ᠨᠠᠮ᠎ᠤᠨ ᠪᠠᠢᠭᠤᠯᠤᠯᠳᠠ ᠪᠡᠷ ᠬᠦᠳᠦᠯᠦᠨ ᠲᠠᠭᠠᠭᠤᠯᠵᠤ ᠵᠤᠯ ᠵᠢᠷᠭᠠᠯᠳᠤ ᠭᠡᠷ ᠤᠷᠤᠨ᠎ᠵᠢᠡᠨ ᠴᠤᠭᠴᠠᠯᠠᠨ᠎ᠠ
2025-11-05 11:24:05
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

—  ᠴᠢᠶᠠᠨ ᠵᠢᠨ ᠱᠢᠶᠠᠩ ᠨᠡᠢᠭᠡᠮ ᠲᠣᠭᠣᠷᠢᠭ᠎ᠢ ᠲᠡᠮᠳᠡᠭᠯᠡᠪᠡ

 

ᠬᠦᠬᠡᠬᠤᠳᠠ ᠵᠢᠨ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠶ᠋ᠢᠨ ᠪᠠᠷᠠᠭᠤᠨ ᠵᠠᠮ᠎ᠤᠨ ᠵᠡᠭᠡᠯᠢ ᠭᠤᠳᠤᠮᠵᠢ᠎ᠶ᠋ᠢᠨ ᠴᠢᠶᠠᠨ ᠵᠢᠨ ᠱᠢᠶᠠᠩ ᠨᠡᠢᠭᠡᠮ ᠲᠣᠭᠣᠷᠢᠭ ᠲᠸ᠋1672 ᠡᠷᠦᠬᠡ 3136 ᠰᠠᠭᠤᠭᠠᠯᠢ ᠠᠷᠠᠳ᠎ᠲᠠᠢ᠂ ᠬᠢᠲᠠᠳ᠂ ᠮᠣᠩᠭᠣᠯ᠂ ᠮᠠᠨᠵᠤ᠂ ᠬᠣᠲᠣᠩ᠂ ᠰᠣᠯᠣᠩᠭᠣᠰ ᠵᠡᠷᠭᠡ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠡᠨ ᠲᠤᠮᠤ ᠬᠡᠷ ᠪᠦᠯᠢ ᠪᠣᠯᠤᠨ᠎ᠠ᠃ ᠣᠢᠷ᠎ᠠ᠎ᠶ᠋ᠢᠨ ᠵᠢᠯ᠎ᠳᠦ᠂ ᠴᠢᠶᠠᠨ ᠵᠢᠨ ᠱᠢᠶᠠᠩ ᠨᠡᠢᠭᠡᠮ ᠲᠣᠭᠣᠷᠢᠭ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠢᠮᠠᠭ᠍ᠲᠠ ᠨᠡᠢᠭᠡᠮ ᠲᠣᠭᠣᠷᠢᠭ᠎ᠤᠨ ᠠᠵᠢᠯ᠎ᠤᠨ ᠴᠢᠬᠤᠯᠠ ᠪᠠᠢᠷᠢᠨ᠎ᠳᠤ ᠲᠠᠯᠪᠢᠵᠤ᠂ ᠤᠷᠢᠳ ᠬᠣᠵᠢᠳ ᠬᠦᠬᠡᠬᠣᠲᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠰᠣᠳᠣᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠣᠷᠢᠭ᠂ 《ᠬᠠᠮᠤᠭ᠎ᠤᠨ ᠭᠤᠶᠤ ᠰᠠᠢᠨ ᠲᠤᠷ᠎ᠠ ᠵᠢᠨ ᠦᠶ᠋ᠯᠡᠴᠢᠯᠡᠭᠡᠨ᠎ᠦ ᠨᠡᠢᠭᠡᠮ ᠲᠣᠭᠣᠷᠢᠭ》᠂ ᠬᠦᠬᠡᠬᠣᠲᠠ᠎ᠶ᠋ᠢᠨ ᠳᠥᠷᠪᠡᠳᠦᠭᠡᠷ ᠪᠦᠯᠦᠭ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠳᠣᠯᠣᠳᠤᠭᠠᠷ ᠪᠦᠯᠦᠭ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠭᠦᠶ᠋ᠴᠡᠳ ᠠᠵᠢᠯ ᠣᠯᠭᠣᠯᠲᠠ᠎ᠶ᠋ᠢᠨ ᠨᠡᠢᠭᠡᠮ ᠲᠣᠭᠣᠷᠢᠭ᠂ ᠪᠥᠬᠥ᠌ ᠤᠯᠤᠰ᠎ᠤᠨ ᠨᠡᠢᠭᠡᠮ᠎ᠦᠨ ᠠᠵᠢᠯ᠎ᠤᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠣᠷᠢᠭ  ᠵᠡᠷᠭᠡ ᠣᠯᠠᠨ ᠢᠷᠠᠭᠤ ᠠᠯᠳᠠᠷ᠎ᠢ ᠭᠥᠷᠳᠡᠵᠦ᠂ 《ᠭᠤᠷᠪᠠᠨ ᠵᠦᠢᠯ᠎ᠤᠨ ᠲᠦᠯᠦᠪᠯᠡᠭᠡ 》 ᠵᠢᠨ ᠤᠯᠤᠰ᠎ᠤᠨ ᠲᠤᠷᠰᠢᠯᠳᠠ ᠵᠢᠨ ᠴᠡᠭ᠎ᠪᠤᠯᠵᠠᠢ᠃

