ᠪᠣᠳᠠᠰ᠎ᠤᠨ ᠪᠤᠰᠤ ᠰᠣᠶᠣᠯ᠎ᠤᠨ ᠥᠪ ᠎ᠢ ᠬᠡᠷᠬᠢᠨ ᠱᠢᠨ᠎ᠡ ᠴᠠᠭ ᠦᠶ᠎ᠡ ᠲᠠᠢ ᠵᠤᠯᠭᠠᠭᠤᠯᠬᠤ ᠪᠤᠢ
2025-11-05 11:32:33
ᠵᠣᠬᠢᠶᠠᠭ᠍ᠴᠢ᠄
ᠹᠠᠨ ᠶᠥᠩ
ᠣᠩᠱᠢᠭ᠍ᠰᠠᠨ ᠣᠳᠠᠭ᠎ᠠ᠄
★★★☆☆

ᠪᠣᠳᠠᠰ᠎ᠤᠨ ᠪᠤᠰᠤ ᠰᠣᠶᠣᠯ᠎ᠤᠨ ᠥᠪ᠎ᠢ ᠬᠡᠷᠬᠢᠨ ᠤᠯᠠᠮᠵᠢᠯᠨᠨ ᠵᠠᠯᠭᠠᠮᠵᠢᠯᠠᠬᠤ ᠳᠤᠮᠳᠠ ᠱᠢᠨ᠎ᠡ᠎ᠶ᠋ᠢ ᠡᠭᠦᠳᠴᠦ᠍᠂ ᠬᠡᠷᠬᠢᠨ ᠠᠮᠢᠵᠢᠷᠠᠯ᠎ᠤᠨ ᠬᠦᠴᠦᠨ᠎ᠢᠶᠠᠷ ᠪᠢᠯᠬᠠᠭᠰᠠᠨ ᠱᠢᠨ᠎ᠡ ᠴᠠᠭ ᠦᠶ᠎ᠡ᠎ᠲᠠᠢ ᠵᠤᠯᠭᠠᠭᠤᠯᠬᠤ ᠪᠤᠢ?

ᠡᠨᠡ ᠪᠣᠯ ᠣᠯᠠᠩᠬᠢ ᠪᠣᠳᠠᠰ᠎ᠤᠨ ᠪᠤᠰᠤ ᠰᠤᠶᠤᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ ᠴᠢᠨᠠᠭᠰᠢᠯᠠᠪᠠᠯ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠤᠶᠤᠯ᠎ᠳᠤ ᠲᠤᠯᠭᠠᠷᠠᠵᠤ ᠪᠠᠢᠭ᠎ᠠ ᠬᠠᠮᠲᠤ᠎ᠶ᠋ᠢᠨ ᠴᠠᠭ ᠦᠶ᠎ᠡ᠎ᠶ᠋ᠢᠨ ᠰᠡᠳᠦᠪ ᠪᠣᠯᠤᠨ᠎ᠠ᠃

ᠱᠢᠪᠠᠷ ᠱᠤᠭᠤᠮᠠᠯ᠎ᠤᠨ ᠤᠷ᠎ᠠ ᠮᠡᠷᠭᠡᠵᠢᠯ ᠪᠣᠯᠤᠨ ᠵᠢᠷᠤᠮᠠᠯ ᠵᠦᠴᠦᠭᠡ᠂ ᠺᠠᠷᠲ᠋ᠤᠨ᠎ᠤ ᠳᠦᠷᠢ ᠶ᠋ᠢ ᠬᠠᠷᠢᠯᠴᠠᠨ ᠠᠭᠤᠰᠤᠯᠴᠠᠭᠤᠯᠬᠤ᠎ᠪᠠᠷ ᠲᠤᠷᠱᠢᠵᠤ᠂ ᠡᠭᠦᠨ᠎ᠢᠶᠠᠷ ᠳᠠᠮᠵᠢᠨ ᠨᠡᠩ ᠤᠯᠠᠨ ᠵᠠᠯᠠᠭᠤ ᠨᠢᠭᠡ ᠦᠶ᠎ᠡ᠎ᠶ᠋ᠢᠨ ᠬᠢᠨ᠎ᠤ ᠠᠩᠬᠠᠷᠤᠯ᠎ᠢ ᠲᠠᠲᠠᠨ᠂ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ ᠵᠡᠷᠭᠡ ᠤᠳᠤ ᠦᠶ᠎ᠡ᠎ᠶ᠋ᠢᠨ ᠳᠠᠮᠵᠢᠭᠤᠯᠭ᠎ᠠ᠎ᠶ᠋ᠢᠨ ᠠᠷᠭ᠎ᠠ ᠪᠠᠷᠢᠯ᠎ᠲᠠᠢ ᠢᠳᠡᠪᠬᠢᠲᠡᠢ ᠵᠤᠯᠭᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠢ ᠤᠳᠤ ᠦᠶ᠎ᠡ᠎ᠶ᠋ᠢᠨ ᠠᠮᠢᠳᠤᠷᠠᠯ᠎ᠲᠠᠢ᠎ᠵᠠᠪᠰᠠᠷ ᠦᠭᠡᠢ ᠵᠣᠯᠭᠠᠭᠤᠯᠬᠤ᠎ᠶ᠋ᠢ ᠰᠦᠪᠡᠭ᠌ᠴᠢᠯᠡᠵᠦ᠍᠂ ᠰᠢᠨ᠎ᠡ ᠠᠮᠢᠵᠢᠷᠠᠯ᠎ᠤᠨ ᠬᠦᠴᠦᠨ ᠲᠠᠢ ᠪᠤᠯᠭᠠᠵᠤ ᠪᠠᠢᠨ᠎ᠠ᠃ ᠡᠨᠡ ᠪᠣᠯ ᠬᠢᠩᠭᠠᠨ ᠠᠢᠮᠠᠭ᠎ᠤᠨ ᠲᠦᠷᠦᠬᠦᠦ ᠪᠦᠯᠦᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠪᠤᠯᠬᠤ ᠲᠦᠴᠢᠦᠸᠠᠨ᠎ᠤ ᠱᠢᠪᠠᠷ ᠱᠤᠭᠤᠮᠠᠯ᠎ᠤᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ ᠯᠢᠦ ᠱᠦ᠍ ᠴᠢᠨ᠎ᠤ ᠣᠯᠤᠯᠲᠠ ᠲᠥᠷᠥᠭ᠌ᠳᠡᠯ ᠪᠣᠯᠤᠨ᠎ᠠ᠃

《ᠭᠦᠨ ᠵᠤᠵᠠᠭᠠᠨ ᠲᠠᠷᠢᠶᠠᠯᠠᠬᠤ ᠰᠣᠶᠣᠯ᠎ᠢ ᠬᠠᠷᠠᠭᠤᠯᠤᠭᠰᠠᠨ ᠪᠦᠲᠦᠭᠡᠯ᠎ᠢ ᠨᠡᠩ ᠠᠷᠪᠢᠨ ᠵᠤᠬᠢᠶᠠᠨ ᠪᠦᠲᠦᠭᠡᠵᠦ᠂ ᠤᠯᠠᠮᠵᠢᠯᠠᠯᠲᠤ ᠤᠷ᠎ᠠ ᠮᠡᠷᠭᠡᠵᠢᠯ ᠪᠣᠯᠤᠨ ᠤᠳᠤ ᠦᠶ᠎ᠡ᠎ᠶ᠋ᠢᠨ ᠭᠤᠸ᠎ᠠ ᠲᠠᠭᠠᠱᠢᠶᠠᠯ᠎ᠤᠨ ᠭᠦᠨᠵᠡᠭᠡᠢ ᠠᠭᠤᠰᠤᠯᠴᠠᠬᠤ ᠵᠢ ᠠᠬᠢᠭᠤᠯᠵᠤ᠂ ᠨᠡᠩ ᠤᠯᠠᠨ ᠬᠥᠮᠦᠨ᠎ᠳᠤ ᠱᠢᠪᠠᠷ ᠱᠤᠭᠤᠮᠠᠯ᠎ᠤᠨ ᠥᠪᠡᠷᠮᠢᠴᠡ ᠭᠠᠢᠬᠠᠮᠰᠢᠬ᠎ᠢ ᠤᠢᠯᠠᠭᠠᠭᠤᠯᠵᠤ᠂ ᠡᠨᠡ ᠬᠦ᠌ ᠡᠷᠲᠡᠨ᠎ᠤ ᠤᠷᠠᠯᠢᠭ᠎ᠢ ᠱᠢᠨ᠎ᠡ ᠴᠠᠭ ᠦᠶ᠎ᠡ᠎ᠳᠤ ᠰᠢᠨ᠎ᠡ ᠠᠮᠢᠵᠢᠷᠠᠯ᠎ᠤᠨ ᠬᠦᠴᠦᠨ ᠲᠠᠢ ᠪᠤᠯᠭᠠᠨ᠎ᠠ》᠃ ᠯᠢᠦ ᠱᠦ᠍ ᠴᠢᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ ᠶᠠᠪᠤᠴᠠ ᠳ᠋ᠡᠬᠢ ᠲᠤᠪᠤᠢᠮ᠎ᠠ ᠱᠢᠨ᠎ᠡ ᠰᠣᠶᠣᠯ᠎ᠤᠨ ᠬᠠᠷᠠᠭᠠᠰᠤ ᠨᠢ ᠲᠡᠭᠦᠨ᠎ᠤ ᠵᠣᠬᠢᠶᠠᠨ ᠪᠦᠲᠦᠭᠡᠬᠦ᠌ ᠲᠥᠯᠥᠪᠯᠡᠭᠡ᠎ᠳᠤ ᠨᠡᠩ ᠢᠯᠡᠷᠬᠡᠢ ᠬᠠᠷᠠᠭᠳᠠᠵᠤ ᠪᠠᠢᠨ᠎ᠠ᠃ ᠲᠡᠭᠦᠨ᠎ᠦ ᠢᠯᠡᠷᠡᠭᠦᠯᠦᠭ᠌ᠰᠡᠨ 《ᠤᠳᠤ ᠦᠶ᠎ᠡ᠎ᠶ᠋ᠢᠨ ᠤᠬᠠᠮᠰᠠᠷ》 ᠪᠣᠯ ᠪᠣᠳᠠᠰ᠎ᠤᠨ ᠪᠤᠰᠤ ᠰᠤᠶᠤᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ᠎ᠶ᠋ᠢᠨ ᠲᠣᠯᠢ ᠪᠣᠯᠭᠠᠬᠤ ᠴᠢᠬᠤᠯᠠᠲᠠᠢ ᠨᠠᠨᠳᠢᠨ ᠲᠤᠷᠱᠢᠯᠭ᠎ᠠ ᠮᠥᠨ᠃

ᠪᠣᠳᠠᠰ᠎ᠤᠨ ᠪᠤᠰᠤ ᠰᠣᠶᠣᠯ᠎ᠤᠨ ᠥᠪ᠎ᠤᠨ ᠱᠢᠨ᠎ᠡ᠎ᠶ᠋ᠢ ᠡᠭᠦᠳᠬᠦ᠌᠎ᠳᠤ ᠤᠯᠠᠮᠵᠢᠯᠠᠯ᠎ᠢ ᠬᠦᠨᠳᠦᠳᠭᠡᠭ᠌ᠰᠡᠨ᠎ᠤ ᠰᠠᠭᠤᠷᠢᠨ ᠳᠡᠭᠡᠷ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠵᠢᠡᠷ ᠬᠦᠴᠦ ᠨᠡᠮᠡᠷᠢᠯᠡᠬᠦ᠂ ᠳᠠᠮᠵᠢᠭᠤᠯᠭ᠎ᠠ ᠵᠢᠨ ᠬᠡᠪᠴᠢᠶ᠎ᠠ ᠵᠢ ᠥᠷᠭᠡᠳᠭᠡᠬᠦ᠂ ᠤᠳᠤ ᠦᠶ᠎ᠡ᠎ᠶ᠋ᠢᠨ ᠵᠢᠷᠤᠭ ᠲᠥᠯᠥᠪᠯᠡᠭᠡ᠎ᠶ᠋ᠢ ᠴᠢᠩᠭᠠᠳᠭᠠᠬᠤ᠂ ᠠᠵᠢᠯ ᠲᠥᠷᠥᠯ ᠠᠯᠤᠰᠯᠠᠨ ᠠᠭᠤᠰᠤᠯᠴᠠᠬᠤ᠎ᠶ᠋ᠢ ᠴᠢᠩᠭᠠᠳᠭᠠᠬᠤ ᠵᠡᠷᠭᠡ ᠤᠯᠠᠨ ᠲᠠᠯ᠎ᠠ᠎ᠶ᠋ᠢᠨ ᠰᠦᠪᠡᠭ᠌ᠴᠢᠯᠡᠯᠲᠡ᠎ᠪᠠᠷ ᠳᠠᠮᠵᠢᠭᠤᠯᠤᠨ᠂ ᠲᠡᠭᠦᠨ᠎ᠤ ᠰᠣᠶᠣᠯ᠎ᠤᠨ ᠦᠷᠳᠡᠭ᠎ᠢ ᠪᠦᠲᠦᠮᠵᠢᠲᠡᠢ ᠪᠠᠳᠠᠷᠠᠭᠤᠯᠬᠤ ᠬᠡᠷᠡᠭ᠌ᠲᠡᠢ᠃

ᠰᠢᠨ᠎ᠡ ᠵᠢ ᠡᠭᠦᠳᠬᠦ ᠪᠤᠯ ᠤᠯᠠᠮᠵᠢᠯᠠᠯ᠎ᠡᠴᠡ ᠳᠡᠷᠰᠯᠡᠵᠦ ᠪᠠᠢᠭ᠎ᠠ ᠪᠢᠰᠢ᠂ ᠬᠠᠷᠢᠨ ᠤᠯᠠᠮᠵᠢᠯᠠᠯ᠎ᠢ ᠬᠠᠮᠠᠭᠠᠯᠠᠵᠤ ᠠᠮᠢᠵᠢᠷᠠᠯ᠎ᠤᠨ ᠬᠦᠴᠦᠨ ᠲᠠᠢ ᠪᠤᠯᠭᠠᠵᠤ ᠪᠠᠢᠭ᠎ᠠ ᠶᠠᠪᠤᠳᠠᠯ ᠪᠤᠯᠤᠨ᠎ᠠ᠃ ᠪᠤᠳᠠᠰ᠎ᠤᠨ ᠪᠤᠰᠤ ᠰᠤᠶᠤᠯ᠎ᠤᠨ ᠦᠪ ᠪᠤᠯ ᠴᠢᠯᠠᠭᠤᠵᠢᠮᠠᠯ ᠪᠢᠰᠢ᠂ ᠬᠠᠷᠢᠨ ᠠᠮᠢᠳᠤᠯᠢᠭ ᠤᠯᠠᠮᠵᠢᠯᠠᠬᠤ ᠶᠠᠪᠤᠴᠠ ᠳ᠋ᠡᠬᠢ ᠰᠤᠶᠤᠯ᠎ᠤᠨ ᠭᠸᠨ᠎ᠤ ᠳᠠᠬᠢᠨ ᠠᠮᠢᠯᠠᠯ ᠮᠦᠨ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠤᠶᠤᠯ᠎ᠤᠨ ᠠᠴᠢᠶᠠᠯᠠᠪᠤᠷᠢ ᠨᠢ ᠮᠦᠽᠸᠢ᠎ᠳᠤ ᠪᠤᠶᠤ ᠠᠪᠳᠠᠷ᠎ᠠ ᠬᠤᠷᠭᠤᠨ ᠳ᠋ᠦ ᠬᠠᠳᠠᠭᠠᠯᠠᠬᠤ᠂ ᠡᠰᠡᠭᠦᠯ᠎ᠡ ᠵᠡᠭᠡᠯᠢ ᠭᠤᠳᠤᠮᠵᠢ ᠵᠢᠨ ᠬᠦᠨ᠎ᠳᠤ ᠨᠢᠭᠤᠬᠤ ᠲᠡᠦᠬᠡ ᠵᠢᠨ ᠳᠤᠷᠠᠰᠬᠠᠯᠲᠤ ᠵᠦᠢᠯ ᠪᠢᠰᠢ᠂ ᠬᠠᠷᠢᠨ ᠤᠯᠠᠨ ᠲᠦᠮᠡᠨ᠎ᠤ ᠳᠤᠮᠳᠠ ᠬᠠᠷᠠᠭᠳᠠᠬᠤ ᠦᠵᠡᠮᠵᠢ᠂ ᠬᠦᠮᠦᠰ᠎ᠤᠨ ᠬᠤᠭᠤᠷᠤᠨᠳᠤ ᠪᠠᠨ ᠬᠠᠯᠠᠭᠤᠨ ᠰᠤᠯᠢᠯᠴᠠᠭ᠎ᠠ ᠬᠢᠬᠦ ᠨᠡᠢᠭᠡᠮ᠎ᠤᠨ ᠬᠠᠷᠢᠯᠴᠠᠭᠠᠨ᠎ᠤ ᠵᠦᠢᠯᠡᠰ ᠪᠠᠢᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号