ᠦᠪᠦᠷ ᠮᠤᠩᠭᠤᠯ ᠬᠦᠰᠡᠯ ᠢᠨᠵᠧᠨᠧᠷᠢᠩ᠎ᠢ ᠬᠡᠷᠡᠭᠵᠢᠭᠦᠯᠦᠭᠰᠡᠨ 35 ᠵᠢᠯ᠎ᠦᠨ ᠣᠶ᠎ᠶᠢ ᠪᠡᠯᠭᠡᠯᠡᠵᠡᠢ
2025-11-06 11:00:46
ᠵᠣᠬᠢᠶᠠᠭ᠍ᠴᠢ᠄
ᠬᠤᠩ ᠰᠢᠶᠠ ᠦᠷᠴᠠᠢᠬᠤ
ᠣᠩᠱᠢᠭ᠍ᠰᠠᠨ ᠣᠳᠠᠭ᠎ᠠ᠄
★★★☆☆

10 ᠰᠠᠷ᠎ᠠ᠎ᠶᠢᠨ 30᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠦᠢᠯᠡᠳᠦᠯᠭᠡ᠎ᠶᠢᠨ ᠲᠥᠪ ᠡᠴᠨ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭᠵᠢᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ ᠳᠠᠭᠠᠭᠠᠴᠢᠯᠠᠨ ᠡᠷᠭᠢᠯᠡᠭᠰᠡᠨ ᠪᠥᠬᠥ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠵᠢ ᠤᠬᠠᠭᠤᠯᠤᠨ ᠲᠠᠢᠯᠪᠤᠷᠢᠯᠠᠬᠤ 《ᠵᠠᠯᠠᠭᠤᠴᠤᠳ᠎ᠤᠨ ᠮᠣᠷᠢᠲᠤ ᠴᠡᠷᠢᠭ》 ᠲᠣᠭᠣᠷᠢᠨ ᠲᠠᠢᠯᠪᠤᠷᠢᠯᠠᠬᠤ ᠠᠵᠢᠯᠯᠠᠭ᠎ᠠ ᠪᠠ 《ᠬᠠᠯᠠᠮᠵᠢ ᠵᠢᠨ ᠢᠯᠴᠢ ᠪᠡᠷ  ᠬᠡᠦᠬᠡᠳ ᠤ᠋ᠨ ᠰᠡᠳᠬᠢᠯ ᠢ᠋ ᠳᠤᠯᠠᠭᠠᠴᠠᠭᠤᠯᠤᠨ ᠨᠢᠭᠡ ᠭᠡᠷ᠎ᠦᠨ ᠬᠥᠮᠥᠨ ᠮᠡᠲᠦ ᠳᠣᠲᠣᠨᠣ᠌》 ᠬᠠᠯᠠᠮᠵᠢᠯᠠᠨ ᠬᠠᠢᠷᠠᠯᠠᠬᠤ ᠠᠵᠢᠯᠯᠠᠭ᠎ᠠ ᠵᠢᠴᠢ ᠥᠪᠥᠷ ᠮᠣᠩᠭᠣᠯ᠎ᠤᠨ ᠬᠦᠰᠡᠯ ᠢᠨᠵᠧᠨᠧᠷᠢᠩ᠎ᠦᠨ 35 ᠵᠢᠯ᠎ᠤᠨ ᠤᠢ ᠵᠢ ᠪᠡᠯᠭᠡᠯᠡᠬᠦ ᠬᠤᠷᠠᠯ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠮᠢ ᠠᠬᠤᠢ᠎ᠶᠢᠨ ᠬᠦᠷᠢᠶᠡᠯᠡᠩ᠎ᠳᠦ ᠶᠠᠪᠤᠬ᠍ᠳᠠᠪᠠ᠃ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ 50  ᠲᠥᠯᠥᠭᠡᠯᠡᠭᠴᠢ ᠠᠵᠢᠯᠯᠠᠭ᠎ᠠ ᠳ᠋ᠦ ᠣᠷᠣᠯᠴᠠᠵᠠᠢ᠃

ᠲᠤᠰ ᠤᠳᠠᠭ᠎ᠠ᠎ᠶᠢᠨ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠬᠥᠮᠦᠵᠢᠯ ᠪᠣᠯᠣᠨ ᠬᠦᠰᠡᠯ ᠢᠨᠵᠧᠨᠧᠷᠢᠩ᠎ᠦᠨ ᠨᠡᠶ᠋ᠢᠲᠡ᠎ᠶᠢᠨ ᠠᠰᠠᠷᠠᠮᠵᠢ᠎ᠶᠢᠨ ᠦᠢᠯᠡᠳᠦᠯᠭᠡ᠎ᠶᠢ ᠭᠦᠨᠵᠡᠭᠡᠢ ᠠᠭᠤᠰᠤᠯᠴᠠᠭᠤᠯᠵᠤ᠂ ᠠᠬᠤᠢ ᠳᠠᠯᠠᠪᠠᠢ ᠳ᠋ᠥ ᠡᠭᠦᠷᠭᠡ ᠪᠡᠶᠡᠯᠡᠭᠦᠯᠬᠦ ᠵᠡᠷᠭᠡ ᠬᠠᠷᠢᠯᠴᠠᠨ ᠦᠢᠯᠡᠳᠦᠯᠴᠡᠬᠦ ᠪᠡᠶᠡᠴᠢ ᠣᠢᠯᠠᠭᠠᠯᠲᠠ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ ᠦᠢᠯᠡᠳᠦᠯᠭᠡ᠎ᠶᠢᠨ ᠳᠤᠮᠳᠠ ᠬᠦᠰᠡᠯ ᠢᠨᠵᠧᠨᠧᠷᠢᠩ᠎ᠦᠨ ᠤᠭ ᠰᠠᠨᠠᠭ᠎ᠠ᠎ᠶᠢ ᠣᠢᠯᠠᠭᠠᠭᠤᠯᠵᠤ᠂ ᠬᠠᠮᠵᠢᠯᠴᠠᠬᠤ ᠳᠤᠮᠳᠠ ᠦᠨᠳᠦᠰᠦᠲᠡᠨ᠎ᠦ ᠪᠦᠯᠬᠦᠮᠳᠡᠯ ᠨᠥᠬᠥᠷᠯᠡᠯ᠎ᠢ ᠭᠦᠨᠵᠡᠭᠡᠢᠷᠡᠭᠦᠯᠵᠠᠢ᠃ ᠠᠵᠢᠯᠯᠠᠭ᠎ᠠ ᠨᠢ ᠮᠠᠨ᠎ᠤ ᠣᠷᠣᠨ᠎ᠤ ᠬᠦᠰᠡᠯ ᠢᠨᠵᠧᠨᠧᠷᠢᠩ᠎ᠢ ᠬᠡᠷᠡᠭᠵᠢᠭᠦᠯᠦᠭᠰᠡᠨ 35 ᠵᠢᠯ᠎ᠦᠨ ᠣᠶ᠎ᠶᠢᠨ ᠪᠠᠶᠠᠷ᠎ᠢᠶᠠᠷ ᠭᠣᠣᠯ ᠪᠣᠯᠭᠠᠵᠤ᠂ 《ᠵᠢᠷᠭᠤᠭᠠᠨ ᠶᠡᠬᠡ ᠭᠤᠬ᠍ᠴᠤᠭ᠎ᠠ》 ᠪᠡᠷ ᠮᠠᠨ᠎ᠤ ᠣᠷᠣᠨ᠎ᠤ ᠬᠦᠰᠡᠯ ᠢᠨᠵᠧᠨᠧᠷᠢᠩ᠎ᠦᠨ ᠬᠥᠭᠵᠢᠯᠲᠡ᠎ᠶᠢᠨ ᠶᠠᠪᠤᠴᠠ᠎ᠶᠢ ᠤᠢᠯᠠᠭᠠᠭᠤᠯᠵᠤ᠂ ᠮᠠᠨ᠎ᠤ ᠣᠷᠣᠨ᠎ᠤ ᠬᠦᠰᠡᠯ ᠢᠨᠵᠧᠨᠧᠷᠢᠩ᠎ᠢ ᠬᠡᠷᠡᠭᠵᠢᠭᠦᠯᠦᠭᠰᠡᠨ 35 ᠵᠢᠯ᠎ᠦᠨ ᠣᠶ᠎ᠶᠢ ᠬᠠᠮᠲᠤ᠎ᠪᠠᠷ ᠪᠡᠯᠭᠡᠯᠡᠪᠡ᠃

ᠠᠵᠢᠯᠯᠠᠭ᠎ᠠ ᠳ᠋ᠥ ᠤᠷᠤᠯᠴᠠᠬ᠍ᠰᠠᠨ ᠵᠠᠯᠠᠭᠤᠴᠤᠳ ᠪᠠᠭᠠᠴᠤᠳ ᠠᠳᠠᠯᠢ ᠪᠤᠰᠤ ᠠᠬᠤᠢ ᠳᠠᠯᠠᠪᠠᠢ ᠳ᠋ᠤ ᠣᠨᠢᠰᠤ ᠨᠡᠭᠡᠭᠡᠬᠦ᠂ ᠰᠦᠪᠡᠭᠴᠢ ᠴᠤᠭᠯᠠᠭᠤᠯᠬᠤ᠂ 《ᠰᠤᠷᠭᠠᠭᠤᠯᠢ᠎ᠶᠢᠨ ᠬᠦᠷᠢᠶᠡᠨ᠎ᠦ ᠲᠥᠯᠥᠪᠵᠢᠭᠦᠯᠦᠭᠴᠢ》 ᠪᠤᠯᠵᠤ᠂ ᠬᠦᠰᠡᠯᠡᠩ ᠪᠠᠭ᠎ᠠ ᠰᠤᠷᠭᠠᠭᠤᠯᠢ᠎ᠳᠤ ᠨᠣᠮ᠎ᠤᠨ ᠰᠠᠩ᠂ ᠰᠠᠭᠰᠤᠨ ᠪᠥᠮᠪᠥᠭᠡ᠎ᠶᠢᠨ ᠲᠠᠯᠠᠪᠤᠷ ᠲᠦᠯᠦᠪᠵᠢᠬᠦᠯᠵᠦ ᠦᠭᠬᠦ ᠵᠡᠷᠭᠡ ᠠᠮᠢᠳᠤᠯᠢᠭ᠋ ᠰᠤᠨᠢᠷᠬᠠᠯᠳᠠᠢ ᠠᠵᠢᠯᠯᠠᠭ᠎ᠠ ᠪᠡᠷ ᠳᠠᠮᠵᠢᠨ ᠬᠦᠰᠡᠯ ᠢᠨᠵᠧᠨᠧᠷᠢᠩ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠵᠢᠨ ᠬᠠᠮᠲᠤ ᠡᠨᠡ ᠬᠦ᠌ ᠶᠡᠷᠦ ᠪᠤᠰᠤ ᠵᠢᠨ ᠡᠳᠦᠷ ᠤ᠋ᠨ ᠤᠳᠬ᠎ᠠ ᠠᠭᠤᠯᠭ᠎ᠠ ᠵᠢ ᠤᠢᠯᠠᠭᠠᠨ᠂ ᠦᠨᠳᠦᠰᠦᠳᠡᠨ᠎ᠤ ᠪᠦᠯᠬᠦᠮᠳᠡᠯ ᠳᠠᠪᠰᠢᠯᠳᠠ ᠵᠢᠨ ᠰᠢᠨ᠎ᠡ ᠬᠦᠴᠦᠨ ᠪᠤᠯᠬᠤ ᠪᠡᠷ ᠴᠢᠷᠮᠠᠢᠨ᠎ᠠ ᠭᠡᠵᠡᠭᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号