  QQ20251105-112057.png


ᠭᠤᠷᠪᠠᠨ ᠱᠠᠲᠤᠨ᠎ᠤ ᠵᠠᠰᠠᠯᠲᠠ᠎ᠶ᠋ᠢᠨ ᠬᠡᠯᠬᠢᠶ᠎ᠡ᠎ᠶ᠋ᠢ ᠪᠠᠢᠭᠤᠯᠪᠠ

ᠴᠢᠶᠠᠨ ᠵᠢᠨ ᠱᠢᠶᠠᠩ ᠨᠡᠢᠭᠡᠮ ᠲᠣᠭᠣᠷᠢᠭ ᠨᠠᠮ᠎ᠤᠨ ᠶᠡᠷᠦᠩᠬᠡᠶ ᠡᠭᠦᠷ᠎ᠦᠨ ᠦᠶ᠋ᠯᠡᠳᠦᠯ ᠴᠢᠳᠠᠪᠬᠢ ᠵᠢ ᠴᠢᠩᠭᠠᠳᠭᠠᠵᠤ᠂ 《ᠨᠠᠮ᠎ᠤᠨ ᠶᠡᠷᠦᠩᠬᠡᠶ ᠡᠭᠦᠷ ᠬᠥᠲᠥᠯᠥᠨ ᠳᠠᠭᠠᠭᠤᠯᠬᠤ᠂ ᠰᠠᠭᠤᠭᠠᠯᠢ ᠠᠷᠠᠳ᠎ᠤᠨ ᠵᠥᠪᠯᠡᠯ ᠨᠠᠢᠳᠠᠪᠤᠷᠢᠵᠢᠭᠤᠯᠬᠤ᠂ ᠰᠠᠭᠤᠭᠠᠯᠢ ᠠᠷᠠᠳ ᠣᠷᠣᠯᠴᠠᠬᠤ》 ᠭᠤᠷᠪᠠᠨ ᠱᠠᠲᠤᠨ᠎ᠤ ᠵᠠᠰᠠᠯᠲᠠ᠎ᠶ᠋ᠢᠨ ᠬᠡᠯᠬᠢᠶ᠎ᠡ᠎ᠶ᠋ᠢ ᠪᠠᠢᠭᠤᠯᠪᠠ᠃ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠢ ᠡᠭᠦᠷ᠎ᠦᠨ ᠳᠣᠣᠷ᠎ᠠ 2 ᠨᠠᠮ᠎ᠤᠨ ᠡᠭᠦᠷ ᠪᠠᠢᠭᠤᠯᠵᠤ᠂ 120 ᠨᠠᠮ᠎ᠤᠨ ᠭᠡᠱᠢᠭᠦᠨ ᠪᠡᠶ᠎ᠡ᠎ᠶ᠋ᠢᠨ ᠭᠠᠷᠤᠯ᠎ᠢᠶᠠᠨ ᠢᠯᠡ ᠪᠣᠯᠭᠠᠵᠤ ᠦᠯᠢᠭᠡᠷ ᠳᠠᠭᠤᠷᠢᠶᠠᠯ ᠦᠵᠡᠬᠦᠯᠵᠦ ᠂ 《ᠨᠠᠮ᠎ᠤᠨ ᠪᠠᠢᠭᠤᠯᠤᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ ᠬᠤᠷᠠᠯ》 ᠢ᠋ ᠪᠠᠢᠭᠤᠯᠤᠨ᠂ 《ᠵᠥᠪᠯᠡᠬᠦ᠌ ᠵᠦᠢᠯ᠎ᠢ ᠴᠤᠭ᠍ᠯᠠᠭᠤᠯᠬᠤ — ᠬᠤᠷᠠᠯ ᠬᠢᠵᠦ ᠰᠤᠳᠤᠯᠤᠨ ᠶᠠᠷᠢᠯᠴᠠᠬᠤ  — ᠪᠤᠳᠠᠳᠠᠢ ᠳ᠋ᠤ ᠨᠠᠢᠳᠠᠪᠤᠷᠢᠵᠢᠭᠤᠯᠦᠨ ᠬᠠᠷᠢᠭᠤ ᠲᠤᠰᠭᠠᠬᠤ》ᠪᠢᠲᠡᠭᠦᠦ ᠴᠠᠭᠠᠷᠢᠬᠳᠤ ᠲᠣᠭ᠍ᠲᠠᠴᠠ᠎ᠶ᠋ᠢ ᠪᠠᠢᠭᠤᠯᠵᠤ᠂ ᠠᠷᠠᠳ᠎ᠤᠨ ᠠᠮᠢᠳᠤᠷᠠᠯ᠎ᠤᠨ 70 ᠭᠠᠷᠤᠢ ᠠᠰᠠᠭᠤᠳᠠᠯ᠎ᠢ ᠱᠢᠢᠳᠪᠦᠷᠢᠯᠡᠪᠡ᠃《ᠠᠨᠠᠷ᠎ᠦᠨ ᠴᠡᠴᠡᠭᠡᠰ ᠪᠠᠳᠠᠷᠠᠨ ᠳᠡᠯᠭᠡᠷᠡᠵᠦ᠍᠂ ᠰᠡᠳᠭᠢᠯ ᠨᠢᠭᠡᠳᠦᠨ ᠤᠷᠤᠭ᠍ᠰᠢᠯᠠᠨᠠᠮ》  ᠨᠠᠮ᠎ᠤᠨ ᠪᠠᠢᠭᠤᠯᠤᠯᠲᠠ᠎ᠶ᠋ᠢᠨ ᠲᠥᠷᠥᠯ ᠲᠡᠮᠳᠡᠭ᠎ᠢ ᠡᠬᠦᠳᠦᠨ᠂ ᠨᠡᠢᠭᠡᠮ ᠲᠤᠭᠤᠷᠢᠭ᠎ᠦᠨ ᠡᠬᠢ ᠪᠠᠶᠠᠯᠢᠭ᠎ᠢ ᠨᠡᠢᠳᠭᠡᠵᠦ᠂ ᠨᠠᠮ᠎ᠤᠨ ᠪᠠᠢᠭᠤᠯᠤᠯᠲᠠ ᠬᠢᠭᠡᠳ ᠦᠨᠳᠦᠰᠦᠲᠡᠨ᠎ᠦ ᠪᠦᠯᠬᠦᠮᠳᠡᠯ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠰᠣᠶᠣᠯ᠎ᠤᠨ ᠬᠡᠷᠡᠮ᠂ ᠵᠠᠩ ᠲᠠᠳᠬᠠᠯ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠪᠤᠯᠤᠩ᠎ᠭᠠᠷᠭᠠᠨ᠂《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ  ᠮᠡᠲᠦ ᠳᠣᠲᠣᠨᠣ》ᠠᠭᠤᠷ ᠠᠮᠢᠰᠭᠤᠯ᠎ᠢ ᠦᠳᠭᠡᠨ ᠵᠤᠵᠠᠭᠠᠨ ᠪᠣᠯᠭᠠᠪᠠ᠃ 《ᠲᠤᠤᠷᠵᠢᠯ᠎ᠦᠨ ᠳᠠᠷᠤᠭ᠎ᠠ + ᠲᠤᠰᠭᠠᠶ ᠲᠤᠱᠢᠶᠠᠯᠲᠤ ᠲᠤᠤᠷᠵᠢᠯ᠎ᠦᠨ ᠠᠵᠢᠯᠲᠠᠨ + ᠠᠰᠠᠷ᠎ᠤᠨ ᠳᠠᠷᠤᠭ᠎ᠠ》 ᠭᠤᠷᠪᠠᠨ ᠱᠠᠲᠤᠨ᠎ᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠲᠤᠤᠷᠵᠢᠯ᠎ᠢ ᠨᠠᠮ᠎ᠤᠨ ᠡᠭᠦᠷ ᠳᠡᠭᠡᠷ᠎ᠡ ᠪᠠᠢᠭᠤᠯᠵᠤ᠂ ᠱᠢᠯᠢᠳᠡᠭ ᠨᠠᠮ᠎ᠤᠨ ᠭᠡᠱᠢᠭᠦᠨ᠎ᠵᠢᠡᠷ ᠠᠰᠠᠷ᠎ᠤᠨ ᠳᠠᠷᠤᠭ᠎ᠠ ᠪᠤᠯᠭᠠᠵᠤ᠂ ᠠᠳᠠᠯ ᠠᠬᠤᠶ᠎ᠶ᠋ᠢᠨ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠵᠡᠷᠭᠡ ᠵᠠᠰᠠᠯᠲᠠ᠎ᠶ᠋ᠢᠨ ᠪᠡᠷᠬᠡ ᠠᠰᠠᠭᠤᠳᠠᠯ᠎ᠢ ᠱᠢᠶ᠋ᠳᠪᠦᠷᠢᠯᠡᠪᠠ᠃

