᠤᠷᠬᠠᠢ᠎ᠪᠠᠷ᠄︽ᠪᠠᠳᠤᠯᠠᠭ᠎ᠠ ᠦᠭᠡᠢ ᠤᠴᠢᠷ ᠲᠤᠬᠢᠶᠠᠯᠳᠤᠪᠠᠯ ᠨᠠᠮ ᠎ᠤ᠋ᠨ ᠭᠡᠰᠢᠭᠦᠨ ᠤᠷᠢᠳ ᠵᠢᠠᠷ ᠬᠦᠳᠡᠯᠦᠶ᠎ᠡ︾ᠭᠡᠰᠡᠨ ᠰᠢᠢᠳᠪᠦᠷᠢ ᠭᠠᠷᠭᠠᠪᠠ᠃ ᠢᠩᠭᠢᠭᠡᠳ ᠨᠠᠮ᠎ᠤ᠋ᠨ ᠭᠡᠰᠢᠭᠦᠨ ᠺᠠᠳ᠋ᠷᠴᠤᠳ ᠲᠡᠷᠢᠭᠦᠯᠡᠨ 1000 ᠮᠦ᠍ 《ᠲᠤᠷᠰᠢᠯᠲᠠ᠎ᠶ᠋ᠢᠨ ᠲᠠᠷᠢᠶ᠎ᠠ》 ᠭᠠᠷᠭᠠᠨ ᠯᠠᠵᠤᠤ ᠎ᠶᠢᠨ ᠲᠥᠷᠥᠯ ᠵᠦᠢᠯ ᠎ᠢ᠋ ᠲᠤᠷᠰᠢᠨ ᠳᠠᠷᠢᠵᠠᠢ᠃ ᠲᠤᠬᠠᠢ᠎ᠶ᠋ᠢᠨ ᠵᠢᠯ᠂ ᠰᠧ ᠢ ᠳᠠᠩ ᠲᠣᠰᠬᠣᠨ᠎ᠤ᠋ ᠨᠠᠮ᠎ᠤ᠋ᠨ ᠡᠭᠦᠷ ᠨᠢ ᠪᠠᠰᠠ ᠬᠠᠮᠲᠤ ᠨᠡᠢᠲᠡ᠎ᠶ᠋ᠢᠨ ᠨᠡᠷ᠎ᠡ᠎ᠪᠡᠷ ᠰᠤᠯᠠ ᠲᠠᠯᠪᠢᠭᠳᠠᠵᠤ ᠪᠠᠢᠭ᠎ᠠ ᠰᠤᠷᠭᠠᠭᠤᠯᠢ᠎ᠶ᠋ᠢᠨ ᠪᠠᠢᠷᠢ᠎ᠶ᠋ᠢ ᠰᠢᠨᠡᠳᠬᠡᠨ ᠥᠭᠡᠷᠡᠴᠢᠯᠡᠵᠦ᠂ ᠲᠣᠰᠬᠣᠨ᠎ᠠ᠋ᠴᠠ ᠡᠷᠬᠢᠯᠡᠭᠰᠡᠨ ᠠᠵᠤ ᠠᠬᠤᠢᠯᠠᠯ ᠪᠤᠯᠬᠤ ᠢ ᠳᠠᠩ ᠬᠤᠩ ᠢᠳᠡᠭᠡᠨ᠎ᠦ᠌ ᠬᠢᠵᠠᠭᠠᠷᠲᠤ ᠺᠣᠮᠫᠠᠨᠢ᠎ᠶ᠋ᠢ ᠪᠠᠢᠭᠤᠯᠵᠤ᠂ ︽ᠢ ᠳᠠᠩ ᠬᠣᠩ︾ᠨᠡᠷᠡᠲᠦ ᠲᠡᠮᠳᠡᠭ ᠎ᠢ᠋ ᠳᠠᠩᠰᠠᠯᠠᠵᠤ᠂ ᠰᠢᠨ᠎ᠡ ᠰᠣᠷᠭᠣᠭ ᠯᠠᠵᠤᠤ᠎ᠶᠢᠨ ᠡᠭᠡᠳᠡᠩ ᠨᠠᠢᠷᠠᠭᠤᠯᠬᠤ᠎ᠪᠠᠷ ᠭᠣᠣᠯ ᠪᠣᠯᠭᠠᠭᠰᠠᠨ ᠣᠷᠣᠨ ᠨᠤᠲᠤᠭ᠎ᠤ᠋ᠨ ᠣᠨᠴᠠᠯᠢᠭᠲᠤ ᠴᠣᠯ ᠬᠥᠳᠡᠭᠡ ᠠᠢᠯ᠎ᠤ᠋ᠨ ᠢᠳᠡᠭᠡᠨ᠎ᠦ᠌ ᠵᠦᠢᠯ ᠎ᠢ᠋ ᠦᠢᠯᠡᠳᠪᠦᠷᠢᠯᠡᠵᠦ᠂ ᠠᠵᠤ ᠦᠢᠯᠡᠰ᠎ᠦ᠋ᠨ ᠬᠡᠯᠬᠢᠶ᠎ᠡ ᠪᠠᠨ ᠤᠯᠠᠮ ᠨᠢᠭᠡ ᠠᠯᠬᠤᠮ ᠤᠷᠲᠤᠳᠬᠠᠵᠠᠢ᠃

