ᠪᠠᠶᠠᠨᠨᠠᠭᠤᠷ᠎ᠬᠤᠳᠠ᠄ 《ᠠᠨᠠᠷ᠎ᠤᠨ ᠦᠷ᠎ᠡ》 ᠡᠶᠡᠳᠡᠭᠦᠯᠬᠡ ᠵᠢᠨ ᠲᠠᠰᠤᠭ᠎ᠢ ᠡᠬᠦᠳᠦᠨ ᠪᠠᠢᠭᠤᠯᠪᠠ
2025-11-05 11:32:01
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

 ᠪᠠᠶᠠᠨᠨᠠᠭᠤᠷ ᠬᠣᠲᠠ ᠣᠯᠠᠨ ᠲᠦᠮᠡᠨ᠎ᠲᠡᠶ ᠣᠢᠷᠠᠲᠤᠭ᠍ᠰᠠᠨ᠂ ᠣᠷᠣᠨ ᠨᠤᠲᠤᠭ᠎ᠤᠨ ᠣᠨᠴᠠᠯᠢᠭ ᠪᠠ ᠨᠥᠯᠥᠭᠡᠯᠡᠬᠦ᠌ ᠬᠦᠴᠦᠨ᠎ᠪᠦᠬᠦᠢ 《ᠠᠨᠠᠷ᠎ᠤᠨ ᠦᠷ᠎ᠡ》ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠠᠮᠲᠤᠷᠠᠭ᠍ᠰᠠᠨ ᠡᠶᠡᠳᠡᠭᠦᠯᠬᠡ ᠵᠢᠨ ᠲᠠᠰᠤᠭ ᠎ᠢ ᠬᠦᠴᠦᠯᠡᠨ ᠪᠠᠢᠭᠤᠯᠵᠤ᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ 《ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ》 ᠎ᠢ᠋ ᠪᠠᠳᠤ ᠪᠡᠬᠢ ᠴᠤᠭᠴᠠᠯᠠᠨ᠎ᠠ᠃

ᠪᠠᠶᠠᠨᠨᠠᠭᠤᠷ ᠬᠣᠲᠠ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠡᠨ ᠣᠷᠣᠨ ᠪᠣᠯᠤᠨ᠎ᠠ᠂ ᠪᠥᠬᠥ᠌ ᠬᠣᠲᠠ᠎ᠶ᠋ᠢᠨ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ 6 《ᠠᠨᠠᠷ᠎ᠤᠨ ᠦᠷ᠎ᠡ》 ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠠᠮᠲᠤᠷᠠᠭ᠍ᠰᠠᠨ ᠡᠶᠡᠳᠡᠭᠦᠯᠭᠡ ᠵᠢᠨ ᠲᠠᠰᠤᠭ᠎ᠢ ᠡᠭᠦᠳᠦᠨ ᠪᠠᠢᠭᠤᠯᠵᠤ᠂ ᠠᠬᠠᠮᠠᠳ ᠨᠠᠮ᠎ᠤᠨ ᠭᠡᠱᠢᠭᠦᠨ᠂ ᠠᠵᠢᠯ᠎ᠠᠴᠠ ᠪᠠᠨ ᠠᠮᠠᠷᠠᠭᠰᠠᠨ ᠺᠠᠳ᠋ᠷ᠂ ᠱᠢᠯᠢᠳᠡᠭ ᠦᠨᠳᠦᠰᠦᠲᠡᠨ᠎ᠦ ᠺᠠᠳ᠋ᠷ ᠵᠡᠷᠭᠡ᠎ᠶ᠋ᠢ ᠡᠶᠡᠳᠡᠭᠦᠯᠬᠦ᠌ ᠲᠠᠰᠤᠭ᠎ᠲᠤ ᠤᠷᠢᠨ ᠡᠯᠰᠡᠵᠤ᠂ ᠦᠨᠳᠦᠰᠦᠨ ᠱᠠᠲᠤᠨ᠎ᠤ ᠲᠤᠤᠷᠵᠢᠯᠳᠠ ᠵᠢᠨ ᠵᠠᠰᠠᠯᠲᠠ᠎ᠶ᠋ᠢᠨ ᠲᠠᠪᠴᠠᠩ᠎ᠢ ᠠᠱᠢᠭ᠍ᠯᠠᠨ᠂ ᠬᠠᠷᠢᠶ᠎ᠠ ᠣᠷᠣᠨ᠎ᠤ ᠣᠯᠠᠨ ᠲᠦᠮᠡᠨ᠎ᠳᠦ ᠬᠠᠤᠯᠢ᠎ᠴᠠᠭᠠᠵᠠ᠎ᠶ᠋ᠢᠨ ᠤᠬᠠᠭᠤᠯᠭ᠎ᠠ᠂ ᠬᠠᠤᠯᠢ ᠴᠠᠭᠠᠵᠠ᠎ᠶ᠋ᠢᠨ ᠵᠥᠪᠳᠡᠯᠴᠡᠭᠡ᠂ ᠬᠠᠤᠯᠢ ᠴᠠᠭᠠᠵᠠ᠎ᠶ᠋ᠢᠨ ᠲᠤᠰᠠᠯᠠᠮᠵᠢ ᠵᠡᠷᠭᠡ ᠦᠶ᠋ᠯᠡᠴᠢᠯᠡᠭᠡ ᠬᠠᠩᠭᠠᠨ᠂ ᠵᠥᠷᠢᠴᠡᠯ ᠵᠠᠭᠤᠷᠠᠯᠳᠤᠭᠠᠨ᠎ᠢ  ᠪᠠᠢᠴᠠᠭᠠᠨ ᠵᠢᠭ᠍ᠰᠠᠭᠠᠵᠤ᠂ ᠤᠷᠢᠳᠴᠢᠯᠠᠨ ᠰᠡᠷᠭᠡᠢᠯᠡᠵᠤ᠂ ᠬᠣᠯᠪᠣᠭᠠᠯᠠᠨ ᠨᠠᠮᠳᠠᠭᠤᠯᠵᠤ ᠪᠤᠢ᠃ ᠡᠶᠡᠳᠡᠭᠦᠯᠬᠡ ᠵᠢᠨ ᠲᠠᠰᠤᠭ ᠪᠠᠢᠭᠤᠯᠤᠭ᠍ᠳᠠᠭ᠍ᠰᠠᠨ᠎ᠠᠴᠠ ᠨᠠᠭᠠᠰᠢ ᠡᠶᠡᠳᠡᠭᠦᠯᠭᠡ ᠪᠦᠲᠦᠭ᠌ᠰᠡᠨ ᠨᠤᠷᠮ᠎ᠠ 99.76% ᠎ᠳ᠋ᠤ ᠬᠦᠷᠴᠡᠢ᠃

ᠬᠠᠷᠢᠶ᠎ᠠ ᠭᠠᠵᠠᠷ᠎ᠲᠤᠨᠢ ᠡᠶᠡᠳᠡᠭᠦᠯᠦᠨ ᠱᠢᠶ᠋ᠳᠪᠦᠷᠢᠯᠡᠬᠦ᠌ ᠪᠠ ᠬᠠᠮᠲᠤᠷᠠᠨ ᠡᠶᠡᠳᠡᠭᠦᠯᠦᠨ ᠱᠢᠶ᠋ᠳᠪᠦᠷᠢᠯᠡᠬᠦ᠌᠎ᠶ᠋ᠢ  ᠤᠶᠠᠯᠳᠤᠭᠤᠯᠤᠭ᠍ᠰᠠᠨ ᠡᠶᠡᠳᠡᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠪᠠᠢᠭ᠎ᠠ ᠭᠠᠵᠠᠷ᠎ᠤᠨ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ᠎ᠠᠴᠠ ᠳᠥᠭᠥᠮ᠎ᠢᠶᠡᠷ ᠡᠶᠡᠳᠡᠭᠦᠯᠦᠨ ᠱᠢᠶ᠋ᠳᠪᠦᠷᠢᠯᠡᠵᠦ᠍᠂ ᠣᠯᠠᠨ ᠰᠠᠯᠠᠭ᠎ᠠ ᠮᠥᠴᠢᠷ᠎ᠦᠨ ᠡᠷᠬᠡ ᠲᠤᠱᠢᠶᠠᠯ᠎ᠤᠨ ᠬᠡᠪᠴᠢᠶᠡᠨ᠎ᠳᠦ ᠬᠣᠯᠪᠣᠭ᠍ᠳᠠᠭ᠍ᠰᠠᠨ ᠪᠤᠳᠤᠯᠢᠶᠠᠨᠲᠠᠶ ᠵᠥᠷᠢᠴᠡᠯ ᠵᠠᠭᠤᠷᠠᠯᠳᠤᠭᠠᠨ᠎ᠢ ᠬᠠᠮᠲᠤᠷᠠᠨ ᠬᠥᠳᠡᠯᠦᠯᠴᠡᠵᠦ᠍ ᠡᠶᠡᠳᠡᠭᠦᠯᠦᠨ ᠱᠢᠶ᠋ᠳᠪᠦᠷᠢᠯᠡᠬᠦ᠌᠎ᠶ᠋ᠢ ᠬᠡᠷᠡᠭ᠌ᠵᠢᠭᠦᠯᠵᠤ᠂ ᠡᠶᠡᠳᠡᠭᠦᠯᠬᠦ᠌ ᠠᠵᠢᠯ ᠎ᠢ ᠵᠢᠷᠤᠮᠵᠢᠭᠤᠯᠪᠠ᠃ 《ᠠᠨᠠᠷ᠎ᠤᠨ ᠦᠷ᠎ᠡ》 ᠡᠶᠡᠳᠡᠭᠦᠯᠬᠡ ᠵᠢᠨ ᠲᠠᠰᠤᠭ ᠨᠢᠭᠡᠪᠦᠷᠢ᠎ᠳᠦ ᠠᠳᠠᠭ᠎ᠲᠠᠭᠠᠨ ᠨᠢᠭᠡ ᠥᠪᠡᠷᠲᠡᠭᠡᠨ ᠵᠠᠰᠠᠬᠤ ᠣᠷᠣᠨ᠎ᠤ ᠲᠠᠰ᠎ᠦᠨ ᠨᠠᠷᠡᠳᠤ ᠡᠶᠡᠳᠡᠭᠦᠯᠦᠭ᠌ᠴᠢ ᠵᠢ ᠲᠣᠬᠢᠷᠠᠭᠤᠯᠬᠤ᠎ᠶ᠋ᠢᠨ ᠬᠠᠮᠲᠤ ᠮᠡᠳᠡᠯᠭᠡ ᠪᠣᠯᠪᠠᠰᠤᠷᠠᠯ᠎ᠢᠶᠠᠷ ᠦᠨᠳᠤᠷ᠂ ᠲᠤᠷᠱᠢᠯᠭ᠎ᠠ᠎ᠪᠠᠷ ᠪᠠᠶᠠᠯᠢᠭ ᠡᠶᠡᠳᠡᠭᠦᠯᠦᠭ᠌ᠴᠢ ᠵᠢ ᠠᠷᠪᠠᠭᠠᠳ ᠨᠠᠷᠡᠰ ᠲᠤᠬᠢᠷᠠᠭᠤᠯᠵᠤ᠂  ᠰᠤᠮᠤ ᠱᠢᠶᠠᠩ ᠪᠠᠯᠭᠠᠰᠤ᠎ᠶ᠋ᠢᠨ ᠡᠶᠡᠳᠡᠭᠦᠯᠬᠦ᠌ ᠭᠣᠣᠯᠯᠠᠭ᠍ᠴᠢ ᠬᠦᠴᠦᠨ᠎ᠯᠤᠭᠡ ᠨᠢᠭᠡᠨ ᠰᠠᠯᠠᠭ᠎ᠠ ᠬᠠᠤᠯᠢ ᠴᠠᠭᠠᠵᠠ᠎ᠶ᠋ᠢᠨ  ᠲᠤᠰᠭᠠᠶ ᠮᠡᠷᠭᠡᠵᠢᠯ᠎ᠦᠨ ᠡᠶᠡᠳᠡᠭᠦᠯᠦᠭᠴᠢ ᠵᠢᠨ ᠡᠩᠨᠡᠭᠡ᠎ᠶ᠋ᠢ ᠪᠦᠷᠢᠯᠳᠤᠬᠦᠯᠵᠠᠢ᠃

ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ)ᠶ᠋ᠢᠨ ᠠᠵᠢᠯᠲᠠᠨ᠂ ᠭᠠᠴᠠᠭ᠎ᠠ ᠲᠣᠰᠭᠣᠨ᠎ᠤ  《ᠬᠣᠶᠠᠷ ᠵᠥᠪᠯᠡᠯ》 ᠤ᠋ᠨ ᠺᠠᠳ᠋ᠷ᠎ᠲᠤ ᠲᠥᠪᠯᠡᠷᠡᠭᠦᠯᠦᠨ ᠵᠢᠭᠠᠨ ᠰᠤᠷᠭᠠᠬᠤ᠂ ᠲᠤᠰᠭᠠᠶ ᠮᠡᠷᠭᠡᠵᠢᠯ᠎ᠦᠨ ᠪᠣᠯᠪᠠᠰᠤᠷᠠᠯ ᠬᠢᠬᠦ᠌᠂ 《ᠬᠡᠷ᠎ᠲᠦᠨᠢ ᠬᠦᠷᠭᠡᠬᠦ᠌》 