ᠴᠢᠶᠠᠨ ᠵᠢᠨ ᠱᠢᠶᠠᠩ ᠨᠡᠢᠭᠡᠮ ᠲᠣᠭᠣᠷᠢᠭ 《ᠤᠯᠠᠭᠠᠨ ᠠᠨᠠᠷ᠎ᠦᠨ ᠬᠡᠷᠡᠭ ᠵᠥᠪᠯᠡᠬᠦ᠌ ᠲᠢᠩᠬᠢᠮ》᠂ ᠨᠡᠢᠭᠡᠮ ᠲᠣᠭᠣᠷᠢᠭ᠎ᠤᠨ《ᠬᠣᠶᠠᠷ ᠵᠥᠪᠯᠡᠯ》᠂ ᠲᠣᠣᠷᠵᠢᠯ᠎ᠦᠨ ᠠᠵᠢᠯᠲᠠᠨ᠂ ᠡᠯ᠎ᠡ ᠦᠨᠳᠦᠰᠦᠲᠡᠨ᠎ᠦ ᠰᠠᠭᠤᠭᠠᠯᠢ ᠠᠷᠠᠳ᠎ᠤᠨ ᠲᠥᠯᠥᠭᠡᠯᠡᠭ᠌ᠴᠢᠳ᠎ᠲᠦ ᠲᠦᠱᠢᠭ᠌ᠯᠡᠨ ᠤᠢᠷ᠎ᠠ ᠵᠢᠨ 2 ᠵᠢᠯ ᠳ᠋ᠤ ᠨᠡᠢᠲᠡ 37 ᠵᠦᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠢᠳᠪᠦᠷᠢᠯᠡᠪᠡ᠃ 《ᠪᠢᠳᠠ 2021 ᠣᠨ᠎ᠳᠤ ᠲᠤᠭᠤᠷᠢᠭ ᠲᠸ᠋ ᠰᠠᠭᠤᠭ᠎ᠠ 13 ᠨᠢᠭᠡᠴᠢ᠎ᠲᠡᠶ ᠬᠠᠮᠲᠤᠷᠠᠨ〈ᠤᠯᠠᠭᠠᠨ ᠠᠨᠠᠷ᠎ᠤᠨ ᠲᠣᠮᠣ ᠨᠠᠮ᠎ᠤᠨ ᠬᠣᠷᠢᠶ᠎ᠠ〉 ᠶ᠋ᠢ ᠪᠠᠢᠭᠤᠯᠵᠤ᠂ ᠣᠳᠣᠬᠠᠨ ᠪᠣᠯᠲᠠᠯ᠎ᠠ ᠠᠷᠠᠳ᠎ᠤᠨ ᠠᠮᠢᠳᠤᠷᠠᠯ ᠳ᠋ᠤ ᠬᠤᠯᠪᠤᠭᠳᠠᠭᠰᠠᠨ 80 ᠭᠠᠷᠤᠶ ᠪᠣᠳᠠᠲᠤ ᠶᠠᠪᠤᠳᠠᠯ᠎ᠢ ᠱᠢᠶ᠋ᠳᠪᠦᠷᠢᠯᠡᠨ ᠦᠭᠴᠠᠢ᠃〈ᠤᠯᠠᠭᠠᠨ ᠠᠨᠠᠷ᠎ᠤᠨ ᠥᠷᠲᠡᠭᠡ〉ᠶ᠋ᠢ ᠲᠠᠰ ᠳᠡᠪᠱᠢᠭᠦᠯᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠭᠡᠮ ᠲᠣᠭᠣᠷᠢᠭ᠎ᠤᠨ ᠨᠠᠮ ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠶᠡᠷᠦᠩᠬᠡᠢᠯᠡᠭ᠌ᠰᠡᠨ ᠴᠣᠩᠬᠤᠪᠴᠢ ᠳ᠋ᠤ 79 ᠵᠦᠶ᠋ᠯ᠎ᠦᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ᠂ ᠎ᠤᠨᠭᠰᠢᠯᠭ᠎ᠠ ᠵᠢᠨ ᠥᠷᠥᠭᠡ ᠵᠡᠷᠭᠡ ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠢᠵᠢ ᠪᠦᠷᠢᠳᠦᠬᠦᠯᠵᠦ᠂ ᠵᠢᠯ ᠳᠤᠮᠳᠠᠴᠢ᠎ᠶ᠋ᠢᠨ ᠦᠶ᠋ᠯᠡᠴᠢᠯᠡᠭᠡᠨ᠎ᠦ ᠬᠡᠮᠵᠢᠶ᠎ᠡ 800 ᠬᠥᠮᠦᠨ ᠤᠳᠠᠭ᠎ᠠ᠎ᠳᠤ ᠬᠥᠷᠴᠦ ᠪᠠᠢᠨ᠎ᠠ》 ᠬᠡᠵᠤ ᠴᠢᠶᠠᠨ ᠵᠢᠨ ᠱᠢᠶᠠᠩ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠶ ᠡᠭᠦᠷ᠎ᠦᠨ ᠱᠦᠵᠢ  ᠵᠠᠩ ᠱᠤᠸᠠᠢ  ᠬᠡᠯᠡᠪᠡ᠃