《ᠨᠠᠮ᠎ᠤ᠋ᠨ ᠭᠡᠰᠢᠭᠦᠨ᠎ᠦ᠌ ᠲᠠᠷᠢᠶᠠᠨ ᠭᠠᠵᠠᠷ᠎ᠲᠤ ᠯᠠᠵᠤᠤ ᠰᠠᠢᠬᠠᠨ ᠤᠷᠭᠤᠭᠰᠠᠨ᠎ᠢ ᠦᠵᠡᠮᠡᠭᠴᠡ ᠲᠣᠰᠬᠣᠨ᠎ᠤ᠋ ᠠᠷᠠᠳ᠎ᠤ᠋ᠨ ᠰᠡᠳᠬᠢᠯ ᠨᠢ ᠲᠠᠢᠪᠤᠰᠢᠷᠠᠪᠠ》 ᠭᠡᠵᠦ ᠴᠢ ᠶᠤᠸᠠᠢ ᠹᠧᠢ ᠡᠷᠭᠢᠴᠡᠭᠦᠯᠦᠨ ᠬᠡᠯᠡᠨ᠎ᠡ᠃ 2021 ᠣᠨ ᠪᠤᠯᠬᠤ᠎ᠳ᠋ᠤ᠌᠂ 1.5 ᠲᠦᠮᠡᠨ ᠮᠦ᠍ ᠯᠠᠵᠤᠤ᠎ᠶᠢᠨ ᠲᠠᠷᠢᠢ᠎ᠠ ᠲᠤᠰᠬᠤᠨ᠎ᠤ ᠲᠠᠷᠢᠶᠠᠨ ᠭᠠᠵᠠᠷ ᠎ᠢ ᠴᠢᠮᠡᠵᠦ᠂ ᠰᠧ ᠢ ᠳᠠᠩ ᠲᠣᠰᠬᠣᠨ ᠪᠦᠬᠦ ᠤᠯᠤᠰ᠎ᠤ᠋ᠨ︽ᠨᠢᠭᠡ ᠲᠣᠰᠬᠣᠨ ᠨᠢᠭᠡ ᠲᠥᠷᠥᠯ ᠲᠡᠮᠳᠡᠭ︾ ᠦ᠋ᠨ ᠵᠢᠱ᠌ᠢᠶᠡᠴᠢ ᠲᠣᠰᠬᠣᠨ ᠪᠠᠯᠭᠠᠰᠤ᠎ᠶ᠋ᠢᠨ ᠱᠠᠩᠨᠠᠯ ᠎ᠢ᠋ ᠬᠦᠷᠲᠡᠵᠡᠢ᠂ ᠭᠡᠪᠡᠴᠦ ᠨᠠᠮ᠎ᠤ᠋ᠨ ᠡᠭᠦᠷ ᠡᠨᠳᠡ ᠬᠦᠷᠦᠭᠡᠳ ᠠᠯᠬᠤᠮ᠎ᠢᠶᠡᠨ ᠵᠤᠭᠰᠤᠭᠠᠭᠰᠠᠨ ᠦᠭᠡᠢ᠃ 2022 ᠣᠨ᠎ᠤ᠋ ᠡᠬᠢ᠎ᠪᠡᠷ᠂ ᠰᠧ ᠢ ᠳᠠᠩ ᠲᠣᠰᠬᠣᠨ᠎ᠤ᠋ ᠨᠠᠮ᠎ᠤ᠋ᠨ ᠡᠭᠦᠷ ᠤᠷᠠᠳ᠎ᠤ᠋ᠨ ᠳᠤᠮᠳᠠᠳᠤ ᠬᠤᠰᠢᠭᠤᠨ᠎ᠤ᠋ ᠵᠦᠩ ᠶᠤᠸᠠᠢ ᠲᠠᠷᠢᠶᠠᠯᠠᠩ ᠮᠠᠯ ᠠᠵᠤ ᠠᠬᠤᠢ᠎ᠶ᠋ᠢᠨ ᠲᠤᠰᠬᠠᠢ ᠬᠣᠷᠰᠢᠶᠠᠵᠢᠯ᠎ᠢ ᠡᠷᠬᠢᠯᠡᠨ ᠪᠠᠢᠭᠤᠯᠵᠤ᠂ ᠨᠠᠮ᠎ᠤ᠋ᠨ ᠡᠭᠦᠷ ᠪᠠ ᠨᠠᠮ᠎ᠤ᠋ᠨ ᠭᠡᠰᠢᠭᠦᠳ ᠲᠡᠷᠢᠭᠦᠯᠡᠨ ᠬᠤᠪᠢ ᠣᠷᠣᠭᠤᠯᠵᠤ᠂ 292 ᠡᠷᠦᠬᠡ ᠣᠯᠠᠨ ᠲᠦᠮᠡᠨ᠎ᠢ᠋ ᠳᠠᠢᠴᠢᠯᠠᠨ 471.1 ᠲᠦᠮᠡᠨ ᠲᠥᠭᠥᠷᠢᠭ᠎ᠦ᠋ᠨ ᠬᠤᠪᠢ ᠣᠷᠣᠭᠤᠯᠪᠠ᠃ ᠭᠠᠵᠠᠷ ᠰᠢᠷᠣᠢ᠎ᠶᠢᠨ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠦᠨ ᠲᠠᠷᠢᠶ᠎ᠠ ᠲᠠᠷᠢᠬᠤ᠂ ᠭᠦᠨᠵᠡᠭᠡᠢ ᠪᠣᠯᠪᠠᠰᠤᠷᠠᠭᠤᠯᠦᠨ ᠥᠷᠲᠡᠭ᠎ᠢᠶᠡᠨ ᠨᠡᠮᠡᠭᠳᠡᠬᠦᠯᠬᠦ ᠪᠡᠷ ᠲᠠᠮᠵᠢᠨ᠂ ᠲᠤᠬᠠᠢ᠎ᠶᠢᠨ ᠵᠢᠯ᠎ᠦ᠋ᠨ ᠠᠰᠢᠭ ᠣᠷᠣᠯᠭ᠎ᠠ ᠨᠢ 335 ᠲᠦᠮᠡᠨ ᠲᠥᠭᠥᠷᠢᠭ᠎ᠲᠦ᠍ ᠬᠦᠷᠴᠦ᠂ ᠬᠤᠪᠢ ᠣᠷᠣᠭᠰᠠᠨ ᠲᠣᠰᠬᠣᠨ᠎ᠤ᠋ ᠠᠷᠠᠳ 234.05 ᠲᠦᠮᠡᠨ ᠲᠥᠭᠥᠷᠢᠭ᠎ᠦ᠋ᠨ ᠠᠰᠢᠭ ᠬᠤᠪᠢᠶᠠᠵᠤ᠂ ᠬᠤᠪᠢ ᠪᠦᠷᠢ᠎ᠶ᠋ᠢᠨ ᠠᠰᠢᠭ 500 ᠲᠥᠭᠥᠷᠢᠭ᠎ᠲᠦ᠍ ᠬᠦᠷᠴᠦ᠂ ᠬᠤᠪᠢ ᠣᠷᠣᠭᠤᠯᠤᠭᠰᠠᠨ ᠬᠠᠷᠢᠭᠤ ᠠᠰᠢᠭ ᠨᠢ 50% ᠳ᠋ᠤ᠌ ᠬᠦᠷᠴᠡᠢ᠃ ᠣᠳᠣ ᠪᠣᠯᠲᠠᠯ᠎ᠠ᠂ ᠬᠣᠷᠰᠢᠶᠠᠨ᠎ᠠ᠋ᠴᠠ ᠪᠡᠯᠡ ᠪᠠᠨ ᠨᠡᠮᠡᠭᠳᠡᠭᠦᠯᠦᠨ ᠬᠤᠪᠢ ᠣᠷᠣᠭᠤᠯᠤᠯᠲᠠ᠎ᠶ᠋ᠢ ᠥᠷᠭᠡᠳᠬᠡᠬᠦ ᠪᠡᠷ ᠲᠠᠮᠵᠢᠨ ᠬᠤᠪᠢ ᠤᠷᠤᠭᠤᠯᠤᠭᠰᠠᠨ ᠡᠷᠦᠭᠡ ᠨᠢ 420 ᠡᠷᠦᠬᠡ᠎ᠳ᠋ᠦ᠍ ᠬᠦᠷᠴᠦ᠂ 703.2 ᠲᠦᠮᠡᠨ ᠲᠥᠭᠥᠷᠢᠭ᠎ᠦ᠋ᠨ ᠪᠡᠯᠡ ᠮᠥᠩᠭᠥ ᠬᠤᠷᠠᠮᠳᠤᠭᠤᠯᠵᠠᠢ᠃

︽ᠡᠨᠡ ᠵᠢᠯ᠎ᠦ᠋ᠨ ᠡᠬᠢᠨ ᠪᠣᠯᠲᠠᠯ᠎ᠠ᠂ ᠬᠤᠪᠢ ᠣᠷᠣᠭᠤᠯᠤᠭᠰᠠᠨ ᠬᠠᠷᠢᠭᠤ ᠠᠰᠢᠭ ᠨᠢ 90% ᠳ᠋ᠤ᠌ ᠬᠦᠷᠴᠦ᠂ ᠵᠢᠯ᠎ᠦ᠋ᠨ ᠰᠡᠭᠦᠯᠴᠢ᠎ᠪᠡᠷ ᠪᠠᠷᠤᠭ 100% ᠳ᠋ᠦ᠍ ᠬᠦᠷᠬᠦ ᠪᠣᠯᠤᠨ᠎ᠠ᠃ ᠡᠭᠦᠨ᠎ᠡᠴᠡ ᠭᠠᠳᠠᠨ᠎ᠠ᠂ ᠪᠢᠳᠡ ᠪᠠᠰᠠ 2 ᠲᠣᠰᠬᠣᠨ ᠡᠴᠡ ᠡᠷᠬᠢᠯᠡᠭᠰᠡᠨ ᠠᠵᠤ ᠠᠬᠤᠢᠯᠠᠯ᠎ᠢ᠋ ᠨᠡᠮᠡᠨ ᠪᠠᠢᠭᠤᠯᠵᠤ᠂ ᠡᠷᠳᠡᠨᠢ ᠰᠢᠰᠢ ᠬᠠᠲᠠᠭᠠᠬᠤ ᠦᠢᠯᠡᠳᠪᠦᠷᠢ᠂ ᠡᠰᠢ ᠰᠦᠷᠡᠯ ᠳᠠᠷᠤᠬᠤ ᠦᠢᠯᠡᠳᠪᠦᠷᠢ ᠵᠡᠷᠭᠡ 2 ᠠᠵᠤ ᠠᠬᠤᠢᠯᠠᠯ ᠎ᠢ᠋ ᠣᠷᠣᠭᠤᠯᠤᠨ ᠠᠪᠴᠢᠷᠠᠵᠤ᠂ ᠲᠣᠰᠬᠣᠨ᠎ᠤ᠋ ᠬᠠᠮᠲᠤ᠎ᠶ᠋ᠢᠨ ᠠᠵᠤ ᠠᠬᠤᠢ᠎ᠶ᠋ᠢ ᠲᠠᠰᠤᠷᠠᠯᠲᠠ ᠦᠭᠡᠢ ᠪᠤᠵᠠᠭᠠᠢᠷᠠᠭᠤᠯᠪᠠ︾ ᠭᠡᠵᠦ ᠲᠣᠰᠬᠣᠨ᠎ᠤ᠋ ᠨᠠᠮ᠎ᠤ᠋ᠨ ᠡᠭᠦᠷ᠎ᠦ᠋ᠨ ᠳᠡᠳ᠋ ᠱᠦᠵᠢ ᠸᠧᠢ ᠬᠠᠢ ᠲᠠᠨᠢᠯᠴᠠᠭᠤᠯᠤᠨ᠎ᠠ᠃

ᠬᠤᠪᠢᠰᠤᠯᠲᠠ᠄ 《ᠡᠮᠬᠢ ᠵᠠᠮᠪᠠᠷᠠᠭ᠎ᠠ ᠦᠭᠡᠢ》 ᠠ᠋ᠴᠠ 《ᠰᠢᠨ᠎ᠡ ᠭᠡᠷ ᠣᠷᠣᠨ》 ᠲᠠᠢ ᠪᠣᠯᠤᠭᠰᠠᠨ ᠠᠷᠠᠳ᠎ᠤ᠋ᠨ ᠠᠮᠢᠳᠤᠷᠠᠯ᠎ᠤ᠋ᠨ ᠳᠡᠭᠡᠭᠱᠢᠯᠡᠯᠲᠡ

ᠣᠢᠷ᠎ᠠ᠎ᠶ᠋ᠢᠨ ᠵᠢᠯ᠎ᠡᠴᠡ᠂ ᠲᠣᠰᠬᠣᠨ ᠎ᠤ᠋ ᠨᠠᠮ ᠎ᠤ᠋ᠨ ᠡᠭᠦᠷ︽ᠳᠥᠷᠪᠡ᠎ᠶ᠋ᠢ ᠨᠡᠪᠲᠡᠷᠡᠭᠦᠯᠵᠦ ᠨᠢᠭᠡ᠎ᠶ᠋ᠢ ᠨᠣᠭᠣᠭᠠᠷᠠᠭᠤᠯᠬᠤ︾ᠢᠨᠵᠧᠨᠧᠷᠢᠩ ᠎ᠢ᠋ ᠬᠡᠷᠡᠭᠵᠢᠭᠦᠯᠵᠦ᠂ ᠭᠤᠳᠤᠮᠵᠢ᠎ᠳ᠋ᠤ᠌ ᠬᠦᠷᠲᠡᠯ᠎ᠡ ᠬᠠᠲᠠᠭᠤᠷᠠᠭᠤᠯᠬᠤ᠂ ᠪᠤᠵᠠᠷ ᠤᠰᠤ᠎ᠵᠢ ᠬᠣᠭᠣᠯᠠᠢ᠎ᠳᠤ ᠣᠷᠣᠭᠤᠯᠬᠤ᠂ ᠰᠢᠲᠠᠮᠠᠬᠠᠢ ᠬᠡᠢ᠎ᠶ᠋ᠢ ᠡᠷᠦᠬᠡ᠎ᠳ᠋ᠦ᠍ ᠣᠷᠣᠭᠤᠯᠬᠤ᠂ ᠳᠤᠯᠠᠭᠠᠯᠠᠭ᠎ᠠ᠎ᠵᠢ ᠰᠦᠯᠵᠢᠶᠡᠨ᠎ᠳ᠋ᠦ᠍ ᠣᠷᠣᠭᠤᠯᠬᠤ᠎ᠶ᠋ᠢ ᠪᠡᠶᠡᠯᠡᠭᠦᠯᠵᠦ᠂ ᠲᠣᠰᠬᠣᠨ᠎ᠤ᠋ ᠨᠣᠭᠣᠭᠠᠷᠠᠭᠤᠯᠤᠯᠲᠠ᠎ᠶ᠋ᠢᠨ ᠬᠡᠮᠵᠢᠶ᠎ᠡ 35% ᠪᠣᠯᠲᠠᠯ᠎ᠠ ᠳᠡᠭᠡᠭᠰᠢᠯᠡᠵᠡᠢ᠃ ᠬᠡᠬᠦ᠎ᠳᠤ ᠪᠠᠨ ᠳᠠᠢᠴᠢᠯᠠᠯᠲᠠ᠎ᠶ᠋ᠢᠨ ᠡᠬᠢᠨ᠎ᠦ᠌ ᠬᠤᠭᠤᠴᠠᠭᠠᠨ᠎ᠳ᠋ᠤ᠌ ᠲᠣᠰᠬᠣᠨ᠎ᠤ᠋ ᠠᠷᠠᠳ ᠡᠷᠡᠭᠡᠯᠵᠡᠭᠡ ᠶᠡᠬᠡ ᠪᠠᠢᠵᠠᠢ᠃ ᠡᠭᠦᠨ᠎ᠦ᠌ ᠲᠤᠯᠠᠳᠠ᠂ ᠨᠠᠮ ᠎ᠤ᠋ᠨ ᠡᠭᠦᠷ᠎ᠦ᠋ᠨ ᠪᠦᠷᠢᠯᠳᠦᠬᠦᠨ ᠪᠤᠯᠤᠨ ᠲᠤᠤᠷᠵᠢᠯ᠎ᠤᠨ ᠬᠠᠮᠢᠶᠠᠷᠤᠭᠴᠢ᠄︽ᠲᠣᠰᠬᠣᠨ ᠎ᠤ᠋ ᠬᠣᠶᠠᠷ ᠵᠥᠪᠯᠡᠯ 1500 ᠲᠥᠭᠥᠷᠢᠭ᠎ᠤᠨ ᠨᠥᠬᠥᠪᠥᠷᠢ ᠥᠭᠴᠦ᠂ ᠥᠪᠡᠷ ᠎ᠢ᠋ᠶ᠋ᠡᠨ ᠵᠥᠪᠬᠡᠨ 1500 ᠲᠥᠭᠥᠷᠢᠭ ᠵᠠᠷᠤᠴᠠᠭᠤᠯᠪᠠᠯ ᠪᠣᠯᠴᠢᠬᠠᠨ᠎ᠠ᠃ ᠨᠢᠭᠡ ᠲᠡᠭᠰᠢ ᠳᠥᠷᠪᠡᠯᠵᠢᠨ ᠮᠧᠲ᠋ᠷ ᠳᠤᠯᠠᠭᠠᠯᠠᠭ᠎ᠠ ᠬᠠᠩᠭᠠᠬᠤ ᠨᠢ ᠨᠡᠭᠦᠷᠡᠰᠦ ᠰᠢᠲᠠᠭᠠᠬᠤ᠎ᠠ᠋ᠴᠠ ᠪᠠᠰᠠ 1 ᠲᠥᠭᠥᠷᠢᠭ ᠬᠢᠮᠳᠠ ᠪᠠᠢᠳᠠᠭ ᠁ ︾ᠭᠡᠵᠦ ᠡᠷᠦᠬᠡ ᠳᠠᠷᠠᠭᠠᠯᠠᠨ ᠳᠠᠩᠰᠠ ᠪᠣᠳᠣᠵᠤ ᠦᠭᠴᠦ᠂ ᠨᠠᠷᠢᠨ ᠪᠣᠳᠠᠲᠠᠢ ᠲᠣᠭ᠎ᠠ ᠪᠠᠷᠢᠮᠲᠠ ᠨᠢ ᠲᠣᠰᠬᠣᠨ᠎ᠤ᠋ ᠠᠷᠠᠳ᠎ᠤ᠋ᠨ ᠡᠷᠡᠭᠡᠯᠵᠡᠭᠡ᠎ᠶ᠋ᠢ ᠦᠭᠡᠢᠰᠬᠡᠵᠦ᠂ 660 ᠡᠷᠦᠬᠡ ᠤᠰᠤ᠎ᠪᠠᠷ ᠴᠡᠪᠡᠷᠰᠢᠭᠦᠯᠬᠦ ᠵᠣᠷᠯᠣᠩ᠂ 780 ᠡᠷᠦᠬᠡ ᠪᠠᠢᠭᠠᠯᠢ᠎ᠶ᠋ᠢᠨ ᠰᠢᠲᠠᠮᠠᠬᠠᠢ ᠬᠡᠢ᠂ 4 ᠲᠦᠮᠡᠨ ᠲᠡᠭᠰᠢ ᠳᠥᠷᠪᠡᠯᠵᠢᠨ ᠮᠧᠲᠷ ᠲᠥᠪᠯᠡᠷᠡᠩᠭᠦᠢ ᠳᠤᠯᠠᠭᠠᠯᠠᠭ᠎ᠠ᠎ᠶ᠋ᠢ ᠦᠳᠲᠡᠷ ᠲᠦᠭᠡᠮᠡᠯᠵᠢᠭᠦᠯᠪᠡ᠃

