ᠢᠲᠡᠭᠡᠯ ᠵᠣᠷᠢᠭ᠎ᠢᠶᠠᠨ ᠪᠠᠲᠤᠳᠭᠠᠨ ᠡᠷᠴᠢ ᠵᠣᠷᠢᠭ᠎ᠢᠶᠠᠨ ᠬᠥᠪᠴᠢᠯᠡᠰᠤᠭᠡᠢ
2025-11-05 10:09:55
ᠵᠣᠬᠢᠶᠠᠭ᠍ᠴᠢ᠄
ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠪᠦᠬᠦ᠌ ᠵᠢᠯ᠎ᠦᠨ ᠬᠠᠷᠠᠯᠲᠠ ᠡᠭᠦᠷᠭᠡ ᠳ᠋ᠤ ᠠᠩᠬᠠᠷᠤᠯ ᠵᠢᠡᠨ ᠲᠦᠪᠯᠡᠷᠡᠬᠦᠯᠵᠦ  ᠵᠢᠷᠠᠨ ᠡᠳᠤᠷ ᠤ᠋ᠨ ᠱᠢᠢᠳᠪᠦᠷᠢᠲᠦ ᠳᠠᠢᠯᠠᠯᠳᠤᠭᠠᠨ᠎ᠬᠢᠬᠦ ᠲᠤᠬᠠᠢ ᠨᠢᠭᠡᠨᠲᠡ ᠥᠭᠦᠯᠡᠬᠦ᠌ ᠨᠢ


ᠡᠷᠡᠮᠡᠭᠡᠢᠯᠡᠨ ᠲᠠᠮᠡᠴᠡᠭᠰᠡᠨ ᠨᠢᠬᠡ ᠵᠢᠯ ᠤᠳᠠᠯ ᠦᠭᠡᠢ ᠰᠡᠭᠦᠯ ᠬᠤᠷᠢᠶᠠᠬᠤ ᠭᠡᠵᠦ᠍ ᠪᠤᠢ᠃ 2025 ᠣᠨ ᠰᠡᠬᠦᠯ ᠰᠢᠪᠳᠤᠷᠴᠤ᠂ ᠣᠨ᠎ᠤ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌ ᠡᠴᠦᠰ᠎ᠦᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠪᠠ᠃ ᠡᠯ᠎ᠡ ᠵᠦᠢᠯ᠎ᠦᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠵᠢᠯ᠎ᠤᠨ ᠰᠡᠬᠦᠯᠴᠢ ᠵᠢᠨ ᠬᠤᠭᠤᠴᠠᠭᠠᠨ ᠤ᠋ ᠠᠵᠢᠯ᠎ᠢᠶᠠᠨ ᠰᠠᠢᠲᠤᠷ ᠬᠢᠵᠦ᠍᠂ ᠰᠡᠬᠦᠯ ᠬᠤᠷᠢᠶᠠᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ ᠴᠢᠳᠠᠬᠤ ᠡᠰᠡᠬᠦ᠌ ᠨᠢ ᠠᠵᠢᠯ᠎ᠤᠨ ᠶᠠᠰᠤ ᠴᠢᠨᠠᠷ ᠦᠷ᠎ᠡ ᠠᠱᠢᠭ᠎ᠲᠠᠶ ᠬᠣᠯᠪᠣᠭ᠍ᠳᠠᠵᠤ᠂ ᠬᠥᠭ᠌ᠵᠢᠯᠲᠡ᠎ᠶ᠋ᠢᠨ ᠶᠡᠬᠡ ᠲᠠᠯ᠎ᠠ᠎ᠳ᠋ᠦ ᠬᠣᠯᠪᠣᠭ᠍ᠳᠠᠨ᠎ᠠ᠃

ᠪᠢᠳᠡ ᠦᠷᠭᠦᠯᠵᠢ 《ᠰᠠᠢᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ ᠪᠤᠯ ᠠᠯᠢᠪᠠ ᠠᠵᠢᠯ ᠢ᠋ ᠰᠠᠢᠳᠤᠷ ᠬᠢᠬᠦ ᠵᠢᠨ ᠤᠷᠢᠳᠠᠯ ᠮᠦᠨ》 ᠭᠡᠵᠦ᠍ ᠬᠡᠯᠡᠳᠡᠭ᠂ ᠢᠲᠡᠭᠡᠯ ᠪᠣᠯ ᠱᠢᠵᠢᠷ ᠠᠯᠳᠠ᠂ ᠢᠲᠡᠭᠡᠯ ᠪᠣᠯ ᠳᠠᠷᠤᠢ ᠳᠦᠷᠰᠦ ᠪᠠᠢᠳᠠᠯ ᠮᠥᠨ᠃ ᠵᠢᠯ ᠤ᠋ᠨ ᠡᠬᠢᠨ ᠡᠴᠡ ᠨᠠᠭᠠᠰᠢ᠂  ᠤᠷᠤᠨ ᠳᠠᠶᠠᠭᠠᠷ ᠵᠢᠨᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠷᠡᠮᠡᠬᠡᠢᠯᠡᠨ ᠲᠡᠮᠡᠴᠡᠵᠦ᠍᠂ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠵᠤ ᠠᠬᠤᠢ᠎ᠶ᠋ᠢᠨ ᠡᠷᠭᠢᠯᠲᠡ ᠲᠣᠭ᠍ᠲᠠᠭᠤᠨ᠎ᠤ ᠳᠤᠮᠳᠠ ᠠᠬᠢᠵᠤ᠂ ᠶᠡᠷᠦᠩᠬᠡᠢ᠎ᠳᠡᠭᠡᠨ ᠲᠣᠭ᠍ᠲᠠᠭᠤᠨ ᠪᠠᠢᠨ᠎ᠠ᠃ ᠭᠡᠪᠡᠴᠦ᠍᠂ ᠦᠪᠦᠷ ᠮᠤᠩᠭᠤᠯ᠎ᠤᠨ ᠠᠵᠤ ᠠᠬᠤᠢ᠎ᠶ᠋ᠢᠨ ᠬᠥᠭ᠌ᠵᠢᠯᠲᠡ ᠪᠠᠰᠠ ᠴᠥᠭᠡᠨ ᠪᠤᠰᠤ ᠬᠦᠴᠢᠷᠳᠡᠯ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌᠎ᠳᠦ ᠡᠷᠬᠡᠪᠰᠢ ᠬᠥᠭ᠌ᠵᠢᠯᠲᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠵᠤ᠂ ᠣᠷᠭᠢᠯᠤᠮ᠎ᠠ ᠬᠠᠯᠠᠭᠤᠨ ᠰᠡᠳᠭᠢᠯᠭᠡ᠂ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ ᠲᠣᠭ᠍ᠲᠠᠭ᠍ᠰᠠᠨ ᠬᠠᠷᠠᠯᠲᠠ ᠲᠡᠢᠰᠢ᠎ᠪᠠᠨ ᠶᠡᠬᠡ ᠠᠯᠬᠤᠮ᠎ᠢᠶᠠᠷ ᠤᠷᠤᠭ᠍ᠰᠢᠯᠠᠬᠤ ᠬᠡᠷᠡᠭ᠌ᠲᠡᠢ ᠭᠡᠳᠡᠭ᠎ᠢ ᠰᠡᠷᠭᠡᠭ᠎ᠢᠶᠡᠷ ᠣᠯᠵᠤ ᠬᠠᠷᠠᠬᠤ ᠬᠡᠷᠡᠭ᠌ᠲᠡᠢ᠃

ᠬᠦᠴᠦᠨ ᠴᠢᠳᠠᠯ᠎ᠢ ᠢᠲᠡᠭᠡᠯ ᠵᠣᠷᠢᠭ᠎ᠢᠶᠠᠨ ᠪᠠᠲᠤᠳᠭᠠᠬᠤ ᠳᠤᠮᠳᠠ ᠨᠢᠭ᠍ᠲᠠᠷᠠᠭᠤᠯᠳᠠᠭ᠃ ᠪᠦᠬᠦ᠌ ᠵᠢᠯ᠎ᠦᠨ ᠬᠠᠷᠠᠯᠲᠠ ᠡᠭᠦᠷᠭᠡ᠎ᠳᠤ ᠠᠩᠬᠠᠷᠤᠯ ᠵᠢᠨᠨ ᠲᠦᠪᠯᠡᠷᠡᠬᠦᠯᠵᠦ ᠵᠢᠷᠠᠨ ᠡᠳᠦᠷ᠎ᠦᠨ ᠱᠢᠢᠳᠪᠦᠷᠢᠲᠦ ᠳᠠᠢᠯᠠᠯᠳᠤᠭᠠᠨ ᠬᠢᠬᠦ᠌᠎ᠳᠦ ᠵᠠᠨᠭᠭᠢᠯᠠᠭ᠎ᠠ ᠨᠢ ᠢᠲᠡᠭᠡᠯ ᠵᠣᠷᠢᠭ᠎ᠢᠶᠠᠨ ᠪᠠᠲᠤᠳᠭᠠᠬᠤ ᠳ᠋ᠤ ᠪᠤᠢ᠃ ᠪᠢᠳᠡᠨ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠲᠠᠶ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠴᠢᠩᠭ᠎ᠠ ᠬᠦᠴᠦᠲᠡᠢ ᠲᠦᠷᠦ᠍᠎ᠶ᠋ᠢᠨ ᠪᠤᠳᠤᠯᠭ᠎ᠠ᠎ᠶ᠋ᠢᠨ ᠲᠤᠯᠭᠠᠭᠤᠷᠢᠯᠠᠯ᠎ᠲᠠᠶ᠂ ᠡᠬᠢ ᠪᠠᠶᠠᠯᠢᠭ᠂ ᠣᠷᠣᠨ ᠪᠠᠢᠷᠢ ᠵᠡᠷᠭᠡ ᠳᠠᠪᠠᠭᠤᠯᠢᠭ ᠳᠠᠪᠬᠤᠴᠠᠭ᠍ᠰᠠᠨ ᠤᠨᠴᠠᠯᠢᠭ ᠲᠠᠢ᠂ ᠠᠵᠢᠯᠴᠢ ᠬᠥᠳᠡᠯᠮᠦᠷᠢᠴᠢ ᠣᠶᠤᠨ ᠤᠠᠬᠭᠠᠨ ᠲᠠᠢ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠪᠦᠯᠬᠦᠮᠳᠡᠯ ᠲᠡᠮᠡᠴᠡᠯ ᠲᠠᠢ ᠁ ᠡᠳᠡᠭᠡᠷ ᠨᠢ ᠴᠥᠮ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌ ᠢᠲᠡᠭᠡᠯ ᠵᠣᠷᠢᠭ ᠪᠠ ᠢᠳᠡ ᠬᠦᠴᠦᠨ ᠪᠣᠯᠬᠤ᠎ᠶ᠋ᠢ ᠣᠯᠵᠤ ᠬᠠᠷᠠᠬᠤ ᠬᠡᠷᠡᠭ᠌ᠲᠡᠢ᠃ ᠬᠦᠪᠴᠢ ᠪᠠᠨ ᠴᠢᠩᠭᠠᠯᠠᠨ᠂ ᠨᠤᠮᠤ ᠪᠠᠨ ᠲᠡᠯᠡᠵᠦ᠂ ᠭᠦᠢᠴᠡᠳ ᠬᠦᠴᠦᠯᠡᠨ᠂ ᠥᠪᠥᠷ ᠮᠣᠩᠭᠣᠯ᠎ᠤᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠢᠳᠡᠪᠬᠢᠲᠡᠢ ᠡᠯᠧᠮᠧᠨ᠋ᠲ ᠪᠣᠯᠤᠨ ᠠᠱᠢᠭ᠍ᠲᠠᠢ ᠨᠥᠬᠥᠴᠡᠯ᠎ᠢ ᠦᠨᠡᠨ ᠬᠦ᠌ ᠰᠠᠢᠲᠤᠷ ᠡᠵᠡᠮᠳᠡᠵᠦ᠍᠂ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠪᠢᠳᠡ ᠪᠦᠬᠦ᠌ ᠵᠢᠯ᠎ᠦᠨ ᠠᠵᠢᠯ᠎ᠤᠨ 《ᠡᠴᠦᠰ᠎ᠦᠨ ᠨᠢᠭᠡ ᠪᠤᠤᠭᠢᠶ᠎ᠠ》 ᠵᠢ ᠰᠠᠢᠲᠤᠷ ᠭᠦᠶᠦᠬᠦ ᠢᠲᠡᠭᠡᠯ ᠪᠦᠷᠢᠨ ᠪᠠᠢᠨ᠎ᠠ᠃

ᠬᠥᠭ᠌ᠵᠢᠯᠲᠡ ᠪᠤᠯ ᠪᠣᠳᠠᠲᠠᠢ ᠠᠵᠢᠯᠯᠠᠵᠤ ᠲᠡᠷᠢᠭᠦᠨ᠎ᠤ ᠬᠢ ᠪᠤᠯᠬᠤ ᠪᠡᠷ ᠲᠡᠮᠡᠴᠡᠬᠦ ᠳᠤᠮᠳᠠ ᠪᠡᠶᠡᠯᠡᠭᠳᠡᠨ᠎ᠡ᠃ ᠪᠦᠬᠦ᠌ ᠵᠢᠯ᠎ᠦᠨ ᠬᠠᠷᠠᠯᠲᠠ ᠡᠭᠦᠷᠭᠡ ᠳ᠋ᠤ ᠠᠩᠬᠠᠷᠤᠯ ᠵᠢᠡᠨ ᠲᠦᠪᠯᠡᠷᠡᠬᠦᠯᠵᠦ ᠵᠢᠷᠠᠨ ᠡᠳᠦᠷ᠎ᠤᠨ ᠱᠢᠢᠳᠪᠦᠷᠢᠲᠦ ᠳᠠᠢᠯᠠᠯᠳᠤᠭᠠᠨ ᠬᠢᠬᠦ ᠳ᠋ᠦ ᠬᠦᠯᠢᠶᠡᠵᠦ ᠪᠠᠢᠭᠠᠳ ᠣᠯᠬᠤ ᠭᠡᠷᠡᠯ ᠰᠠᠴᠤᠷᠠᠩᠭᠤᠢ ᠠᠮᠵᠢᠯᠲᠠ ᠭᠡᠵᠦ ᠪᠠᠢᠬᠤ ᠦᠭᠡᠢ᠂ ᠭᠠᠭ᠍ᠴᠠ ᠬᠦ᠌ ᠬᠢᠵᠦ ᠪᠠᠢᠭᠠᠳ ᠤᠯᠬᠤ ᠬᠢᠯᠠᠯᠵᠠᠮ᠎ᠠ ᠠᠮᠵᠢᠯᠲᠠ ᠭᠡᠵᠦ ᠪᠤᠢ᠃ ᠪᠦᠬᠦ᠌ ᠵᠢᠯ᠎ᠦᠨ ᠬᠠᠷᠠᠯᠲᠠ ᠡᠭᠦᠷᠭᠡ ᠵᠢᠨ ᠰᠢᠪᠳᠤᠯᠤᠯᠳᠠ ᠳ᠋ᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠂ ᠭᠦᠨᠵᠡᠭᠡᠢ ᠣᠢᠯᠠᠭᠠᠬᠤ ᠵᠢ ᠪᠤᠳᠠᠳᠠᠢ ᠳ᠋ᠦ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠣᠨᠣᠴᠠᠲᠠᠢ ᠨᠠᠢᠳᠠᠪᠤᠷᠢᠵᠢᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ;  ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠤᠤᠯ ᠲᠡᠢᠯᠠᠯᠳᠤᠭᠠᠨ᠎ᠦ ᠲᠠᠯᠠᠪᠤᠷ᠂ ᠪᠠᠴᠢᠮ ᠲᠦᠪᠡᠭ ᠪᠡᠷᠭᠡ ᠬᠦᠨᠳᠦ ᠨᠢᠭᠡᠳᠦᠭᠡᠷ ᠹᠷᠣᠨᠲ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠤᠭ᠎ᠤᠨ ᠡᠮᠦᠨ᠎ᠡ ᠹᠷᠣᠨᠲ᠎ᠲᠤ ᠣᠯᠠᠨ ᠲᠦᠮᠡᠨ᠎ᠳᠦ ᠦᠶ᠋ᠯᠡᠴᠢᠯᠡᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠲᠥᠷᠥᠯ ᠵᠦᠶ᠋ᠯ᠎ᠢ ᠠᠳᠭᠤᠵᠤ᠂ ᠠᠷᠭ᠎ᠠ ᠪᠦᠬᠦᠨ᠎ᠢ ᠰᠦᠪᠡᠭ᠌ᠴᠢᠯᠡᠨ ᠠᠬᠢᠴᠠ᠎ᠶ᠋ᠢ ᠠᠮᠵᠢᠵᠤ᠂ ᠪᠦᠬᠦ ᠴᠢᠳᠠᠯ᠎ᠵᠢᠡᠨ ᠰᠢᠪᠬᠠᠨ ᠠᠵᠤ ᠠᠬᠤᠶ ᠵᠢ ᠬᠦᠭᠵᠢᠬᠦᠯᠵᠦ᠂ ᠠᠯᠢᠪᠠ ᠬᠦᠴᠢᠷ ᠪᠡᠷᠬᠡᠱᠢᠶᠡᠯ᠎ᠢ ᠢᠯᠡᠨ ᠳᠠᠪᠠᠵᠤ᠂ ᠠᠯᠢᠪᠠ ᠬᠦᠴᠦᠨ᠎ᠢ ᠳᠠᠢᠴᠢᠯᠠᠵᠤ᠂ ᠪᠥᠬᠥ᠌ ᠬᠦᠴᠦᠨ᠎ᠢᠶᠡᠷ᠎ᠢᠶᠡᠨ ᠡᠯ᠎ᠡ ᠵᠦᠶ᠋ᠯ᠎ᠦᠨ ᠠᠵᠢᠯ ᠎ᠢ ᠦᠨᠡᠨ ᠪᠣᠳᠠᠲᠠᠶ ᠠᠳᠭᠤᠵᠤ᠂ ᠢᠮᠠᠭ᠍ᠲᠠ ᠬᠢᠵᠦ᠍᠂ ᠵᠠᠪᠠᠯ ᠢᠯᠠᠬᠤ ᠰᠥᠰᠥ᠍ ᠵᠣᠷᠢᠭ ᠪᠠ ᠡᠷᠴᠢ ᠵᠣᠷᠢᠭ᠎ᠢᠶᠠᠷ ᠬᠠᠮᠤᠭ᠎ᠤᠨ ᠰᠠᠢᠨ ᠦᠷ᠎ᠡ ᠳ᠋ᠦᠩ ᠤᠯᠬᠤ᠎ᠪᠠᠷ ᠴᠢᠷᠮᠠᠢᠬᠤ ᠬᠡᠷᠡᠭ᠌ᠲᠡᠶ᠃

ᠱᠢᠪᠲᠤᠯᠤᠯᠲᠠ ᠬᠢᠬᠦ᠌᠎ᠳᠦ᠂ ᠨᠠᠳᠠ᠎ᠡᠴᠡ ᠥᠭᠡᠷ᠎ᠡ ᠬᠡᠨ ᠪᠠᠢᠬᠤ ᠪᠤᠢ ᠭᠡᠰᠡᠨ ᠲᠡᠮᠡᠴᠡᠯ᠎ᠦᠨ ᠵᠣᠷᠢᠭ ᠪᠠᠢᠬᠤ ᠬᠡᠷᠡᠭ᠌ᠲᠡᠢ; ᠱᠢᠢᠳᠪᠦᠷᠢᠲᠦ ᠢᠯᠠᠯᠲᠠ᠎ᠶ᠋ᠢ ᠤᠯᠬᠤ᠎ᠳᠤ ᠵᠠᠪᠠᠯ ᠠᠮᠵᠢᠯᠲᠠ ᠤᠯᠬᠤ ᠰᠦᠷ ᠵᠢᠪᠬᠤᠭ᠎ᠠ ᠪᠠᠢᠬᠤ ᠬᠡᠷᠡᠭ᠌ᠲᠡᠢ᠃ ᠪᠦᠬᠦ᠌ ᠵᠢᠯ᠎ᠦᠨ ᠬᠠᠷᠠᠯᠲᠠ ᠡᠭᠦᠷᠭᠡ᠎ᠳᠤ ᠠᠩᠬᠠᠷᠤᠯ ᠵᠢᠡᠨ ᠲᠦᠪᠯᠡᠷᠡᠬᠦᠯᠵᠦ ᠵᠢᠷᠠᠨ ᠡᠳᠦᠷ᠎ᠤᠨ ᠱᠢᠢᠳᠪᠦᠷᠢᠲᠦ ᠳᠠᠢᠯᠠᠯᠳᠤᠭᠠᠨ ᠬᠢᠬᠦ᠌᠎ᠳᠦ ᠵᠠᠩᠭᠢᠯᠠᠭ᠎ᠠ ᠨᠢ ᠤᠳᠤᠬᠢ ᠳ᠋ᠤ ᠪᠠᠢᠵᠦ᠂ ᠨᠠᠢᠳᠠᠪᠤᠷᠢᠵᠢᠭᠤᠯᠤᠯᠲᠠ᠎ᠶ᠋ᠢ ᠠᠳᠬᠤᠨ᠎ᠠ᠃ ᠬᠦᠴᠢᠷ ᠪᠡᠷᠬᠡᠰᠢᠶᠡᠯ ᠪᠠ ᠦᠷᠢᠰᠦᠯᠳᠦᠭᠡᠨ᠎ᠤ ᠡᠮᠦᠨ᠎ᠡ ᠴᠦᠬᠦᠷᠡᠰᠢ ᠦᠭᠡᠢ ᠡᠷᠡᠯᠬᠡᠭᠯᠡᠨ ᠤᠷᠤᠭᠰᠢᠯᠠᠪᠠᠯ ᠰᠠᠶᠢ ᠭᠡᠭᠡᠨ ᠰᠠᠷᠠᠭᠤᠯ ᠢᠷᠡᠭᠡᠳᠦᠢ ᠲᠠᠢ ᠪᠤᠯᠤᠨ᠎ᠠ᠃ ᠪᠢᠳᠡ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠨ᠂ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠵᠤ᠂ ᠱᠢᠶ᠋ᠳᠪᠦᠷᠢᠲᠦ ᠳᠠᠢᠯᠠᠯᠳᠤᠭᠠᠨ ᠬᠢᠬᠦ᠌ ᠲᠦᠷᠰᠦ ᠪᠠᠢᠳᠠᠯ᠂ ᠪᠣᠳᠠᠲᠠᠶ ᠠᠵᠢᠯᠯᠠᠬᠤ ᠰᠤᠷᠲᠠᠯ᠎ᠢᠶᠠᠷ ᠵᠠᠩᠭᠢᠯᠠᠭ᠎ᠠ᠎ᠶ᠋ᠢ ᠣᠨᠢᠯᠠᠨ ᠭᠤᠤᠯᠳᠠᠯᠭ᠎ᠠ᠎ᠶ᠋ᠢ ᠠᠳᠭᠤᠵᠤ᠂ ᠳᠤᠲᠠᠭᠤᠳᠠᠯ᠎ᠢᠶᠠᠨ ᠨᠥᠬᠥᠪᠥᠷᠢᠯᠡᠨ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠠᠯᠤᠰ ᠬᠡᠲᠦ᠍ ᠎ᠶ᠋ᠢ ᠪᠣᠳᠣᠯᠬᠢᠯᠠᠨ ᠨᠥᠭᠡᠴᠡ ᠬᠦᠴᠦᠨ ᠎ᠢ ᠬᠤᠷᠠᠮᠳᠤᠭᠤᠯᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠡᠷᠡᠯᠬᠡᠭ᠌ᠯᠡᠨ ᠤᠷᠤᠭ᠍ᠰᠢᠯᠠᠬᠤ ᠱᠢᠨ᠎ᠡ ᠥᠷᠨᠢᠯᠲᠡ ᠭᠠᠷᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠢ᠋ ᠰᠠᠢᠲᠤᠷ ᠡᠬᠢᠯᠡᠭᠦᠯᠬᠦ᠌ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号