《ᠨᠢᠭᠡ ᠦᠷᠳᠡᠭᠡᠴᠢᠯᠡᠭᠰᠡᠨ ᠮᠠᠶᠢᠭ》᠎ᠦ᠋ᠨ ᠠᠮᠢᠳᠤᠷᠠᠯ᠎ᠦᠨ ᠲᠤᠭᠤᠷᠢᠭ᠎ᠢ ᠪᠠᠢᠭᠤᠯᠪᠠ

ᠴᠢᠶᠠᠨ ᠵᠢᠨ ᠰᠢᠶᠠᠩ ᠨᠡᠢᠭᠡᠮ ᠲᠣᠭᠣᠷᠢᠭ᠎ᠤᠨ ᠪᠠᠢᠭᠤᠯᠤᠭ᠍ᠰᠠᠨ ᠤᠯᠠᠨ ᠣᠨᠴᠠᠯᠢᠭᠳᠤ ᠤᠯᠠᠨ ᠴᠢᠳᠠᠪᠬᠢᠳᠤ ᠲᠠᠰᠤᠭ ᠨᠢ ᠰᠠᠭᠤᠭᠠᠯᠢ ᠠᠷᠠᠳ᠎ᠲᠤ ᠤᠯᠠᠨ ᠶᠠᠩᠵᠤ ᠵᠢᠨ ᠦᠢᠯᠡᠴᠢᠯᠡᠭᠡ ᠬᠠᠩᠭᠠᠵᠤ᠂ ᠬᠠᠷᠢᠶ᠎ᠠ ᠣᠷᠣᠨ ᠳ᠋ᠡᠬᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ ᠪᠤᠯᠵᠠᠢ᠃ ᠨᠠᠢᠭᠡᠮ ᠲᠤᠭᠤᠷᠢᠭ᠎ᠤᠨ ᠬᠢᠨ ᠬᠠᠷᠢᠶ᠎ᠠ ᠣᠷᠣᠨ᠎ᠤ ᠪᠠᠨ ᠳᠠᠪᠠᠭᠤᠯᠢᠭ᠎ᠢ ᠭᠦᠶ᠋ᠴᠡᠳ ᠠᠱᠢᠭ᠍ᠯᠠᠵᠤ᠂ ᠨᠠᠢᠷᠠᠯ ᠳᠠᠭᠤᠤ᠂ ᠮᠣᠳᠧᠯ᠂ ᠴᠠᠷᠭᠢᠯ ᠬᠣᠯᠪᠣᠭ᠎ᠠ᠂ ᠤᠷᠠᠨ ᠤᠩᠱᠢᠯᠭ᠎ᠠ ᠵᠡᠷᠭᠡ ᠣᠯᠠᠨ ᠰᠣᠶᠣᠯ᠎ᠤᠨ ᠡᠩᠨᠡᠭᠡ᠎ᠶ᠋ᠢ ᠵᠣᠬᠢᠶᠠᠨ ᠪᠠᠢᠭᠤᠯᠵᠤ᠂ 300 ᠱᠢᠬᠠᠮ ᠬᠥᠮᠦᠨ ᠲᠠᠢ ᠪᠣᠯᠪᠠ᠃ ᠨᠡᠢᠭᠡᠮ ᠲᠣᠭᠣᠷᠢᠭ᠎ᠲᠤ ᠪᠠᠰᠠ ᠨᠠᠰᠤᠲᠠᠢᠴᠤᠳ᠎ᠤᠨ ᠶᠡᠬᠡ ᠰᠤᠷᠭᠠᠭᠤᠯᠢ ᠪᠠᠢᠭᠤᠯᠵᠤ᠂ ᠭᠠᠷᠠᠭ ᠪᠦᠷᠢ ᠲᠣᠭ᠍ᠲᠠᠮᠠᠯ ᠬᠢᠴᠢᠶᠡᠯ ᠲᠣᠬᠢᠷᠠᠭᠤᠯᠤᠨ ᠂ ᠰᠠᠭᠤᠭᠠᠯᠢ ᠠᠷᠠᠳ ᠥᠪᠡᠷ᠎ᠦᠨ ᠳᠤᠷ᠎ᠠ ᠪᠠᠬ᠎ᠠ ᠪᠠ ᠴᠠᠭ᠎ᠢᠶᠠᠨ ᠦᠨᠳᠦᠰᠦᠯᠡᠨ ᠲᠣᠬᠢᠷᠠᠮᠵᠢᠲᠠᠶ ᠬᠢᠴᠢᠶᠡᠯ᠎ᠢᠶᠡᠨ ᠰᠣᠩᠭᠣᠵᠤ ᠪᠣᠯᠤᠨ᠎ᠠ᠂ ᠡᠭᠦᠨ᠎ᠡᠴᠡ ᠭᠠᠳᠠᠨ᠎ᠠ᠂ ᠴᠢᠶᠠᠨ ᠵᠢᠨ ᠱᠢᠶᠠᠩ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ ᠪᠠᠰᠠ ᠢᠳᠡᠭᠡᠨ ᠤᠮᠳᠠᠭᠠᠨ᠂ ᠡᠳᠤᠷ ᠲᠤᠳᠤᠮ᠎ᠦᠨ ᠠᠮᠢᠳᠤᠷᠠᠯ᠎ᠤᠨ ᠠᠰᠠᠷᠠᠨ ᠬᠠᠷᠠᠭᠠᠯᠵᠠᠯ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠰᠣᠶᠣᠯ ᠵᠤᠭ᠎ᠠ ᠴᠡᠩᠭᠡᠯ᠂ ᠰᠡᠳᠭᠢᠴᠡ᠎ᠶ᠋ᠢᠨ ᠬᠠᠯᠠᠮᠵᠢᠯᠠᠯ᠎ᠢ ᠨᠢᠭᠡ ᠴᠤᠬ᠍ᠴᠠᠵᠢᠭᠤᠯᠤᠭ᠍ᠰᠠᠨ ᠨᠠᠰᠤᠲᠠᠢᠴᠤᠳ᠎ᠲᠤ ᠦᠢᠯᠡᠴᠢᠯᠡᠬᠦ᠌ ᠬᠠᠮᠢᠶᠠᠷᠤᠯᠲᠠ᠎ᠶ᠋ᠢᠨ ᠲᠥᠪ᠎ᠢ ᠪᠦᠬᠦ᠌ ᠲᠠᠯ᠎ᠠ᠎ᠪᠠᠷ ᠪᠠᠢᠭᠤᠯᠪᠠ᠃