《ᠠᠰᠠᠷ᠎ᠲᠤ ᠰᠠᠭᠤᠬᠤ ᠨᠢ ᠬᠣᠲᠠ᠎ᠶ᠋ᠢᠨ ᠬᠥᠮᠦᠨ᠎ᠦ᠌ ᠲᠤᠰᠬᠠᠢ ᠠᠰᠢᠭ ᠪᠢᠰᠢ》᠃ 2023 ᠣᠨ᠎ᠳ᠋ᠤ᠌᠂ ᠲᠣᠰᠬᠣᠨ᠎ᠤ᠋ ᠨᠠᠮ᠎ᠤ᠋ᠨ ᠡᠭᠦᠷ ᠲᠣᠰᠬᠣᠨ᠎ᠤ᠋ ᠰᠤᠯᠠ ᠭᠠᠵᠠᠷ ᠪᠠ ᠰᠤᠯᠠ ᠣᠷᠣᠨ ᠰᠠᠭᠤᠴᠠ᠎ᠶ᠋ᠢᠨ ᠰᠠᠭᠤᠷᠢ ᠭᠠᠵᠠᠷ᠎ᠢ᠋ ᠠᠰᠢᠭᠯᠠᠨ᠂︽ᠬᠠᠮᠲᠤ ᠨᠡᠢᠲᠡ᠎ᠡᠴᠡ ᠪᠡᠯᠡ ᠣᠷᠣᠭᠤᠯᠬᠤ᠂ ᠲᠣᠰᠬᠣᠨ᠎ᠤ᠋ ᠠᠷᠠᠳ᠎ᠠ᠋ᠴᠠ ᠴᠤᠭᠯᠠᠭᠤᠯᠬᠤ᠂ ᠪᠠᠩᠬᠢ᠎ᠶ᠋ᠢᠨ ᠵᠢᠭᠡᠯᠡᠯᠭᠡ ᠠᠪᠬᠤ︾ᠪᠡᠯᠡ ᠬᠤᠷᠠᠮᠳᠤᠭᠤᠯᠬᠤ ᠬᠡᠪ ᠵᠠᠭᠪᠤᠷ ᠎ᠢ᠋ ᠠᠪᠴᠤ᠂ 6000 ᠭᠠᠷᠤᠢ ᠲᠦᠮᠡᠨ ᠲᠥᠭᠥᠷᠢᠭ᠎ᠦ᠋ᠨ ᠪᠡᠯᠡ ᠣᠷᠣᠭᠤᠯᠵᠤ 4 ᠰᠠᠭᠤᠷᠢ᠂ 192 ᠡᠷᠦᠭᠡ ᠪᠦᠬᠦᠢ ᠣᠷᠣᠨ ᠰᠠᠭᠤᠴᠠ᠎ᠶ᠋ᠢᠨ ᠠᠰᠠᠷ ᠪᠠᠢᠭᠤᠯᠵᠤ᠂ ᠣᠯᠠᠨ ᠲᠦᠮᠡᠨ᠎ᠦ᠌︽ᠠᠮᠤᠭᠤᠯᠠᠩ ᠣᠷᠣᠨ ᠰᠠᠭᠤᠴᠠ᠎ᠶ᠋ᠢᠨ ᠬᠦᠰᠡᠯ︾ᠢ᠋ ᠪᠣᠳᠠᠲᠤ ᠠᠬᠤᠢ ᠪᠣᠯᠭᠠᠪᠠ᠃ ᠣᠳᠣᠬᠠᠨ᠎ᠳ᠋ᠤ᠌᠂ ᠨᠢᠭᠡᠨᠲᠡ 100 ᠭᠠᠷᠤᠢ ᠡᠷᠦᠬᠡ ᠲᠣᠰᠬᠣᠨ᠎ᠤ᠋ ᠠᠷᠠᠳ ᠲᠦᠯᠬᠢᠭᠦᠷ ᠎ᠢ᠋ᠶ᠋ᠡᠨ ᠣᠯᠵᠤ᠂ 40 ᠭᠠᠷᠤᠢ ᠡᠷᠦᠬᠡ ᠣᠷᠣᠵᠤ ᠰᠠᠭᠤᠭᠰᠠᠨ ᠪᠠᠢᠨ᠎ᠠ᠃

《ᠥᠩᠭᠡᠷᠡᠭᠰᠡᠨ᠎ᠳ᠋ᠦ᠍ ᠰᠠᠭᠤᠵᠤ ᠪᠠᠢᠭᠰᠠᠨ ᠰᠢᠪᠠᠷ ᠪᠠᠢᠰᠢᠩ ᠡᠪᠦᠯ᠎ᠳᠡᠭᠡᠨ ᠵᠤᠤᠬ᠎ᠠ ᠰᠢᠲᠠᠭᠠᠵᠤ᠂ ᠰᠥᠨᠢ ᠳᠦᠯᠢ᠎ᠪᠡᠷ ᠪᠠᠰᠠ ᠨᠡᠭᠦᠷᠡᠰᠦ ᠨᠡᠮᠡᠬᠦ ᠬᠡᠷᠡᠭᠲᠡᠢ᠂ ᠣᠳᠣ ᠲᠤᠰᠬᠤᠨ᠎ᠤ ᠰᠢᠨ᠎ᠡ ᠪᠠᠷᠢᠭᠰᠠᠨ ᠠᠰᠠᠷ᠎ᠲᠤ᠌ ᠰᠠᠭᠤᠵᠤ᠂ ᠲᠠᠭᠠᠯᠠᠮᠵᠢᠲᠠᠢ ᠮᠥᠷᠲᠡᠭᠡᠨ ᠳᠥᠭᠥᠮ᠂ ᠱᠠᠯᠠ᠎ᠶᠢᠨ ᠳᠤᠯᠠᠭᠠᠯᠠᠭ᠎ᠠ ᠪᠠᠨ ᠨᠡᠭᠡᠭᠡᠴᠢᠬᠡᠪᠡᠯ᠂ ᠪᠦᠬᠦᠯᠢ ᠰᠥᠨᠢ ᠪᠦᠷ ᠳᠤᠯᠠᠭᠠᠨ ᠪᠣᠯᠤᠨ᠎ᠠ》 ᠭᠡᠵᠦ ᠲᠣᠰᠬᠣᠨ᠎ᠤ᠋ ᠠᠷᠠᠳ ᠸᠠᠩ ᠯᠢ ᠰᠢᠶᠠ ᠲᠤᠭᠳᠤᠯᠤᠨ ᠶᠠᠷᠢᠨ᠎ᠠ᠃

ᠡᠭᠦᠨ᠎ᠢ᠋ᠶ᠋ᠡᠷ ᠦᠯᠦ ᠪᠠᠷᠠᠨ᠂ ᠰᠧ ᠢ ᠳᠠᠩ ᠲᠣᠰᠬᠣᠨ᠎ᠤ ᠨᠠᠮ᠎ᠤᠨ ᠡᠭᠦᠷ ᠲᠣᠰᠬᠣᠨ᠎ᠤ᠋ ᠦᠨᠦᠴᠢᠨ ᠦᠷᠦᠭᠡᠰᠦᠨ᠂ ᠶᠠᠳᠠᠭᠤ ᠬᠦᠴᠢᠷᠳᠡᠯᠲᠡᠢ ᠨᠠᠰᠤᠲᠠᠨ᠎ᠢ᠋ ᠠᠰᠠᠷᠠᠬᠤ᠎ᠶ᠋ᠢᠨ ᠲᠥᠯᠥᠭᠡ᠂ ᠬᠠᠮᠲᠤ᠎ᠶ᠋ᠢᠨ ᠠᠵᠤ ᠠᠬᠤᠢ᠎ᠶ᠋ᠢᠨ ᠳᠣᠲᠣᠷ᠎ᠠ᠎ᠠ᠋ᠴᠠ 17 ᠲᠦᠮᠡᠨ ᠲᠥᠭᠥᠷᠢᠭ ᠭᠠᠷᠭᠠᠵᠤ᠂ ᠲᠣᠰᠬᠣᠨ᠎ᠤ᠋ 4 ᠡᠷᠦᠬᠡ ᠲᠠᠪᠤᠨ ᠪᠠᠲᠤᠯᠠᠭᠠᠲᠤ ᠡᠷᠦᠬᠡ᠎ᠳ᠋ᠦ᠍ ᠰᠢᠨ᠎ᠡ ᠤᠷᠤᠨ ᠰᠠᠭᠤᠴᠠ ᠪᠠᠷᠢᠵᠤ ᠦᠭᠴᠡᠢ᠃ ︽ᠲᠣᠰᠬᠣᠨ᠎ᠡᠴᠡ ᠰᠠᠢᠬᠠᠨ ᠭᠡᠷ ᠪᠠᠷᠢᠵᠤ ᠪᠢᠳᠡᠨ᠎ᠢ ᠰᠦᠢᠳᠬᠡᠯ ᠬᠤᠷᠢᠶᠠᠬᠤ ᠦᠭᠡᠢ ᠪᠡᠷ ᠰᠠᠭᠤᠯᠭᠠᠵᠤ᠂ ᠲᠣᠰᠬᠣᠨ᠎ᠤ᠋ ᠬᠣᠶᠠᠷ ᠵᠥᠪᠯᠡᠯ᠎ᠦ᠋ᠨ ᠺᠠᠳ᠋ᠷ ᠪᠠᠰᠠ ᠦᠷᠭᠦᠯᠵᠢ ᠪᠢᠳᠡᠨ᠎ᠦ᠌ ᠪᠡᠶ᠎ᠡ ᠮᠠᠬᠠᠪᠣᠳ᠎ᠤ᠋ᠨ ᠡᠷᠡᠭᠦᠯ ᠴᠢᠭᠢᠷᠠᠭ ᠪᠣᠯᠤᠨ ᠠᠮᠢᠳᠤᠷᠠᠯ᠎ᠤ᠋ᠨ ᠬᠠᠯᠠᠭᠤᠨ ᠬᠦᠢᠲᠡᠨ᠎ᠢ᠋ ᠬᠠᠷᠠᠭᠠᠯᠵᠠᠵᠤ᠂ ᠪᠢᠲᠡ ᠮᠠᠰᠢ ᠰᠡᠳᠭᠢᠯ ᠲᠠᠭᠠᠯᠠᠮᠵᠢᠲᠠᠢ ᠪᠠᠢᠨ᠎ᠠ︾ᠭᠡᠵᠦ ᠲᠠᠪᠤᠨ ᠪᠠᠲᠤᠯᠠᠭᠠᠲᠤ ᠡᠷᠦᠬᠡ ᠪᠤᠯᠬᠤ ᠲᠣᠰᠬᠣᠨ᠎ᠤ᠋ ᠠᠷᠠᠳ ᠭᠦᠸᠧ ᠱᠧᠩ ᠪᠠᠶᠠᠷᠯᠠᠨ ᠬᠡᠯᠡᠨ᠎ᠡ᠃