ᠵᠡᠷᠭᠡ ᠣᠯᠠᠨ ᠵᠦᠶ᠋ᠯ᠎ᠦᠨ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂ ᠠᠯᠪᠠᠨ ᠲᠤᠱᠢᠶᠠᠯᠲᠠᠨ᠎ᠤ ᠬᠠᠤᠯᠢ ᠴᠠᠭᠠᠵᠠ ᠵᠢᠨ ᠬᠡᠪ ᠪᠣᠯᠪᠠᠰᠤᠷᠠᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠲᠣᠣᠷᠵᠢᠯᠳᠠ ᠵᠢᠨ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢᠶᠡᠷ ᠳᠠᠮᠵᠢᠭᠤᠯᠤᠨ ᠨᠠᠮ᠎ᠦᠨ ᠬᠡᠰᠢᠬᠦᠨ ᠺᠠᠳ᠋ᠷ᠎ᠢ ᠵᠤᠬᠢᠶᠠᠨ ᠪᠠᠢᠭᠤᠯᠵᠤ᠂  ᠮᠠᠯᠴᠢᠨ ᠲᠠᠷᠢᠶᠠᠴᠢᠨ᠎ᠤ ᠲᠤᠮᠳᠠ ᠬᠦᠨᠵᠡᠭᠡᠢᠷᠡᠵᠦ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠵᠣᠪᠠᠨᠢᠯ ᠎ᠢ ᠠᠷᠢᠯᠭᠠᠵᠤ᠂  ᠳᠥᠭᠥᠮ ᠣᠢᠯᠠᠭᠠᠮᠵᠢᠲᠠᠶ ᠦᠭᠡ ᠬᠡᠯᠡ ᠪᠡᠷ ᠬᠠᠤᠯᠢᠵᠢᠯ᠎ᠦᠨ ᠤᠬᠠᠭᠤᠯᠭ᠎ᠠ ᠥᠷᠨᠢᠭᠦᠯᠬᠦ᠌᠂ ᠴᠢᠭ᠌ᠯᠡᠭᠦᠯᠦᠯᠳᠦ ᠴᠢᠨᠠᠷᠲᠠᠶ ᠬᠠᠤᠯᠢ ᠴᠠᠭᠠᠵᠠ᠎ᠶ᠋ᠢᠨ ᠦᠢᠯᠡᠴᠢᠯᠡᠭᠡ ᠬᠢᠬᠦ᠌ ᠵᠡᠷᠭᠡ ᠣᠯᠠᠨ ᠵᠦᠢᠯ᠎ᠦᠨ ᠠᠷᠭ᠎ᠠ ᠮᠠᠶᠢᠭ᠎ᠢᠶᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌  ᠬᠠᠤᠯᠢ᠎ᠶ᠋ᠢ ᠰᠠᠬᠢᠬᠤ᠂ ᠵᠦᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌᠎ᠳᠦ ᠬᠠᠤᠯᠢ᠎ᠳᠤ ᠲᠦᠱᠢᠭ᠌ᠯᠡᠬᠦ᠌ ᠤᠬᠠᠮᠰᠠᠷ᠎ᠢ ᠨᠢ ᠲᠡᠭᠡᠭᠰᠢᠯᠡᠬᠦᠯᠪᠠ᠃