《ᠨᠡᠢᠭᠡᠮ ᠲᠣᠭᠣᠷᠢᠭ᠎ᠤᠨ ᠡᠳᠦᠷ ᠲᠤᠳᠤᠮ᠎ᠦᠨ ᠠᠰᠠᠷᠠᠨ ᠬᠠᠷᠠᠭᠠᠯᠵᠠᠬᠤ ᠲᠠᠰᠤᠭ ᠨᠢ ᠮᠠᠨᠤᠰ᠎ᠲᠤ ᠲᠤᠢᠯ᠎ᠤᠨ ᠶᠡᠬᠡ ᠲᠦᠬᠦᠮ ᠦᠵᠡᠭᠦᠯᠵᠦ ᠪᠠᠢᠨ᠎ᠠ᠃ ᠬᠡᠦᠬᠡᠳ᠎ᠤᠳ ᠠᠵᠢᠯ ᠶᠠᠭᠠᠷᠠᠦ ᠪᠤᠯᠬᠤᠷ ᠬᠠᠵᠠᠭᠤ ᠳ᠋ᠤ ᠬᠠᠨᠢ ᠪᠤᠯᠵᠤ ᠲᠡᠢᠯᠬᠦ ᠦᠭᠡᠢ᠃ ᠨᠡᠢᠭᠡᠮ ᠲᠤᠭᠤᠷᠢᠭ᠎ᠤᠨ ᠡᠳᠦᠷ ᠲᠤᠳᠤᠮ᠎ᠦᠨ ᠠᠰᠠᠷᠠᠨ ᠬᠠᠷᠠᠭᠠᠯᠵᠠᠬᠤ ᠲᠠᠰᠤᠭ ᠲᠸ᠋ ᠨᠠᠮ᠎ᠠ ᠵᠢ ᠰᠠᠨᠠᠭ᠎ᠠ ᠠᠮᠤᠷ ᠬᠦᠷᠭᠡᠵᠦ ᠪᠠᠢᠨ᠎ᠠ᠃ ᠪᠢ ᠨᠠᠢᠵᠠ᠎ᠨᠠᠷ᠎ᠲᠠᠶ᠎ᠪᠠᠨ ᠬᠥᠵᠥᠷ ᠨᠠᠭᠠᠳᠴᠤ᠌᠂ ᠤᠷᠠᠨ ᠪᠢᠴᠢᠯᠭᠡ ᠪᠣᠯᠪᠠᠰᠤᠷᠠᠵᠤ᠂ ᠪᠠᠶ᠎ᠠ ᠴᠢᠬᠢᠷᠠᠭᠵᠢᠭᠤᠯᠬᠤ ᠵᠢᠨ ᠬᠠᠮᠳᠤ ᠪᠠᠰᠠ ᠡᠨᠳᠡ ᠬᠣᠭᠣᠯᠠ ᠢᠳᠡᠴᠢᠭᠡᠨ᠎ᠠ᠃ ᠠᠵᠢᠯᠲᠠᠨ᠎ᠤ ᠦᠶ᠋ᠯᠡᠴᠢᠯᠡᠭᠡ ᠬᠠᠯᠠᠭᠤᠮᠰᠤᠭ ᠲᠤᠳᠤᠨᠤ ᠪᠠᠢᠵᠤ᠂ ᠪᠢᠳᠡᠨᠦᠰ ᠲᠸ᠋ ᠭᠡᠷ ᠪᠦᠯᠢ ᠵᠢᠨ ᠬᠠᠯᠠᠭᠤᠨ ᠳᠤᠯᠠᠭᠠᠨ᠎ᠢ ᠦᠨᠡᠨ᠎ᠬᠦ ᠬᠦᠷᠳᠡᠭᠡᠨ᠎ᠡ》 ᠬᠡᠵᠤ ᠡᠸ᠋ ᠨᠠᠰᠤᠳᠠᠨ  ᠪᠠᠶᠠᠷᠳᠠᠢᠬᠠᠨ ᠬᠡᠯᠡᠪᠡ᠃