ᠣᠳᠣ᠂ ᠰᠧ ᠢ ᠳᠠᠩ ᠲᠣᠰᠬᠣᠨ᠎ᠤ᠋ ᠨᠠᠮ᠎ᠤ᠋ᠨ ᠡᠭᠦᠷ ᠰᠢᠨ᠎ᠡ ᠬᠦᠭᠵᠢᠯᠲᠡ᠎ᠶᠢᠨ ᠲᠥᠰᠥᠪ᠎ᠢᠶᠡᠨ ᠵᠢᠷᠤᠭᠯᠠᠵᠤ ᠪᠤᠢ᠄ ᠬᠠᠯᠠᠭᠤᠨ ᠨᠣᠭᠣᠭ᠎ᠠ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ᠎ᠦ᠋ᠨ ᠬᠦᠷᠢᠶᠡᠯᠡᠩ ᠪᠠᠢᠭᠤᠯᠬᠤ᠂ ᠬᠥᠳᠡᠭᠡ ᠨᠤᠲᠤᠭ᠎ᠤ᠋ᠨ ᠶᠡᠷᠦᠩᠬᠡᠢᠯᠡᠭᠰᠡᠨ ᠴᠣᠭᠴᠠ᠎ᠶ᠋ᠢ ᠪᠠᠢᠭᠤᠯᠬᠤ᠂ ᠬᠤᠪᠢᠰᠬᠠᠯ᠎ᠤᠨ ᠵᠢᠭᠤᠯᠴᠢᠯᠠᠯ᠎ᠤ᠋ᠨ ᠵᠠᠮ ᠱᠤᠭᠤᠮ᠎ᠢ᠋ ᠨᠡᠭᠡᠭᠡᠨ ᠠᠰᠢᠭᠯᠠᠬᠤ ᠁  ᠯᠠᠵᠤᠤ ᠎ᠶ᠋ᠢᠨ ᠲᠠᠷᠢᠶᠠᠨ᠎ᠤ ᠲᠡᠷᠭᠡᠳᠡ ᠵᠣᠭᠰᠣᠨ᠂  ᠲᠣᠰᠬᠣᠨ᠎ᠤ᠋ ᠠᠷᠠᠳ᠎ᠤ᠋ᠨ ᠯᠠᠵᠤᠤ ᠲᠡᠭᠦᠨ ᠬᠤᠷᠢᠶᠠᠵᠤ ᠪᠠᠢᠭ᠎ᠠ ᠪᠠᠢᠳᠠᠯ ᠎ᠢ᠋ ᠬᠠᠷᠠᠭᠠᠳ ᠸᠧᠢ ᠬᠠᠢ᠄ 《ᠲᠠ ᠬᠠᠷᠠ᠎ᠳᠠ᠂ ᠲᠡᠷᠡ ᠯᠠᠵᠤᠤ ᠭᠠᠯ ᠮᠡᠲᠦ ᠤᠯᠠᠭᠠᠨ ᠪᠠᠢᠬᠤ ᠦᠭᠡᠢ᠎ᠤᠤ᠂ ᠡᠨᠡ ᠪᠣᠯ ᠳᠠᠷᠤᠢ ᠮᠠᠨ᠎ᠤ᠋ ᠨᠠᠮ᠎ᠤ᠋ᠨ ᠡᠭᠦᠷ᠎ᠦ᠋ᠨ ᠥᠩᠭᠡ ᠪᠣᠳᠣᠭ᠂ ᠡᠭᠦᠷᠢᠳᠡ ᠤᠷᠭᠢᠯᠤᠮ᠎ᠠ ᠬᠠᠯᠠᠭᠤᠨ᠂ ᠡᠭᠦᠷᠢᠳᠡ ᠤᠷᠤᠭᠰᠢ ᠪᠠᠨ》 ᠭᠡᠮᠡᠨ ᠰᠡᠳᠬᠢᠯ ᠬᠥᠳᠡᠯᠦᠨ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号