ᠰᠦᠯᠵᠢᠶᠡᠨ ᠳᠡᠭᠡᠷ᠎ᠠ ᠱᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠶ᠋ᠴᠡᠳ ᠠᠱᠢᠭ᠍ᠯᠠᠨ᠂ 《ᠬᠠᠤᠯᠢᠴᠢ ᠵᠢᠨ ᠬᠠᠤᠯᠢ ᠲᠦᠭᠡᠮᠡᠯᠵᠢᠭᠦᠯᠬᠦ᠌ ᠬᠢᠴᠢᠶᠡᠯ᠎ᠦᠨ ᠲᠠᠩᠬᠢᠮ》᠂ 《ᠨᠡᠪᠲᠡᠷᠡᠭᠦᠯᠦᠭ᠌ᠴᠢ ᠬᠠᠦᠯᠢ ᠶᠠᠷᠢᠬᠤᠢ》 ᠵᠡᠷᠭᠡ ᠬᠠᠤᠯᠢ ᠲᠦᠭᠡᠮᠡᠯᠵᠢᠭᠦᠯᠬᠦ᠌ ᠲᠤᠰᠭᠠᠶ ᠪᠤᠯᠤᠩ᠎ᠢ ᠨᠡᠭᠡᠭᠡᠵᠦ᠍᠂ ᠡᠶᠡᠳᠡᠭᠦᠯᠬᠡ ᠵᠢᠨ ᠲᠠᠰᠤᠭ᠎ᠤᠨ ᠡᠳᠦᠷ ᠲᠤᠲᠤᠮ᠎ᠤᠨ ᠠᠵᠢᠯ᠎ᠤᠨ ᠠᠭᠤᠯᠭ᠎ᠠ᠎ᠪᠠᠷ ᠪᠣᠷᠣ ᠮᠠᠲ᠋ᠧᠷᠢᠶᠠᠯ ᠪᠣᠯᠭᠠᠨ᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢᠨ ᠣᠬᠣᠷ ᠸᠢᠳᠢᠣ᠋᠂ ᠬᠡᠷᠡᠭ᠎ᠦᠨ ᠵᠢᠱ᠌ᠢᠶ᠎ᠠ ᠪᠡᠷ ᠡᠰᠢ ᠲᠠᠳᠠᠨ ᠤᠬᠠᠭᠤᠯᠤᠨ ᠲᠠᠢᠯᠪᠤᠷᠢᠯᠠᠪᠠ᠃ ᠰᠦᠯᠵᠢᠶᠡᠨ ᠭᠠᠳᠠᠨ᠎ᠠ᠂ ᠲᠤᠬᠠᠢ᠎ᠶ᠋ᠢᠨ ᠭᠠᠵᠠᠷ᠎ᠤᠨ ᠤᠨᠴᠠᠯᠢᠬ᠍ᠳᠤ ᠪᠠᠶᠠᠷ ᠲᠤᠷᠠᠰᠬᠠᠯ ᠎ᠤᠨ ᠡᠳᠦᠷ ᠎ᠦᠨ ᠠᠵᠢᠯᠯᠠᠭ᠎ᠠ᠎ᠲᠠᠶ ᠤᠶᠠᠯᠳᠤᠭᠤᠯᠵᠤ᠂  ᠯᠠᠪᠯᠠᠭ᠎ᠠ᠎ᠶ᠋ᠢᠨ ᠲᠠᠪᠴᠠᠩ ᠪᠠᠢᠭᠤᠯᠬᠤ᠂ ᠤᠬᠠᠭᠤᠯᠭ᠎ᠠ ᠵᠢᠨ ᠬᠠᠭᠤᠳᠠᠰᠤ ᠲᠠᠷᠬᠠᠭᠠᠬᠤ᠂ ᠬᠠᠤᠯᠢ ᠪᠡᠷ ᠵᠠᠰᠠᠬᠤ ᠲᠠᠢᠯᠤᠮᠵᠢ ᠬᠢᠬᠦ᠌᠂ ᠤᠯᠠᠨ ᠲᠦᠮᠡᠨ᠎ᠦ ᠬᠠᠤᠯᠢ ᠴᠠᠭᠠᠵᠠ᠎ᠶ᠋ᠢᠨ ᠯᠠᠪᠯᠠᠭ᠎ᠠ᠎ᠳᠤ ᠬᠠᠷᠢᠭᠤᠯᠲᠠ ᠥᠭ᠌ᠬᠦ ᠵᠡᠷᠭᠡ ᠬᠠᠤᠯᠢ ᠪᠡᠷ ᠵᠠᠰᠠᠬᠤ ᠤᠬᠠᠭᠤᠯᠭ᠎ᠠ᠎ᠶ᠋ᠢᠨ ᠠᠵᠢᠯᠯᠠᠭ᠎ᠠ ᠵᠢ ᠢᠳᠡᠪᠬᠢᠳᠠᠢ ᠥᠷᠨᠢᠭᠦᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号