ᠴᠢᠶᠠᠨ ᠵᠢᠨ ᠱᠢᠶᠠᠩ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠨᠠᠰᠤᠲᠠᠢᠴᠤᠳ᠎ᠲᠤ ᠦᠢᠯᠡᠴᠢᠯᠡᠬᠦ᠌ ᠬᠠᠮᠢᠶᠠᠷᠤᠯᠲᠠ᠎ᠶ᠋ᠢᠨ ᠲᠥᠪ᠎ᠦᠨ ᠠᠵᠢᠯᠳᠠᠨ ᠡᠴᠡ᠄ 《ᠨᠠᠰᠤᠲᠠᠢᠴᠤᠳ᠎ᠲᠤ ᠦᠢᠯᠡᠴᠢᠯᠡᠬᠦ᠌ ᠬᠠᠮᠢᠶᠠᠷᠤᠯᠲᠠ᠎ᠶ᠋ᠢᠨ ᠲᠥᠪ ᠨᠠᠰᠤᠲᠠᠢᠴᠤᠳ ᠲᠸ᠋ ᠡᠳᠦᠷ ᠲᠤᠳᠤᠮ᠎ᠤᠨ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠵᠤ ᠪᠠᠢᠨ᠎ᠠ᠃ ᠬᠣᠭᠣᠯᠠᠨ ᠭᠡᠷ᠎ᠦᠨ ᠢᠳᠡᠭᠡᠨ ᠤᠮᠳᠠᠭᠠᠨ ᠨᠢ ᠬᠢᠲᠠᠳ ᠡᠮ᠎ᠦᠨ ᠢᠳᠡᠭᠡᠨ᠎ᠦ ᠴᠠᠳᠢᠭ᠎ᠢᠶᠠᠷ ᠭᠣᠣᠯᠯᠠᠵᠤ᠂ ᠪᠠᠰᠠ ᠬᠢᠲᠠᠳ ᠡᠮᠨᠡᠯᠭᠡ᠎ᠶ᠋ᠢᠨ ᠹᠢᠽᠢᠺ᠎ᠤᠨ ᠵᠠᠰᠠᠯ᠎ᠤᠨ ᠲᠠᠰᠤᠭ ᠭᠠᠷᠭᠠᠵᠤ᠂ ᠵᠡᠭᠦᠦ ᠲᠥᠭᠡᠨᠡᠯᠭᠡ᠂ ᠢᠯᠢᠵᠦ᠍ ᠨᠤᠬᠤᠯᠠᠬᠤ ᠵᠡᠷᠭᠡ ᠤᠯᠠᠮᠵᠢᠯᠠᠯᠲᠤ ᠵᠠᠰᠠᠯ᠎ᠢᠶᠠᠷ ᠳᠠᠮᠵᠢᠭᠤᠯᠤᠨ᠂ ᠨᠠᠰᠤᠲᠠᠢᠴᠤᠳ᠎ᠤᠨ ᠪᠡᠶ᠎ᠡ ᠮᠠᠬᠠᠪᠣᠳ᠎ᠢ ᠨᠢ ᠵᠣᠬᠢᠴᠠᠭᠤᠯᠵᠤ᠂ ᠡᠯ᠎ᠡ ᠵᠦᠢᠯ᠎ᠦᠨ ᠤᠳᠠᠭᠠᠨ ᠴᠢᠨᠠᠷᠲᠠᠢ ᠠᠷᠬᠠᠭ ᠬᠡᠮ᠎ᠢ ᠨᠢ ᠨᠠᠮᠳᠠᠭᠤᠯᠳᠠᠭ᠃ ᠡᠭᠦᠨ᠎ᠦ ᠬᠠᠮᠲᠤ ᠪᠠᠰᠠ ᠱᠢᠲᠠᠷ᠎ᠠ ᠬᠥᠵᠥᠷ᠎ᠦᠨ ᠱᠢᠷᠡᠭᠡ᠂ ᠤᠷᠠᠨ ᠪᠢᠴᠢᠯᠭᠡ᠎ᠶ᠋ᠢᠨ ᠲᠠᠰᠤᠭ᠂ ᠳᠠᠭᠤᠤ  ᠪᠥᠵᠢᠭ᠎ᠦᠨ ᠲᠠᠰᠤᠭ ᠵᠡᠷᠭᠡ ᠠᠵᠢᠯᠯᠠᠭᠠᠨ᠎ᠤ ᠲᠠᠯᠠᠪᠤᠷ᠎ᠲᠠᠶ ᠪᠠᠢᠵᠤ᠂ ᠬᠠᠷᠢᠶ᠎ᠠ ᠣᠷᠣᠨ᠎ᠤ ᠨᠠᠰᠤᠲᠠᠢᠴᠤᠳ᠎ᠲᠤ ᠪᠠᠶᠠᠯᠢᠭ ᠰᠠᠢᠬᠠᠨ ᠠᠮᠢᠳᠤᠷᠠᠯ᠎ᠢ ᠡᠳ᠋ᠯᠡᠭᠦᠯᠵᠦ᠍ ᠪᠠᠢᠨ᠎ᠠ》 ᠬᠡᠵᠠᠢ᠃

