ᠨᠠᠰᠤᠲᠠᠢᠴᠤᠳ᠎ᠤᠨ ᠪᠠᠶᠠᠷ᠎ᠢ ᠪᠡᠯᠭᠡᠯᠡᠬᠦ ᠦᠪᠦᠷ ᠮᠤᠨᠭᠭᠤᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠭᠤᠤᠯ ᠰᠡᠳᠦᠪᠲᠦ ᠠᠵᠢᠯᠯᠠᠭ᠎ᠠ ᠶᠠᠪᠤᠭ᠍ᠳᠠᠵᠠᠢ
2025-11-06 11:15:53
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ 2025 ᠣᠨ᠎ᠤ ᠦᠪᠦᠷ ᠮᠤᠨᠭᠭᠤᠯ᠎ᠤᠨ ᠨᠠᠰᠤᠲᠠᠢᠴᠤᠳ᠎ᠤᠨ ᠪᠠᠶᠠᠷ᠎ᠢ ᠪᠡᠯᠭᠡᠯᠡᠬᠦ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠭᠤᠤᠯ ᠰᠡᠳᠦᠪᠲᠦ ᠠᠵᠢᠯᠯᠠᠭ᠎ᠠ ᠥᠪᠥᠷ ᠮᠣᠩᠭᠣᠯ᠎ᠤᠨ ᠮᠣᠷᠢᠨ ᠤᠷᠤᠯᠳᠤᠭᠠᠨ᠎ᠤ ᠲᠠᠯᠠᠪᠠᠶ᠎ᠳᠤ ᠶᠠᠪᠤᠭ᠍ᠳᠠᠪᠠ᠃ ᠲᠤᠰ ᠠᠵᠢᠯᠯᠠᠭ᠎ᠠ᠎ᠳᠦ 40 ᠭᠠᠷᠤᠶ ᠨᠢᠭᠡᠴᠢ᠎ᠶᠢᠨ 1200 ᠭᠠᠷᠤᠶ ᠠᠬᠠᠮᠠᠳ ᠺᠠᠳ᠋ᠷ ᠠᠵᠢᠯᠲᠠᠨ ᠠᠵᠢᠯᠴᠢᠨ ᠣᠷᠣᠯᠴᠠᠪᠠ᠃ ᠠᠵᠢᠯᠯᠠᠭ᠎ᠠ᠎ᠶ᠋ᠢᠨ ᠵᠣᠷᠢᠯᠭ᠎ᠠ᠎ᠨᠢ ᠤᠯᠤᠰ᠎ᠤᠨ ᠨᠠᠰᠤᠲᠠᠢᠴᠤᠳ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠬᠠᠮᠢᠶ᠎ᠠ ᠪᠥᠬᠥᠶ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠵᠦ ᠨᠠᠰᠤᠲᠠᠢᠴᠤᠳ᠎ᠤᠨ ᠣᠶᠤᠨ᠎ᠤ ᠰᠣᠶᠣᠯ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠨᠠᠰᠤᠲᠠᠢᠴᠤᠳ᠎ᠢᠶᠠᠨ ᠬᠦᠨᠳᠦᠳᠭᠡᠬᠦ᠌᠂ ᠨᠠᠰᠤᠲᠠᠢᠴᠤᠳ᠎ᠢᠶᠠᠨ ᠬᠠᠢᠷᠠᠯᠠᠬᠤ᠂ ᠨᠠᠰᠤᠲᠠᠢᠴᠤᠳ᠎ᠢᠶᠠᠨ ᠬᠠᠪᠰᠤᠷᠬᠤ ᠨᠡᠢᠭᠡᠮ᠎ᠦᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ᠎ᠶᠢᠨ ᠲᠦᠯᠦᠭᠡ ᠶᠤᠮ᠃

ᠨᠠᠰᠤᠲᠠᠢᠴᠤᠳ ᠪᠣᠯᠤᠨ ᠺᠠᠳ᠋ᠷ ᠠᠵᠢᠯᠳᠠᠨ ᠠᠵᠢᠯᠴᠢᠨ ᠬᠠᠮᠲᠤ᠎ᠪᠠᠷ 1.6 ᠺᠢᠯᠤᠮᠸᠲᠷ ᠱᠢᠬᠠᠮ᠎ᠤᠨ ᠪᠡᠶ᠎ᠡ ᠴᠢᠭᠢᠷᠠᠭ᠍ᠵᠢᠭᠤᠯᠬᠤ ᠢᠳᠡᠷᠡᠭᠦᠨ ᠠᠯᠬᠤᠭ᠎ᠠ᠎ᠶᠢᠨ ᠬᠥᠳᠡᠯᠭᠡᠭᠡᠨ᠎ᠳᠦ ᠣᠷᠣᠯᠴᠠᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ ᠠᠳᠤᠭᠤᠨ ᠰᠣᠶᠣᠯ᠎ᠤᠨ ᠦᠵᠡᠭᠦᠯᠭᠡ᠎ᠶ᠋ᠢᠨ ᠲᠢᠩᠬᠢᠮ᠎ᠢ ᠲᠣᠭᠣᠷᠢᠨ ᠦᠵᠡᠬᠦ᠂ ᠭᠤᠤᠯ ᠰᠡᠳᠦᠪᠲᠦ ᠺᠢᠨᠣ᠋ ᠦᠵᠡᠬᠦ᠌᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ ᠵᠢᠴᠢ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠣᠯᠠᠨ ᠵᠦᠶ᠋ᠯ᠎ᠦᠨ ᠠᠭᠤᠯᠭ᠎ᠠ᠎ᠶ᠋ᠢ ᠲᠣᠬᠢᠷᠠᠭᠤᠯᠪᠠ᠃ ᠪᠡᠶ᠎ᠡ ᠴᠢᠭᠢᠷᠠᠭ᠍ᠵᠢᠭᠤᠯᠬᠤ᠎ᠵᠢ ᠵᠢᠯᠣᠭᠣᠳᠭᠤ ᠲᠣᠭᠣᠷᠢᠭ᠎ᠲᠤ᠂ ᠲᠤᠰᠭᠠᠶ ᠮᠡᠷᠭᠡᠵᠢᠯ᠎ᠦᠨ ᠠᠵᠢᠯᠲᠠᠳ ᠨᠠᠰᠤᠲᠠᠢᠴᠤᠳ᠎ᠲᠤ ᠪᠡᠶ᠎ᠡ ᠮᠠᠬᠠᠪᠣᠳ᠎ᠤᠨ ᠱᠢᠯᠭᠠᠨ ᠪᠠᠢᠴᠠᠭᠠᠯᠲᠠ ᠪᠠ ᠥᠪᠡᠷᠮᠢᠴᠡ ᠪᠡᠶ᠎ᠡ ᠴᠢᠭᠢᠷᠠᠭ᠍ᠵᠢᠭᠤᠯᠬᠤ ᠰᠠᠨᠠᠭᠤᠯᠭ᠎ᠠ᠎ᠬᠠᠩᠭᠠᠨ ᠦᠭᠴᠠᠢ᠃

ᠲᠣᠰ ᠤᠳᠠᠭᠠᠨ᠎ᠤ ᠠᠵᠢᠯᠯᠠᠭ᠎ᠠ᠎ᠨᠢ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢᠨ ᠣᠷᠭᠠᠨᠢᠭ ᠠᠭᠤᠰᠤᠯᠴᠠᠯ᠎ᠢ ᠪᠡᠶᠡᠯᠡᠭᠦᠯᠵᠦ᠍᠂ ᠨᠠᠰᠤᠲᠠᠢᠴᠤᠳ᠎ᠲᠤ ᠪᠣᠯᠪᠠᠰᠤᠷᠠᠯ᠎ᠳᠤ ᠣᠷᠣᠯᠴᠠᠬᠤ᠂ ᠨᠡᠢᠭᠡᠮ᠎ᠳᠦ ᠬᠤᠪᠢ ᠨᠡᠮᠡᠷᠢ ᠦᠵᠡᠭᠦᠯᠬᠦ᠌ ᠲᠠᠪᠴᠠᠩ᠎ᠢ ᠪᠠᠢᠭᠤᠯᠵᠤ ᠥᠭ᠌ᠭᠦᠭ᠌ᠰᠡᠨ᠎ᠢᠶᠡᠷ ᠪᠠᠷᠠᠬᠤ ᠥᠬᠡᠶ᠂ ᠪᠠᠰᠠ ᠱᠢᠨ᠎ᠡ ᠴᠠᠭ ᠦᠶ᠎ᠡ᠎ᠶ᠋ᠢᠨ ᠨᠠᠰᠤᠲᠠᠢᠴᠤᠳ᠎ᠤᠨ ᠡᠷᠡᠭᠦᠯ ᠰᠠᠷᠠᠭᠤᠯ ᠦᠭᠡᠳᠡᠷᠭᠡᠭ ᠪᠠᠶᠠᠰᠤᠩᠭᠤᠶ ᠣᠶᠤᠨ ᠰᠠᠨᠠᠭᠠᠨ᠎ᠤ ᠳᠦᠷᠰᠦ ᠪᠠᠢᠳᠠᠯ᠎ᠢ  ᠠᠮᠢᠳᠤᠯᠢᠭ᠎ᠢᠶᠠᠷ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号