 《ᠤᠯᠠᠭᠠᠨ ᠠᠨᠠᠷ ᠎ᠤᠨ ᠦᠢᠯᠡᠰ ᠪᠤᠰᠬᠠᠬᠤ ᠦᠷᠦᠭᠡ》 ᠵᠢ ᠪᠠᠢᠭᠤᠯᠪᠠ

2019 ᠣᠨ᠎ᠤ 4 ᠰᠠᠷ᠎ᠠ᠎ᠳᠤ᠂ ᠴᠢᠶᠠᠨ ᠵᠢᠨ ᠱᠢᠶᠠᠩ ᠨᠡᠢᠭᠡᠮ ᠲᠣᠭᠣᠷᠢᠭ᠎ᠤᠨ ᠨᠠᠮ᠎ᠤᠨ ᠶᠡᠷᠦᠩᠬᠡᠶ ᠡᠭᠦᠷ ᠬᠠᠷᠢᠶ᠎ᠠ ᠣᠷᠣᠨ᠎ᠤ ᠦᠨᠳᠦᠰᠦᠲᠡᠨ᠎ᠦ ᠲᠥᠯᠥᠭᠡᠯᠡᠬᠦ᠌ ᠴᠢᠨᠠᠷᠲᠠᠶ ᠭᠠᠷ ᠤᠷᠠᠯᠠᠯ᠎ᠤᠨ ᠵᠣᠬᠢᠶᠠᠨ ᠪᠠᠢᠭᠤᠯᠤᠯᠲᠠ᠎ᠳᠤ ᠲᠦᠱᠢᠭ᠌ᠯᠡᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠦᠨᠳᠦᠰᠦᠲᠡᠨ᠎ᠦ ᠬᠠᠢᠷ᠎ᠠ ᠰᠡᠳᠭᠢᠯᠭᠡ᠎ᠶ᠋ᠢᠨ ᠰᠣᠯᠢᠯᠴᠠᠭ᠎ᠠ᠂ ᠦᠨᠳᠦᠰᠦᠲᠡᠨ᠎ᠦ ᠭᠠᠷ ᠤᠷᠠᠯᠠᠯ᠎ᠤᠨ ᠪᠣᠯᠪᠠᠰᠤᠷᠠᠯ  ᠵᠡᠷᠭᠡ ᠣᠯᠠᠨ ᠵᠦᠶ᠋ᠯ᠎ᠦᠨ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠤᠯᠠᠭᠠᠨ ᠠᠨᠠᠷ᠎ᠤᠨ ᠥᠷᠲᠡᠭᠡ᠎ᠶ᠋ᠢ  ᠪᠠᠢᠭᠤᠯᠪᠠ᠃


QQ20251105-112128.png


《ᠪᠢᠳᠡ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠢ ᠰᠤᠳᠤᠯᠬᠤ ᠤᠶᠤᠲᠠᠳ᠎ᠤᠨ ᠦᠶ᠋ᠯᠡᠰ ᠪᠤᠰᠬᠠᠬᠤ ᠪᠦᠯᠬᠦᠮ ᠨᠡᠢᠲᠡ᠎ᠶ᠋ᠢ ᠣᠷᠣᠭᠤᠯᠤᠨ ᠠᠪᠴᠢᠷᠠᠵᠤ᠂ ᠭᠡᠱᠢᠭᠦᠳ᠎ᠢᠶᠡᠨ ᠪᠦᠬᠦᠨ᠎ᠢ ᠨᠡᠢᠭᠡᠮ ᠲᠣᠭᠣᠷᠢᠭ᠎ᠤᠨ ᠤᠯᠠᠭᠠᠨ ᠠᠨᠠᠷ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠳ᠋ᠤ  ᠡᠯᠰᠡᠵᠦ᠍᠂ ᠤᠯᠠᠮᠵᠢᠯᠠᠯᠲᠤ ᠭᠠᠷ ᠤᠷᠠᠯᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠪᠡᠷ ᠬᠠᠷᠠᠯᠲᠠ ᠪᠣᠯᠭᠠᠨ᠂ ᠭᠠᠷ ᠤᠷᠠᠯᠠᠯ ᠦᠶ᠋ᠯᠡᠳᠬᠦ᠌ ᠶᠠᠪᠤᠴᠠ᠎ᠲᠤᠮᠳᠠ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠢ ᠤᠬᠠᠭᠤᠯᠤᠨ᠂ ᠠᠵᠢᠯ ᠣᠯᠵᠤ ᠦᠶ᠋ᠯᠡᠰ ᠪᠤᠰᠬᠠᠬᠤ᠎ᠶ᠋ᠢ ᠲᠠᠢᠴᠢᠯᠠᠵᠤ᠂ ᠤᠯᠠᠭᠠᠨ ᠠᠨᠠᠷ᠎ᠤᠨ ᠦᠷᠳᠡᠭᠡ ᠵᠢ ᠦᠨᠡᠨ᠎ᠬᠦ ᠤᠯᠠᠭᠠᠨ ᠠᠨᠠᠷ᠎ᠤᠨ ᠦᠢᠯᠡᠰ ᠪᠤᠰᠬᠠᠬᠤ ᠦᠷᠦᠭᠡ ᠪᠤᠯᠭᠠᠪᠠ》 ᠭᠡᠵᠦ᠍ ᠵᠠᠩ ᠱᠤᠸᠠᠢ ᠬᠡᠯᠡᠪᠡ᠃

ᠣᠢᠯᠠᠭᠠᠭ᠍ᠰᠠᠨ᠎ᠢᠶᠠᠷ᠂ 《ᠤᠯᠠᠭᠠᠨ ᠠᠨᠠᠷ᠎ᠤᠨ  ᠦᠢᠯᠡᠰ ᠪᠤᠰᠬᠠᠬᠤ ᠦᠷᠦᠭᠡ》 ᠨᠢ ᠬᠠᠷᠢᠶ᠎ᠠ ᠣᠷᠣᠨ᠎ᠤ ᠰᠠᠭᠤᠭᠠᠯᠢ ᠠᠷᠠᠳ᠎ᠲᠤ ᠦᠨᠳᠦᠰᠦᠲᠡᠨ᠎ᠦ ᠭᠠᠷ ᠤᠷᠠᠯᠠᠯ᠎ᠤᠨ  ᠪᠣᠯᠪᠠᠰᠤᠷᠠᠯ ᠡᠷᠬᠢᠯᠡᠵᠦ᠂ ᠤᠳᠤ ᠪᠤᠯᠳᠠᠯ᠎ᠠ 12 ᠬᠤᠭᠤᠴᠠᠭᠠᠨ᠎ᠤ ᠪᠤᠯᠪᠠᠰᠤᠷᠠᠯ ᠦᠷᠨᠢᠬᠦᠯᠵᠦ᠂ ᠬᠠᠷᠢᠶ᠎ᠠ ᠣᠷᠣᠨ᠎ᠤ 265 ᠰᠠᠭᠤᠭᠠᠯᠢ ᠠᠷᠠᠳ᠎ᠢ ᠳᠠᠢᠴᠢᠯᠠᠨ ᠠᠵᠢᠯ ᠣᠯᠭᠣᠪᠠ᠂ ᠡᠭᠦᠨ᠎ᠳᠦ 48 ᠬᠥᠮᠦᠨ ᠰᠣᠷᠴᠤ ᠡᠵᠡᠮᠰᠢᠭᠰᠡᠨ ᠭᠠᠷ ᠤᠷᠠᠯᠠᠯ᠎ᠦᠨ ᠴᠢᠳᠠᠪᠤᠷᠢ᠎ᠪᠠᠨ ᠠᠱᠢᠭ᠍ᠯᠠᠨ ᠠᠮᠵᠢᠯᠲᠠ᠎ᠲᠠᠶ᠎ᠪᠠᠷ ᠠᠵᠢᠯ ᠣᠯᠵᠤ᠂ 26 ᠬᠥᠮᠦᠨ᠎ᠦ ᠦᠶ᠋ᠯᠡᠳᠦᠭ᠌ᠰᠡᠨ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢᠶᠠᠷ ᠳᠠᠮᠵᠢᠭᠤᠯᠤᠨ ᠪᠣᠷᠣᠯᠠᠭᠤᠯᠵᠤ ᠪᠠᠢᠨ᠎ᠠ᠃ ᠡᠭᠦᠨ᠎ᠡᠴᠡ ᠭᠠᠳᠠᠨ᠎ᠠ᠂ ᠨᠡᠢᠭᠡᠮ ᠲᠣᠭᠣᠷᠢᠭ ᠪᠠᠰᠠ ᠬᠠᠷᠢᠶ᠎ᠠ ᠣᠷᠣᠨ᠎ᠤ ᠡᠯᠪᠡᠭ ᠪᠠᠶᠠᠯᠢᠭ ᠡᠬᠢ ᠪᠠᠶᠠᠯᠢᠭ᠎ᠲᠠᠭᠠᠨ ᠲᠦᠱᠢᠭ᠌ᠯᠡᠨ ᠠᠵᠢᠯᠴᠢᠨ ᠬᠡᠷᠡᠭ᠌ᠯᠡᠬᠦ᠌ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢ ᠶᠡᠬᠡ᠎ᠪᠡᠷ ᠠᠭᠤᠳᠠᠯᠵᠤ᠂ ᠬᠠᠪᠰᠤᠷᠤᠨ ᠲᠡᠳᠬᠦᠬᠦ᠌ ᠨᠢᠭᠡᠴᠢ᠎ᠶ᠋ᠢᠨ ᠡᠬᠢ ᠪᠠᠶᠠᠯᠢᠭ᠎ᠢ  ᠶᠡᠬᠡ᠎ᠪᠡᠷ ᠨᠡᠭᠡᠭᠡᠨ ᠠᠱᠢᠭ᠍ᠯᠠᠵᠤ᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠲᠤ ᠠᠵᠢᠯ ᠤᠯᠬᠤ ᠲᠣᠬᠢᠶᠠᠯ ᠣᠯᠭᠣᠵᠤ ᠪᠠᠢᠨ᠎ᠠ᠃

   ᠴᠢᠶᠠᠨ ᠵᠢᠨ ᠱᠢᠶᠠᠩ ᠨᠡᠢᠭᠡᠮ ᠲᠣᠭᠣᠷᠢᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠦᠷᠬᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠬᠤ ᠠᠵᠢᠯ᠎ᠢ ᠡᠯ᠎ᠡ ᠵᠦᠢᠯ᠎ᠦᠨ ᠠᠵᠢᠯ᠎ᠳᠠᠭᠠᠨ ᠲᠤᠭᠤᠱᠢᠯᠠᠭᠤᠯᠤᠨ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠵᠠᠭ᠍ᠪᠤᠷ᠎ᠢ ᠱᠢᠯᠢᠳᠡᠭ᠌ᠵᠢᠭᠦᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠨᠢᠬᠳᠠᠷᠠᠨ ᠪᠦᠯᠬᠦᠮᠳᠡᠭᠰᠡᠨ᠂ ᠰᠠᠭᠤᠭᠠᠯᠢ ᠠᠷᠠᠳ ᠥᠷᠭᠡᠨ᠎ᠢᠶᠡᠷ ᠣᠷᠣᠯᠴᠠᠭ᠍ᠰᠠᠨ᠂ ᠬᠥᠷᠰᠢ ᠵᠡᠷᠭᠡᠯᠡᠳᠡᠭᠡ ᠨᠥᠬᠥᠷᠰᠡᠭ ᠲᠤᠳᠤᠨᠤ᠂ ᠬᠠᠮᠲᠤ᠎ᠪᠠᠷ ᠴᠡᠴᠡᠭᠯᠡᠨ ᠬᠥᠭ᠌ᠵᠢᠭᠰᠡᠨ ᠡᠶ᠎ᠡ ᠵᠣᠬᠢᠴᠠᠩᠭᠤᠢ ᠨᠡᠢᠭᠡᠮ ᠲᠣᠭᠣᠷᠢᠭ᠎ᠢ ᠬᠦᠴᠦᠯᠡᠨ ᠪᠠᠢᠭᠤᠯᠵᠤ᠂ ᠦᠨᠳᠤᠰᠦᠳᠡᠨ ᠨᠤᠬᠦᠳ᠎ᠦᠨ ᠤᠯᠠᠨ ᠲᠦᠮᠡᠨ᠎ᠤ ᠵᠢᠷᠭᠠᠯᠳᠤ ᠲᠦᠷᠦᠭᠳᠡᠯ᠂ ᠬᠦᠷᠳᠡᠮᠵᠢ ᠵᠢᠨ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号