ᠨᠠᠮᠤᠷ᠎ᠤᠨ ᠰᠡᠭᠦᠯᠴᠢ᠎ᠶ᠋ᠢᠨ ᠥᠷ᠎ᠦᠨ ᠲᠤᠶᠠᠭ᠎ᠠ ᠵᠢᠬᠡᠬᠦᠨ ᠣᠷᠳᠣᠰ᠎ᠤᠨ ᠥᠨᠳᠥᠷᠯᠢᠭ᠎ᠢ ᠭᠡᠢᠭᠦᠯᠬᠦ ᠳ᠋ᠦ᠂ ᠬᠢᠶ᠎ᠠ ᠪᠠᠭ᠍ᠰᠢ ᠲᠣᠭᠣᠷᠢᠭ᠎ᠤᠨ ᠤᠯᠠᠭᠠᠨᠮᠥ᠋ᠷᠡᠨ ᠨᠠᠭᠤᠷ᠎ᠤᠨ ᠬᠥᠪᠡᠭᠡᠨ᠎ᠳᠡᠬᠢ ᠴᠡᠪᠡᠷ ᠴᠡᠮᠴᠡᠭᠡᠷ ᠠᠯᠬᠤᠬᠤ ᠵᠠᠮ ᠳᠡᠭᠡᠷ᠎ᠡ ᠭᠡᠷᠡᠯ ᠰᠦᠮᠡᠯᠵᠡᠨᠠ᠃ ᠡᠷᠭᠢ ᠳᠠᠭᠠᠤ᠎ᠶ᠋ᠢᠨ ᠤᠳᠠ ᠤᠯᠢᠶᠠᠰᠤ ᠰᠢᠷᠭᠠᠯᠳᠤᠵᠤ᠂ ᠳᠤᠮᠳᠠ ᠲᠡᠩᠭᠡᠯᠢᠭ᠎ᠦᠨ ᠱᠤᠭᠤᠮ ᠳ᠋ᠡᠬᠢ ᠦᠩᠭᠡ ᠦᠵᠡᠮᠵᠢ ᠬᠠᠷᠠᠭ᠎ᠠ ᠪᠠᠶᠠᠰᠬᠠᠵᠤ᠂ ᠬᠣᠶᠠᠷ ᠬᠠᠪᠢ᠎ᠶ᠋ᠢᠨ ᠮᠦᠽᠧᠢ᠂ ᠨᠣᠮ᠎ᠤᠨ ᠰᠠᠩ ᠵᠡᠷᠭᠡ ᠬᠤᠳᠠ᠎ᠶ᠋ᠢᠨ ᠰᠣᠶᠣᠯ᠎ᠤᠨ ᠪᠡᠯᠭᠡ ᠲᠡᠮᠳᠡᠭ᠌ᠲᠦ ᠪᠠᠷᠢᠯᠭ᠎ᠠ ᠪᠣᠯᠤᠨ ᠡᠷᠬᠢᠨ ᠲᠣᠭᠣᠷᠢᠨ᠎ᠤ ᠨᠣᠭᠣᠭᠠᠷᠠᠭᠤᠯᠤᠯᠲᠠ᠎ᠶ᠋ᠢᠨ ᠦᠵᠡᠮᠵᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠵᠤ᠂ ᠳᠤᠭᠤᠢ ᠤᠨᠤᠬᠤ ᠵᠠᠮ᠎ᠢᠶᠡᠷ ᠬᠤᠳᠠ᠎ᠶ᠋ᠢᠨ ᠠᠷᠠᠳ ᠰᠡᠯᠡᠭᠦᠴᠡᠨ ᠂ ᠴᠠᠬᠢᠯᠭᠠᠨ ᠬᠥᠳᠡᠯᠭᠡᠭᠦᠷᠲᠦ ᠨᠡᠢᠲᠡ᠎ᠶ᠋ᠢᠨ ᠮᠠᠱᠢᠨ ᠲᠡᠷᠭᠡ ᠨᠠᠮ ᠥᠩᠭᠡᠷᠡᠨ᠎ᠡ ᠁ ᠡᠨᠡ ᠬᠦ᠌ ᠮᠥᠴᠡ᠎ᠳᠦ᠂ ᠬᠥᠮᠦᠨ ᠪᠣᠯᠤᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠢᠯᠠᠭᠠᠭ᠍ᠳᠠᠬᠤᠨ ᠬᠤᠳᠠ᠎ᠶ᠋ᠢᠨ ᠪᠦᠬᠦ ᠲᠠᠯ᠎ᠠ ᠳ᠋ᠦ ᠠᠭᠤᠰᠤᠯᠴᠠᠵᠤ᠂ ᠦᠵᠡᠰᠭᠦᠯᠡᠩᠲᠦ ᠰᠠᠢᠬᠠᠨ ᠤᠷᠳᠤᠰ᠎ᠤᠨ ᠲᠦᠷᠢ ᠲᠥᠷᠬᠦ᠌ ᠬᠣᠷᠣᠮᠬᠠᠨ ᠵᠠᠭᠤᠷ᠎ᠠ ᠪᠣᠳᠠᠲᠠᠢᠵᠢᠪᠠ᠃
ᠣᠷᠳᠣᠰ ᠬᠣᠲᠠ ᠬᠠᠲᠤᠨ ᠭᠤᠤᠯ᠎ᠤᠨ 《ᠶᠡᠭᠡ ᠲᠣᠬᠣᠶ ᠤᠷᠤᠨ》 ᠤ᠋ ᠥᠷᠥᠴᠡᠨ ᠳ᠋ᠦ᠂ ᠬᠥᠪᠴᠢ᠎ᠶ᠋ᠢᠨ ᠡᠯᠡᠰᠦ ᠪᠣᠯᠤᠨ ᠮᠤᠤᠠᠤᠰᠤ᠎ᠶ᠋ᠢᠨ ᠡᠯᠡᠰᠦᠷᠬᠡᠭ ᠭᠠᠵᠠᠷ᠎ᠤᠨ ᠠᠭᠤᠯᠵᠠᠷ ᠲᠦ᠍ ᠪᠠᠢᠷᠢᠯᠠᠵᠤ᠂ ᠦᠩᠭᠡᠷᠡᠭᠰᠡᠨ ᠳ᠋ᠤ ᠠᠮᠢ ᠠᠬᠤᠶ ᠣᠷᠴᠢᠨ ᠲᠣᠭᠣᠷᠢᠨ᠎ᠨᠢ ᠮᠠᠰᠢ ᠬᠡᠪᠡᠷᠡᠭ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠭᠤᠤᠯ ᠲᠡᠢᠯᠠᠯᠳᠤᠭᠠᠨ᠎ᠦ ᠲᠠᠯᠠᠪᠤᠷ ᠪᠠᠢᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠵᠢᠴᠢ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠵᠠᠩᠭᠢᠯᠠᠭ᠎ᠠ᠎ᠶ᠋ᠢᠨ ᠴᠡᠭ ᠪᠣᠯᠤᠭ᠍ᠰᠠᠨ ᠣᠷᠳᠣᠰ ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠬᠤ᠂ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠪᠠᠷ ᠤᠳᠤᠷᠢᠳᠤᠮᠵᠢ ᠪᠣᠯᠭᠠᠵᠤ᠂ ᠨᠡᠭᠦᠷᠡᠰᠦᠲᠥ᠋ᠷᠥᠭ᠌ᠴᠢ ᠵᠢᠨ ᠬᠡᠮᠵᠢᠶ᠎ᠡ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠳᠠ ᠵᠢ ᠦᠷᠭᠡᠳᠭᠡᠬᠦ᠂ ᠨᠡᠮᠡᠭ᠌ᠳᠡᠯ ᠢ᠋ ᠬᠠᠮᠵᠢᠯᠴᠠᠨ ᠠᠬᠢᠭᠤᠯᠵᠤ᠂ ᠡᠨᠧᠷᠭᠢ᠎ᠶ᠋ᠢᠨ ᠪᠦᠲᠦᠴᠡ᠂ ᠠᠵᠤ ᠦᠢᠯᠡᠰ᠎ᠦᠨ ᠪᠦᠲᠦᠴᠡ᠂ ᠠᠮᠢ ᠠᠬᠤᠢ᠎ᠶ᠋ᠢᠨ ᠵᠠᠰᠠᠯᠲᠠ ᠪᠣᠯᠤᠨ ᠠᠮᠢᠳᠤᠷᠠᠯ᠎ᠤᠨ ᠠᠷᠭ᠎ᠠ ᠬᠡᠯᠪᠡᠷᠢ ᠵᠡᠷᠭᠡ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠴᠢᠨᠠᠷ ᠰᠠᠢᠲᠠᠶ ᠠᠮᠢ ᠠᠬᠤᠶ ᠣᠷᠴᠢᠨ ᠲᠣᠭᠣᠷᠢᠨ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠵᠤ᠂ 《ᠨᠤᠭᠤᠭᠠᠷᠠᠭᠤᠯᠬᠤ ᠵᠢᠨ ᠬᠠᠮᠳᠤ ᠪᠠᠶᠠᠵᠢᠭᠤᠯᠤᠬᠰᠠᠨ》 ᠰᠢᠯᠢᠳᠡᠭ ᠬᠠᠭᠤᠳᠠᠰᠤ ᠵᠢ ᠲᠤᠱᠢᠶᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠵᠢᠷᠤᠭ ᠲᠦᠰᠦᠪ᠎ᠲᠤ ᠭᠦᠨ ᠵᠤᠵᠠᠭᠠᠨ ᠣᠷᠳᠣᠰ ᠤ᠋ᠨ ᠢᠮ ᠲᠠᠮᠠᠭ᠎ᠠ ᠵᠢ ᠨᠡᠮᠡᠷᠢᠯᠡᠪᠡ᠃
ᠵᠠᠰᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍ ᠠᠮᠢ ᠠᠬᠤᠶ᠎ᠶ᠋ᠢᠨ ᠰᠥᠷᠭᠡᠦ ᠡᠷᠭᠢᠯᠲᠡ᠎ᠶ᠋ᠢ ᠪᠡᠶᠡᠯᠡᠭᠦᠯᠪᠡ
ᠣᠷᠳᠣᠰ᠎ᠤᠨ ᠠᠮᠢ ᠠᠬᠤᠶ᠎ᠶ᠋ᠢᠨ ᠲᠡᠪᠢᠰᠭᠡᠷ ᠥᠩᠭᠡ ᠦᠩᠭᠡᠷᠡᠭᠰᠡᠨ ᠳ᠋ᠤ ᠣᠷᠳᠣ ᠬᠤᠭᠤᠴᠠᠭ᠎ᠠ᠎ᠪᠠᠷ ᠱᠢᠷᠭᠠᠯ ᠡᠯᠡᠰᠦ ᠪᠡᠷ ᠲᠠᠨᠢᠭᠳᠠᠵᠤ ᠪᠠᠢᠵᠠᠶ᠃ ᠬᠥᠪᠴᠢ᠎ᠶ᠋ᠢᠨ ᠡᠯᠡᠰᠦ ᠪᠠ ᠮᠤᠤᠠᠤᠰᠤ ᠵᠢᠨ ᠡᠯᠡᠰᠦᠷᠬᠡᠭ ᠭᠠᠵᠠᠷ᠎ᠨᠢ ᠶᠡᠷᠦᠩᠬᠡᠢ ᠲᠠᠯᠠᠪᠠᠢ᠎ᠶ᠋ᠢᠨ 48% ᠶᠢ ᠡᠵᠡᠯᠡᠵᠦ᠍ ᠪᠠᠢᠭᠰᠠᠨ ᠪᠣᠳᠠᠲᠤ ᠪᠠᠢᠳᠠᠯ ᠨᠢ ᠲᠡᠭᠦᠨ᠎ᠦ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠢᠯ᠎ᠤᠨ ᠴᠢᠬᠤᠯᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ᠎ᠢ ᠲᠣᠭ᠍ᠲᠠᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠣᠷᠳᠣᠰ ᠬᠣᠲᠠ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠵᠡᠷᠭᠡ ᠠᠯᠢ ᠣᠯᠠᠨ ᠴᠢᠬᠤᠯᠠ ᠶᠡᠬᠡ ᠢᠨᠵᠧᠨᠧᠷᠢᠩ᠎ᠢ ᠬᠡᠷᠡᠭ᠌ᠵᠢᠭᠦᠯᠵᠦ᠍᠂ ᠠᠮᠢ ᠠᠬᠤᠶ ᠣᠷᠴᠢᠨ ᠲᠣᠭᠣᠷᠢᠨ ᠬᠡᠰᠡᠭ ᠲᠠᠯ᠎ᠠ᠎ᠪᠠᠷ ᠰᠠᠢᠵᠢᠷᠠᠵᠤ ᠪᠠᠢᠭ᠍ᠰᠠᠨ᠎ᠡᠴᠡ᠎ᠪᠠᠨ ᠪᠦᠬᠦᠯᠢ ᠴᠣᠭ᠍ᠴᠠ᠎ᠪᠠᠷ ᠰᠠᠢᠵᠢᠷᠠᠬᠤ ᠲᠡᠦᠬᠡᠲᠦ ᠴᠢᠨᠠᠷᠲᠠᠶ ᠬᠤᠪᠢᠷᠠᠯᠲᠠ᠎ᠶ᠋ᠢ ᠪᠡᠶᠡᠯᠡᠭᠦᠯᠪᠡ᠃
ᠨᠠᠮᠤᠷ᠎ᠤᠨ ᠰᠡᠭᠦᠯᠴᠢ᠎ᠪᠡᠷ᠂ ᠳᠠᠯᠠᠳ ᠬᠣᠱᠢᠭᠤᠨ᠎ᠳᠤ ᠪᠠᠢᠷᠢᠯᠠᠭ᠎ᠠ ᠬᠥᠪᠴᠢ᠎ᠶ᠋ᠢᠨ ᠡᠯᠡᠰᠦ᠎ᠶ᠋ᠢᠨ ᠣᠷᠳᠣᠰ᠎ᠤᠨ ᠳᠤᠮᠳᠠ ᠬᠣᠢᠲᠤ ᠬᠡᠰᠡᠭ᠎ᠦᠨ ᠱᠢᠨ᠎ᠡ ᠡᠨᠧᠷᠭᠢ᠎ᠶ᠋ᠢᠨ ᠰᠠᠭᠤᠷᠢᠨ᠎ᠳᠤ ᠬᠦᠷᠬᠦ ᠳ᠋ᠤ᠂ ᠬᠡᠰᠡᠭ ᠬᠡᠰᠡᠭ ᠭᠦᠨ ᠬᠥᠬᠡ ᠥᠩᠭᠡᠲᠡᠶ ᠬᠡᠷᠡᠯᠴᠢ ᠴᠡᠨᠡᠭ᠎ᠦᠨ ᠬᠠᠪᠲᠠᠰᠤ ᠡᠯᠡᠰᠦᠨ ᠴᠥᠯ᠎ᠳᠦ ᠵᠢᠭ᠌ᠳᠡᠷᠡᠨ᠂ ᠯᠤᠲᠤ ᠶᠡᠬᠡ ᠬᠡᠷᠡᠯᠴᠢ ᠴᠡᠨᠡᠭ᠎ᠦᠨ ᠵᠢᠭ᠍ᠰᠠᠭᠠᠯ᠎ᠢ ᠪᠦᠷᠢᠯᠳᠦᠭᠦᠯᠵᠦ᠍᠂ ᠱᠢᠲᠠᠮᠠ ᠬᠠᠯᠠᠭᠤᠨ ᠨᠡᠷᠡᠨ᠎ᠦ ᠬᠡᠷᠡᠯ᠎ᠢ ᠴᠡᠪᠡᠷ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠤᠨ᠎ᠠ᠃ ᠬᠡᠷᠡᠯᠴᠢ ᠴᠡᠨᠡᠭ᠎ᠦᠨ ᠬᠠᠪᠲᠠᠰᠤᠨ᠎ᠤ ᠳᠤᠤᠷ᠎ᠠ᠂ ᠡᠯᠡᠰᠦᠨ ᠪᠤᠷᠭᠠᠰᠤ᠂ ᠨᠠᠢᠯᠵᠠᠭᠤᠷ ᠬᠠᠷᠭᠠᠨ᠎ᠠ ᠵᠡᠷᠭᠡ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠤᠷᠭᠤᠮᠠᠯ ᠨᠢᠭᠡᠨᠲᠡ ᠨᠡᠭᠦᠳᠡᠯ ᠡᠯᠡᠰᠦ᠎ᠶ᠋ᠢ ᠪᠠᠲᠤ ᠪᠡᠬᠢ ᠨᠤᠭᠳᠤᠯᠠᠪᠠ᠃
《ᠬᠥᠪᠴᠢ ᠶ᠋ᠢᠨ ᠡᠯᠡᠰᠦ᠎ᠶ᠋ᠢᠨ ᠭᠠᠵᠠᠷ ᠱᠢᠷᠣᠶ ᠪᠠ ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ ᠮᠠᠰᠢ ᠡᠯᠪᠡᠭ ᠪᠠᠢᠵᠤ᠂ ᠬᠡᠷᠡᠯᠴᠢ ᠴᠡᠨᠡᠭ᠎ᠦᠨ ᠲᠥᠬᠥᠭᠡᠷᠦᠮᠵᠢ᠎ᠶ᠋ᠢ ᠪᠠᠢᠷᠢᠱᠢᠭᠤᠯᠬᠤ ᠪᠠ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠢᠨᠵᠧᠨᠧᠷᠢᠩ᠎ᠢ ᠥᠷᠨᠢᠭᠦᠯᠬᠦ᠌ ᠣᠷᠣᠨ ᠵᠠᠶ ᠭᠦᠶ᠋ᠴᠡᠳ ᠪᠠᠢᠳᠠᠭ᠂ ᠬᠡᠷᠡᠯᠴᠢ ᠴᠡᠨᠡᠭ᠎ᠢ ᠠᠱᠢᠭ᠍ᠯᠠᠨ ᠡᠯᠡᠰᠦ᠎ᠶ᠋ᠢ ᠵᠠᠰᠠᠬᠤ ᠪᠣᠯ ᠨᠢᠭᠡᠨ ᠲᠤᠢᠯ᠎ᠤᠨ ᠱᠢᠨ᠎ᠡ ᠡᠭᠦᠳᠦᠯᠲᠡ᠎ᠲᠡᠶ ᠠᠮᠢ ᠠᠬᠤᠶ᠎ᠶ᠋ᠢᠨ ᠱᠢᠶ᠋ᠳᠪᠦᠷᠢᠯᠡᠬᠦ᠌ ᠲᠥᠰᠦᠯ ᠪᠣᠯᠤᠨ᠎ᠠ》 ᠭᠡᠵᠦ᠍ ᠳᠠᠯᠠᠳ ᠬᠣᠱᠢᠭᠤᠨ᠎ᠤ ᠡᠨᠧᠷᠭᠢ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠵᠠᠩ ᠱᠢᠤᠢ ᠲᠠᠨᠢᠯᠴᠠᠭᠤᠯᠪᠠ᠃
ᠳᠤᠮᠳᠠᠳᠤ ᠤᠯᠤᠰ᠎ᠤᠨ ᠠᠩᠬᠠᠳᠠᠭ᠍ᠴᠢ ᠪᠦᠯᠦᠭ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠲᠣᠮᠣ ᠬᠡᠯᠪᠡᠷᠢ᠎ᠶ᠋ᠢᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠬᠡᠷᠡᠯᠴᠢ ᠴᠡᠨᠡᠭ ᠤ᠋ᠨ ᠰᠠᠭᠤᠷᠢᠨ ᠤ᠋ ᠲᠥᠷᠥᠯ ᠵᠦᠶ᠋ᠯ᠎ᠦᠨ ᠨᠢᠭᠡ ᠪᠣᠯᠤᠭ᠍ᠰᠠᠨ᠎ᠤ ᠬᠤᠪᠢ᠎ᠳᠤ᠂ ᠬᠥᠪᠴᠢ᠎ᠶ᠋ᠢᠨ ᠡᠯᠡᠰᠦ᠎ᠶ᠋ᠢᠨ ᠣᠷᠳᠣᠰ᠎ᠤᠨ ᠳᠤᠮᠳᠠ ᠬᠣᠢᠲᠤ ᠬᠡᠰᠡᠭ᠎ᠦᠨ ᠱᠢᠨ᠎ᠡ ᠡᠨᠧᠷᠭᠢ᠎ᠶ᠋ᠢᠨ ᠰᠠᠭᠤᠷᠢᠨ ᠮᠠᠱᠢᠨ ᠴᠣᠭ᠍ᠴᠠᠯᠠᠪᠤᠷᠢ᠎ᠶ᠋ᠢᠨ ᠶᠡᠷᠦᠩᠬᠡᠶ ᠪᠠᠭ᠍ᠲᠠᠭᠠᠮᠵᠢ ᠵᠢ 1600 ᠲᠦᠮᠡᠨ ᠺᠢᠯᠦᠸᠠᠲ ᠵᠢᠡᠷ ᠲᠥᠯᠥᠪᠵᠢᠭᠦᠯᠵᠦ᠂ ᠪᠦᠲᠦᠬᠡᠨ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠵᠢᠯᠳ᠋ᠤ᠌ 180 ᠳ᠋ᠦᠩᠱᠢᠭᠤᠷ ᠺᠢᠯᠦᠸᠠᠲ ᠴᠠᠭ ᠴᠡᠪᠡᠷ ᠡᠨᠧᠷᠭᠢ ᠬᠦᠷᠭᠡᠨ᠎ᠡ᠃ ᠣᠳᠣᠬᠠᠨ ᠪᠣᠯᠲᠠᠯ᠎ᠠ᠂ ᠬᠣᠱᠢᠭᠤᠴᠢ ᠢᠨᠵᠧᠨᠧᠷᠢᠩ᠎ᠦᠨ ᠨᠢᠭᠡᠳᠦᠭᠡᠷ ᠬᠤᠭᠤᠴᠠᠭ᠎ᠠ᠂ ᠬᠣᠶᠠᠳᠤᠭᠠᠷ ᠬᠤᠭᠤᠴᠠᠭᠠᠨ᠎ᠤ ᠲᠥᠷᠥᠯ ᠵᠦᠶ᠋ᠯ᠎ᠦᠨ 200 ᠲᠦᠮᠡᠨ ᠺᠢᠯᠦᠸᠠᠲ ᠬᠡᠷᠡᠯᠴᠢ ᠴᠡᠨᠡᠭ᠎ᠤᠨ ᠲᠦᠷᠦᠯ ᠵᠦᠢᠯ᠎ᠢ ᠪᠦᠬᠦᠨ᠎ᠢ ᠪᠦᠲᠦᠬᠡᠨ ᠪᠠᠢᠭᠤᠯᠵᠤ ᠳᠠᠭᠤᠰᠭᠠᠨ ᠲᠤᠤᠷ᠎ᠲᠤ ᠨᠡᠢᠯᠡᠭᠦᠯᠵᠦ᠍᠂ 6 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠦᠲᠦᠮᠵᠢᠲᠡᠶ ᠵᠠᠰᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠣᠷᠳᠣᠰ ᠬᠣᠲᠠ 《ᠡᠯᠡᠰᠦ ᠭᠣᠪᠢ ᠴᠦᠯᠯᠡᠷᠬᠡᠭ ᠭᠠᠵᠠᠷ》 ᠤ᠋ᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ ᠤ᠋ ᠪᠥᠲᠥᠭᠡᠨ ᠪᠠᠢᠭᠤᠯᠤᠯᠲᠠ᠎ᠳᠤ ᠲᠦᠱᠢᠭ᠌ᠯᠡᠨ᠂ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ 1 ᠳ᠋ᠦᠩᠱᠢᠭᠤᠷ ᠺᠢᠯᠦᠸᠠᠲ᠎ᠤᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠪᠠᠭ᠍ᠲᠠᠭᠠᠵᠤ ᠳᠡᠢᠯᠬᠦ᠌ ᠬᠥᠪᠴᠢ᠎ᠶ᠋ᠢᠨ ᠡᠯᠡᠰᠦᠨ᠎ᠦ 《ᠬᠡᠷᠡᠯᠴᠢ ᠴᠡᠨᠡᠭ᠎ᠦᠨ ᠣᠷᠳᠣ ᠴᠠᠭᠠᠨ ᠬᠡᠷᠡᠮ》 ᠤ᠋ᠨ ᠡᠯᠡᠰᠦ᠎ᠶ᠋ᠢ ᠵᠠᠰᠠᠬᠤ ᠪᠦᠰᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠪᠠᠢᠷᠢᠱᠢᠭᠤᠯᠪᠠ᠃ ᠬᠠᠪᠲᠠᠰᠤᠨ ᠳᠡᠭᠡᠷ᠎ᠡ ᠨᠢ ᠪᠤᠬᠢᠷᠳᠤᠯ ᠦᠭᠡᠢ ᠴᠠᠬᠢᠯᠭᠠᠨ ᠭᠠᠷᠭᠠᠵᠤ᠂ ᠬᠠᠪᠲᠠᠰᠤᠨ ᠳᠤᠤᠷ᠎ᠠ ᠨᠢ ᠳᠠᠷᠢᠵᠤ ᠲᠡᠵᠢᠭᠡᠨ ᠦᠷᠡᠵᠢᠭᠦᠯᠬᠦ᠌ 《ᠬᠡᠷᠡᠯᠴᠢ ᠴᠡᠨᠡᠭ + ᠡᠯᠡᠰᠦ᠎ᠶ᠋ᠢ ᠵᠠᠰᠠᠬᠤ》 ᠵᠠᠭ᠍ᠪᠤᠷ᠎ᠢᠶᠠᠷ ᠳᠠᠮᠵᠢᠭᠤᠯᠤᠨ᠂ ᠬᠡᠷᠡᠯᠴᠢ ᠴᠡᠨᠡᠭ᠎ᠢᠶᠠᠷ 80 ᠲᠦᠮᠡᠨ ᠮᠥ᠍ ᠡᠯᠡᠰᠦ᠎ᠶ᠋ᠢ ᠵᠠᠰᠠᠵᠤ᠂ ᠵᠠᠮ᠎ᠢᠶᠠᠷ ᠡᠯᠡᠰᠦ᠎ᠶ᠋ᠢ ᠵᠠᠰᠠᠬᠤ᠂ ᠬᠡᠷᠡᠯᠴᠢ ᠴᠡᠨᠡᠭ᠎ᠢᠶᠠᠷ ᠡᠯᠡᠰᠦ᠎ᠶ᠋ᠢ ᠵᠠᠰᠠᠬᠤ᠂ ᠢᠨᠵᠧᠨᠧᠷᠢᠩ᠎ᠢᠶᠡᠷ ᠡᠯᠡᠰᠦ᠎ᠶ᠋ᠢ ᠵᠠᠰᠠᠬᠤ ᠵᠡᠷᠭᠡ ᠱᠢᠨ᠎ᠡ᠎ᠶ᠋ᠢ ᠡᠭᠦᠳᠦᠭ᠌ᠰᠡᠨ ᠵᠠᠰᠠᠯᠲᠠ᠎ᠶ᠋ᠢᠨ ᠵᠠᠭ᠍ᠪᠤᠷ᠎ᠢᠶᠠᠷ ᠪᠥᠬᠥ᠌ ᠬᠣᠲᠠ ᠳ᠋ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠡᠭᠦᠷᠭᠡ᠎ᠶ᠋ᠢ ᠨᠡᠢᠲᠡ 1300 ᠭᠠᠷᠤᠶ ᠲᠦᠮᠡᠨ ᠮᠥ᠍ ᠪᠡᠶᠡᠯᠡᠭᠦᠯᠵᠦ᠍᠂ ᠮᠤᠤᠠᠤᠰᠤ ᠵᠢᠨ ᠡᠯᠡᠰᠦᠷᠬᠡᠭ ᠭᠠᠵᠠᠷ ᠪᠠ ᠬᠥᠪᠴᠢ᠎ᠶ᠋ᠢᠨ ᠡᠯᠡᠰᠦ᠎ᠶ᠋ᠢ ᠵᠠᠰᠠᠭ᠍ᠰᠠᠨ ᠨᠣᠷᠮ᠎ᠠ ᠲᠣᠰ ᠲᠣᠰ 80% ᠪᠠ 40% ᠳ᠋ᠤ ᠬᠥᠷᠪᠡ᠃ 《ᠬᠥᠮᠦᠨ ᠤᠷᠤᠭ᠍ᠰᠢᠯᠠᠵᠤ ᠡᠯᠡᠰᠦ ᠤᠬᠤᠷᠢᠬᠤ》 ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠳᠠᠪᠠᠯᠲᠠ᠎ᠶ᠋ᠢ ᠦᠨᠡᠨ ᠬᠦ᠌ ᠪᠡᠶᠡᠯᠡᠭᠦᠯᠵᠦ᠍᠂ ᠪᠦᠬᠦ᠌ ᠪᠥᠮᠪᠥᠷᠴᠡᠭ᠎ᠦᠨ ᠴᠦᠯᠯᠡᠷᠭᠡᠭ᠌ᠵᠢᠯ᠎ᠢ ᠵᠠᠰᠠᠬᠤ᠎ᠳᠤ 《ᠳᠤᠮᠳᠠᠳᠤ ᠤᠯᠤᠰ᠎ᠤᠨ ᠲᠥᠰᠦᠯ》 ᠪᠣᠯᠤᠨ 《ᠤᠷᠳᠤᠰ᠎ᠤᠨ ᠲᠤᠷᠱᠢᠯᠭ᠎ᠠ》 ᠵᠢ ᠨᠡᠮᠡᠷᠢᠯᠡᠪᠡ᠃
ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠵᠤ ᠠᠵᠤ ᠦᠶ᠋ᠯᠡᠰ᠎ᠦᠨ ᠭᠠᠵᠠᠷ ᠤ᠋ᠨ ᠵᠢᠷᠤᠭ᠎ᠢ ᠳᠠᠬᠢᠨ ᠱᠤᠭᠤᠪᠠ
ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠷᠳᠤᠰ ᠶᠠᠭ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ᠎ᠶ᠋ᠢ ᠨᠠᠢᠳᠠᠪᠤᠷᠢᠵᠢᠭᠤᠯᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠡᠨᠧᠷᠭᠢ᠎ᠶ᠋ᠢᠨ ᠪᠦᠲᠦᠴᠡ᠎ᠶ᠋ᠢ ᠪᠣᠬᠢᠷᠲᠤᠯ ᠦᠭᠡᠢ ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠢᠯᠡᠰ᠎ᠦᠨ ᠬᠦᠷᠢᠶᠡᠯᠡᠩ᠎ᠦᠨ ᠵᠠᠭ᠍ᠪᠤᠷ ᠨᠢ ᠤᠷᠳᠤᠰ᠎ᠲᠤ ᠱᠢᠨ᠎ᠡ ᠬᠥᠭ᠌ᠵᠢᠯᠲᠡ᠎ᠶ᠋ᠢᠨ ᠰᠣᠩᠭᠣᠯᠲᠠ ᠬᠠᠩᠭᠠᠪᠠ᠃
ᠡᠵᠡᠨ ᠬᠣᠷᠣᠭ᠎ᠠ ᠬᠣᠱᠢᠭᠤᠨ᠎ᠤ ᠮᠸᠩ ᠰᠤ᠌ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠤᠭᠤᠷᠢᠭ ᠲᠦ᠍᠂ ᠪᠥᠬᠥ᠌ ᠪᠥᠮᠪᠥᠷᠴᠡᠭ᠎ᠦᠨ ᠪᠠᠭ᠎ᠠ ᠨᠡᠭᠦᠷᠡᠰᠦᠲᠥ᠋ᠷᠥᠭ᠌ᠴᠢᠲᠦ ᠤᠷᠤᠰᠭᠠᠯ᠎ᠢ ᠬᠥᠲᠥᠯᠥᠨ ᠳᠠᠭᠠᠭᠤᠯᠤᠭ᠍ᠰᠠᠨ ᠣᠷᠳᠣᠰ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ ᠶᠠᠭ ᠠᠭᠠᠵᠢᠮ᠎ᠢᠶᠠᠷ ᠬᠥᠭ᠌ᠵᠢᠨ ᠮᠠᠨᠳᠤᠵᠤ ᠪᠣᠶ᠃ ᠲᠤᠢᠯ᠎ᠤᠨ ᠲᠥᠬᠥᠮ ᠬᠡᠪ ᠨᠠᠮᠪᠠ ᠪᠦᠬᠦᠢ ᠣᠲᠣ ᠦᠶ᠎ᠡ᠎ᠶ᠋ᠢᠨ ᠦᠶ᠋ᠯᠡᠳᠪᠦᠷᠢ᠎ᠶ᠋ᠢᠨ ᠬᠡᠷ ᠪᠠᠢᠱᠢᠩ ᠨᠢ ᠪᠠᠢᠭᠠᠯᠢ᠎ᠶ᠋ᠢᠨ ᠣᠷᠴᠢᠨ ᠲᠣᠭᠣᠷᠢᠨ᠎ᠲᠠᠶ ᠨᠢᠭᠡ ᠴᠣᠭ᠍ᠴᠠ ᠪᠣᠯᠤᠨ ᠠᠭᠤᠰᠤᠯᠴᠠᠵᠤ᠂ ᠲᠣᠮᠣ ᠮᠸᠭᠠᠸᠠᠲ᠎ᠤᠨ ᠤᠶᠤᠨᠴᠢ ᠰᠠᠯᠬᠢᠨ ᠬᠦᠴᠦᠨ᠎ᠦ ᠮᠠᠱᠢᠨ ᠠᠯᠭᠤᠷ ᠠᠭᠠᠵᠢᠮ᠎ᠢᠶᠠᠷ ᠡᠷᠭᠢᠯᠳᠦᠵᠦ᠍᠂ ᠭᠦᠨ ᠬᠥᠬᠡ ᠦᠨᠭᠭᠡ᠎ᠵᠢᠨ ᠬᠡᠷᠡᠯᠴᠢ ᠴᠡᠨᠡᠭ᠎ᠤᠨ ᠬᠠᠪᠲᠠᠰᠤ ᠡᠴᠡ ᠬᠡᠷᠡᠯ ᠰᠠᠴᠤᠷᠠᠵᠤ᠂ ᠴᠠᠬᠢᠯᠭᠠᠨ ᠰᠣᠯᠢᠬᠤ ᠬᠦᠨᠳᠦ ᠠᠴᠢᠶᠠᠨ᠎ᠤ ᠮᠠᠰᠢᠨ ᠥᠨᠳᠥᠷ ᠪᠦᠲᠦᠮᠵᠢᠲᠡᠶ ᠪᠡᠷ ᠴᠠᠬᠢᠯᠭᠠᠨ ᠰᠤᠯᠢᠬᠤ ᠥᠷᠲᠡᠭᠡ ᠪᠡᠷ ᠦᠨᠭᠭᠡᠷᠡᠵᠦ᠂ ᠡᠨᠧᠷᠭᠢ ᠬᠠᠳᠠᠭᠠᠯᠠᠬᠤ ᠪᠠ ᠬᠥᠳᠡᠯᠭᠡᠬᠦ᠌ ᠬᠦᠴᠦᠨ᠎ᠦ ᠳ᠋ᠢᠶᠠᠨ ᡂᠢ ᠦᠶ᠋ᠯᠡᠳᠪᠦᠷᠢᠯᠡᠬᠦ᠌ᠠᠵᠢᠯ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃
ᠨᠡᠭᠦᠷᠡᠰᠦᠲᠥ᠋ᠷᠥᠭ᠌ᠴᠢᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠦᠨ ᠭᠤᠤᠯ ᠡᠯᠧᠮᠧᠨ᠋ᠲ ᠪᠣᠯ ᠲᠡᠭ ᠨᠡᠭᠦᠷᠡᠰᠦᠲᠥ᠋ᠷᠥᠭ᠌ᠴᠢ ᠪᠣᠯᠤᠨ᠎ᠠ᠂ ᠡᠨᠳᠡᠬᠢ 80% ᠵᠢᠨ ᠡᠨᠧᠷᠭᠢ ᠨᠢ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ ᠪᠠ ᠨᠥᠭᠡᠴᠡ ᠡᠨᠧᠷᠭᠢ᠎ᠡᠴᠡ ᠱᠢᠭᠤᠳ ᠢᠷᠡᠯᠲᠡ᠎ᠲᠡᠶ ᠪᠠᠢᠵᠤ᠂ 20% ᠨᠢ ᠤᠶᠤᠨᠴᠢ ᠴᠠᠬᠢᠯᠭᠠᠨ ᠲᠤᠤᠷ᠎ᠢᠶᠠᠷ ᠳᠠᠮᠵᠢᠭᠤᠯᠤᠨ ᠪᠤᠬᠢᠷᠲᠦᠯ ᠦᠭᠡᠢ ᠴᠠᠬᠢᠯᠭᠠᠨ᠎ᠤ ᠠᠷᠠᠯᠵᠢᠶ᠎ᠠ᠎ᠶ᠋ᠢ ᠳᠣᠭᠢᠷᠠᠭᠤᠯᠤᠨ ᠭᠦᠶ᠋ᠴᠡᠳ ᠨᠥᠬᠥᠪᠥᠷᠢᠯᠡᠵᠦ᠍᠂ 100% ᠵᠢᠨ ᠨᠡᠭᠦᠷᠡᠰᠦᠲᠥ᠋ᠷᠥᠭ᠌ᠴᠢᠦᠯᠦ ᠭᠠᠳᠠᠭᠰᠢᠯᠠᠭᠤᠯᠬᠤ ᠡᠨᠧᠷᠭᠢ᠎ᠶ᠋ᠢᠨ ᠬᠠᠩᠭᠠᠯᠭ᠎ᠠ᠎ᠶ᠋ᠢ ᠪᠡᠶᠡᠯᠡᠭᠦᠯᠪᠡ᠃ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠨᠢ ᠲᠣᠨᠣᠭ᠍ᠯᠠᠯ ᠦᠶ᠋ᠯᠡᠳᠬᠦ᠌᠎ᠪᠡᠷ ᠭᠤᠤᠯᠯᠠᠬᠤ ᠠᠵᠤ ᠦᠶ᠋ᠯᠡᠰ ᠪᠣᠯᠭᠠᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠪᠦᠯᠦᠭ᠌ᠵᠢᠯ᠎ᠢ ᠲᠥᠪᠯᠡᠷᠡᠭᠦᠯᠦᠨ ᠪᠦᠲᠦᠬᠡᠨ ᠪᠠᠢᠭᠤᠯᠵᠤ᠂ ᠣᠳᠣᠬᠠᠨ᠎ᠳᠤ ᠨᠢᠭᠡᠨᠲᠡ 9 ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠢ ᠠᠱᠢᠭ᠍ᠯᠠᠯᠲᠠ᠎ᠳᠤ ᠣᠷᠣᠭᠤᠯᠵᠤ᠂ 2024 ᠣᠨ᠎ᠳᠤ ᠱᠢᠨ᠎ᠡ ᠡᠨᠧᠷᠭᠢ᠎ᠶ᠋ᠢᠨ ᠦᠶ᠋ᠯᠡᠳᠬᠦᠨ᠎ᠦ ᠥᠷᠲᠡᠭ 200.9 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠱᠢᠨ᠎ᠡ᠎ᠶ᠋ᠢ ᠡᠭᠦᠳᠬᠦ᠌ ᠵᠠᠭ᠍ᠪᠤᠷ ᠪᠣᠯᠤᠨ ᠬᠠᠢᠨ ᠰᠥᠪᠡᠭ᠌ᠴᠢᠯᠡᠯᠲᠡ᠎ᠶ᠋ᠢᠨ ᠦᠶ᠋ᠯᠡᠳᠦᠯᠭᠡ᠎ᠨᠢ ᠨᠡᠢᠭᠡᠮ ᠨᠡᠢᠲᠡ᠎ᠳᠦ ᠨᠡᠢᠳᠡᠮ ᠮᠡᠳᠡᠷᠡᠭ᠌ᠳᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠣᠷᠳᠣᠰ ᠬᠣᠲᠠ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠵᠢᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠮ᠎ᠢ ᠴᠢᠷᠮᠠᠢᠨ ᠰᠦᠪᠡᠭ᠌ᠴᠢᠯᠡᠵᠦ᠍᠂ ᠭᠤᠤᠯᠳᠠᠯᠭ᠎ᠠ᠎ᠲᠠᠶ ᠬᠦᠷᠢᠶᠡᠨ᠎ᠳᠡᠬᠢ ᠪᠣᠬᠢᠷᠲᠤᠯ ᠥᠬᠡᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠢᠨ᠎ᠡ ᠡᠨᠧᠷᠭᠢ᠎ᠶ᠋ᠢ ᠶᠡᠬᠡᠪᠡᠷ ᠬᠥᠭ᠌ᠵᠢᠭᠦᠯᠵᠦ᠍᠂ ᠪᠣᠬᠢᠷᠲᠤᠯ ᠥᠬᠡᠶ ᠴᠠᠬᠢᠯᠭᠠᠨ᠎ᠢ ᠪᠠᠭᠲᠠᠭᠠᠨ ᠱᠢᠩᠭᠡᠭᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠨᠡᠭᠦᠷᠡᠰᠦ ᠴᠠᠬᠢᠯᠭᠠᠨ᠎ᠤ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠡᠨᠧᠷᠭᠢ᠎ᠶ᠋ᠢ ᠶᠡᠷᠦᠩᠬᠡᠢᠯᠡᠨ ᠠᠱᠢᠭ᠍ᠯᠠᠵᠤ ᠵᠢᠱ᠌ᠢᠶ᠎ᠡ ᠦᠵᠡᠭᠦᠯᠬᠦ᠎ᠶᠢ ᠠᠬᠢᠭᠤᠯᠪᠠ; ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠲᠥᠷᠥᠯ ᠪᠠ ᠲᠡᠷᠢᠭᠦᠨ᠎ᠦ ᠠᠵᠤ ᠦᠶ᠋ᠯᠡᠰ᠎ᠲᠦ ᠰᠠᠭᠤᠷᠢᠯᠠᠨ ᠳᠠᠪᠠᠭᠤᠯᠢᠭ᠎ᠢᠶᠠᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠠᠵᠤ ᠦᠶ᠋ᠯᠡᠳᠪᠦᠷᠢ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ; ᠨᠡᠭᠦᠷᠡᠰᠦ ᠲᠡᠭᠡᠭᠡᠪᠦᠷᠢᠯᠡᠬᠦ᠌ ᠲᠠᠯᠠᠪᠤᠷ᠎ᠤᠨ ᠳᠠᠪᠠᠭᠤᠯᠢᠭ᠎ᠲᠤ ᠰᠠᠭᠤᠷᠢᠯᠠᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠂ ᠱᠢᠨ᠎ᠡ ᠡᠨᠧᠷᠭᠢ᠎ᠶ᠋ᠢᠨ ᠲᠡᠷᠭᠡ ᠬᠥᠰᠭᠡ ᠪᠠ ᠤᠰᠤᠲᠥ᠋ᠷᠥᠭ᠌ᠴᠢ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠦᠨ ᠬᠡᠷᠡᠭ᠌ᠯᠡᠬᠦ᠌᠂ ᠤᠶᠤᠨᠴᠢ ᠲᠤᠤᠷᠵᠢᠭ᠍ᠰᠠᠨ ᠮᠠᠱᠢᠨ ᠲᠡᠷᠭᠡ ᠵᠢᠨ ᠬᠡᠷᠡᠭ᠌ᠯᠡᠯᠲᠡ᠂ ᠬᠦᠨᠳᠦ ᠠᠴᠢᠶᠠᠨ᠎ᠤ ᠲᠡᠮᠦᠷ ᠵᠠᠮ᠎ᠤᠨ ᠬᠦᠷᠢᠶᠡᠨ᠎ᠳᠦ ᠤᠰᠤᠲᠥ᠋ᠷᠥᠭ᠌ᠴᠢ ᠡᠨᠧᠷᠭᠢ᠎ᠶ᠋ᠢ ᠬᠡᠷᠡᠭ᠌ᠯᠡᠬᠦ᠌ ᠵᠡᠷᠭᠡ ᠲᠠᠯ᠎ᠠ᠎ᠪᠠᠷ᠂ ᠪᠥᠬᠥ᠌ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠳᠡᠬᠢ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠠᠬᠢᠴᠠ᠎ᠶ᠋ᠢ ᠬᠦᠴᠦᠲᠡᠶ ᠠᠬᠢᠭᠤᠯᠪᠠ᠃
ᠡᠭᠦᠨ᠎ᠦ ᠬᠠᠮᠲᠤ᠂ ᠠᠵᠤ ᠦᠢᠯᠡᠰ᠎ᠦᠨ ᠪᠦᠲᠦᠴᠡ ᠪᠦᠬᠦ᠌ ᠲᠠᠯ᠎ᠠ᠎ᠪᠠᠷ ᠳᠡᠰ ᠳᠡᠪᠱᠢᠪᠡ᠃ ᠨᠢᠭᠡ ᠲᠠᠯ᠎ᠠ᠎ᠪᠠᠷ᠂ 《ᠰᠠᠯᠬᠢ ᠭᠡᠷᠡᠯ᠎ᠢ ᠤᠰᠤᠲᠥ᠋ᠷᠥᠭ᠌ᠴᠢᠭᠤᠯᠤᠨ ᠨᠦᠬᠡᠴᠡᠯᠡᠬᠦ ᠲᠡᠷᠭᠡ》 ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠪᠦᠯᠦᠭ᠌ᠵᠢᠯ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ ᠵᠡᠷᠭᠡ 18 ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠡᠯᠬᠢᠶ᠎ᠡ᠎ᠶ᠋ᠢ ᠭᠣᠣᠯᠳᠠᠯᠭ᠎ᠠ᠎ᠲᠠᠶ ᠴᠣᠭ᠍ᠴᠠᠯᠠᠵᠤ᠂ 《ᠨᠢᠭᠡ ᠬᠡᠰᠡᠭ ᠨᠡᠭᠦᠷᠡᠰᠦ》 ᠡᠴᠡ 《ᠨᠢᠭᠡ ᠪᠠᠭ᠍ᠴᠠ ᠱᠢᠷᠬᠡᠭᠯᠢᠭ》 《ᠨᠢᠬᠡ ᠬᠡᠰᠡᠭ ᠪᠦᠰ》 ᠬᠦᠷᠲᠡᠯ᠎ᠡ ᠪᠦᠬᠦ᠌ ᠬᠡᠯᠬᠢᠶ᠎ᠡ᠎ᠶ᠋ᠢ ᠤᠷᠲᠤᠳᠭᠠᠪᠠ᠃ ᠴᠡᠪᠡᠷ ᠡᠨᠧᠷᠭᠢ᠎ᠶ᠋ᠢᠨ ᠬᠠᠩᠭᠠᠯᠭ᠎ᠠ᠎ᠶ᠋ᠢᠨ ᠰᠠᠭᠤᠷᠢᠨ᠎ᠢ ᠪᠠᠢᠭᠤᠯᠬᠤ᠎ᠶ᠋ᠢ ᠠᠬᠢᠭᠤᠯᠵᠤ᠂ ᠨᠢᠭᠡᠨᠲᠡ 6133 ᠲᠦᠮᠡᠨ ᠺᠢᠯᠦᠸᠠᠲ᠎ᠤᠨ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ᠎ᠶ᠋ᠢ ᠪᠠᠢᠭᠤᠯᠵᠤ᠂ ᠡᠭᠦᠨ᠎ᠳᠦ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 2471 ᠲᠦᠮᠡᠨ ᠺᠢᠯᠦᠸᠠᠲ ᠪᠠᠢᠵᠤ᠂ 40.3% ᠶ᠋ᠢ ᠡᠵᠡᠯᠡᠵᠦ᠍᠂ ᠱᠢᠨ᠎ᠡ ᠡᠨᠧᠷᠭᠢ᠎ᠶ᠋ᠢᠨ ᠠᠵᠤ ᠦᠶ᠋ᠯᠡᠰ ᠬᠡᠰᠡᠭ ᠪᠤᠰᠠᠭ ᠪᠠᠢᠷᠢᠱᠢᠯ᠎ᠡᠴᠡ ᠬᠡᠪᠴᠢᠶᠡᠵᠢᠭ᠌ᠰᠡᠨ ᠬᠥᠭ᠌ᠵᠢᠯᠲᠡ᠎ᠶ᠋ᠢᠨ ᠱᠠᠲᠤᠨ᠎ᠳᠤ ᠣᠷᠣᠪᠠ᠃ ᠨᠥᠭᠥᠭᠡ ᠲᠠᠯ᠎ᠠ᠎ᠪᠠᠷ᠂ ᠱᠦᠶ᠋ᠨᠢ᠂ ᠴᠠᠬᠢᠯᠠᠭᠤᠷ ᠴᠢᠯᠠᠭᠤ᠂ ᠬᠡᠸ᠋ᠷᠡᠰᠦ ᠵᠡᠷᠭᠡ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠠᠵᠢᠯ ᠲᠥᠷᠥᠯ᠎ᠦᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠨᠡᠢᠲᠡ 602.8 ᠲᠦᠮᠡᠨ ᠲᠣᠨ ᠤᠬᠤᠷᠢᠭᠤᠯᠤᠨ ᠭᠠᠷᠭᠠᠵᠤ᠂ ᠨᠡᠭᠦᠷᠡᠰᠦ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠡᠨᠧᠷᠭᠢ ᠠᠷᠪᠢᠯᠠᠬᠤ ᠥᠭᠡᠷᠡᠴᠢᠯᠡᠯᠲᠡ᠎ᠶ᠋ᠢ ᠨᠡᠢᠲᠡ 926 ᠲᠦᠮᠡᠨ ᠺᠢᠯᠦᠸᠠᠲ᠂ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ᠎ᠶ᠋ᠢᠨ ᠬᠡᠲᠦ ᠳᠤᠤᠷ᠎ᠠ ᠭᠠᠳᠠᠭ᠍ᠰᠢᠯᠠᠭᠤᠯᠬᠤ ᠥᠭᠡᠷᠡᠴᠢᠯᠡᠯᠲᠡ᠎ᠶ᠋ᠢ ᠨᠡᠢᠲᠡ1898 ᠲᠦᠮᠡᠨ ᠺᠢᠯᠦᠸᠠᠲ ᠪᠡᠶᠡᠯᠡᠭᠦᠯᠪᠡ᠃ ᠪᠤᠬᠢᠷᠳᠤᠯ ᠶᠡᠬᠡᠳᠡᠢ ᠪᠠᠢᠭ᠍ᠰᠠᠨ᠎ᠡᠴᠡ《ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ》 ᠪᠣᠯᠤᠭ᠍ᠰᠠᠨ ᠬᠡᠭᠡᠨᠴᠢᠷᠬᠤᠪᠢᠷᠠᠯᠲᠠᠶ᠋ᠢ ᠪᠡᠶᠡᠯᠡᠭᠦᠯᠵᠦ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠪᠣᠬᠢᠷᠲᠤᠯ ᠥᠬᠡᠶ ᠬᠥᠳᠡᠯᠭᠡᠬᠦ᠌ ᠡᠨᠧᠷᠭᠢ ᠨᠡᠮᠡᠷᠢᠯᠡᠪᠡ᠃
ᠪᠣᠬᠢᠷᠲᠤᠯ᠎ᠢ ᠰᠡᠷᠭᠡᠢᠯᠡᠨ ᠵᠠᠰᠠᠵᠤ ᠪᠣᠭᠣᠮᠲᠠ ᠱᠢᠪᠲᠤᠯᠵᠤ ᠰᠠᠢ᠌ᠨ ᠰᠠᠢᠬᠠᠨ ᠭᠡᠷ ᠣᠷᠣᠨ᠎ᠢ ᠰᠠᠬᠢᠨ ᠬᠠᠮᠠᠭᠠᠯᠠᠪᠠ
ᠳᠡᠯᠭᠡᠷ ᠵᠣᠨ᠎ᠤ ᠣᠷᠳᠣᠰ᠎ᠤᠨ ᠦᠯᠡᠳᠡᠮᠡᠯ ᠴᠠᠬᠤᠯᠠᠶ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠨᠣᠮᠢᠨ ᠳᠣᠯᠭᠢᠶᠠᠨ ᠬᠠᠶᠠᠯᠠᠨ᠂ ᠡᠪᠡᠰᠦ ᠮᠣᠳᠣ ᠢᠭ᠍ᠴᠤᠷᠠᠨ ᠰᠠᠬᠤᠯᠢᠭᠵᠢᠵᠤ᠂ ᠨᠠᠭᠤᠷ᠎ᠤᠨ ᠲᠥᠪ ᠠᠷᠠᠯ ᠳᠡᠭᠡᠷ᠎ᠡ ᠰᠦᠷᠦᠭ ᠰᠦᠷᠦᠭ ᠴᠠᠬᠤᠯᠠᠶ ᠨᠤᠭᠤᠳ ᠢᠳᠡᠰᠢ ᠡᠷᠢᠵᠦ᠍ ᠨᠢᠰᠦᠯᠳᠦᠨ᠂ ᠱᠢᠪᠠᠭᠤᠳ᠎ᠤᠨ ᠵᠢᠷᠭᠢᠬᠦ᠌ ᠲᠠᠭᠤᠨ ᠣᠭ᠍ᠲᠠᠷᠭᠤᠶ᠎ᠳᠤ ᠴᠤᠤᠷᠢᠶᠠᠲᠤᠨ᠎ᠠ᠃ 2025 ᠣᠨ᠎ᠤ 6 ᠰᠠᠷ᠎ᠠ᠎ᠶ᠋ᠢᠨ ᠬᠢᠨᠠᠨ ᠬᠡᠮᠵᠢᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠲᠣᠰ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠦᠯᠡᠳᠡᠮᠡᠯ ᠴᠠᠬᠤᠯᠠᠶ᠎ᠶ᠋ᠢᠨ ᠦᠷᠡᠵᠢᠯ᠎ᠦᠨ ᠡᠭᠦᠷ ᠨᠢ 1801ᠪᠠᠢᠵᠤ᠂ ᠣᠢᠷ᠎ᠠ᠎ᠶ᠋ᠢᠨ 20 ᠵᠢᠯ᠎ᠦᠨ ᠲᠤᠷᠱᠢᠬᠢ ᠱᠢᠨ᠎ᠡ ᠲᠡᠮᠳᠡᠭ᠌ᠯᠡᠯ᠎ᠢ ᠡᠭᠦᠳᠴᠦ᠍᠂ ᠦᠯᠡᠳᠡᠮᠡᠯ ᠴᠠᠬᠤᠯᠠᠶ᠎ᠶ᠋ᠢᠨ ᠲᠣᠭ᠎ᠠ 8000 ᠶ᠋ᠢ ᠳᠠᠪᠠᠵᠤ᠂ ᠱᠢᠪᠠᠭᠤᠨ᠎ᠤ ᠲᠥᠷᠥᠯ ᠵᠦᠶ᠋ᠯ 83 ᠵᠦᠶ᠋ᠯ ᠪᠠᠢᠭ᠍ᠰᠠᠨ᠎ᠡᠴᠡ᠎ᠪᠠᠨ 115 ᠵᠦᠶ᠋ᠯ ᠪᠣᠯᠵᠣ ᠨᠡᠮᠡᠭ᠌ᠳᠡᠨ᠂ ᠬᠠᠮᠠᠭᠠᠯᠠᠯᠲᠠ᠎ᠶ᠋ᠢᠨ ᠣᠷᠣᠨ᠎ᠤ ᠵᠢᠯ᠎ᠤᠨ ᠳᠠᠭᠠᠭᠠᠵᠤ ᠳᠡᠢᠯᠬᠦ ᠱᠢᠪᠠᠭᠤᠨ᠎ᠤ ᠲᠥᠷᠥᠯ 10 ᠲᠦᠮᠡ ᠵᠢ ᠳᠠᠪᠠᠪᠠ᠃ ᠠᠮᠢ ᠠᠬᠤᠶ ᠣᠷᠴᠢᠨ ᠲᠣᠭᠣᠷᠢᠨ᠎ᠤ ᠯᠤᠲᠤ ᠶᠡᠬᠡ ᠰᠠᠢᠵᠢᠷᠠᠯᠲᠠ ᠨᠢ ᠣᠷᠣᠱᠢᠨ ᠠᠮᠢᠳᠤᠷᠠᠬᠤ ᠣᠷᠴᠢᠨ ᠨᠦᠭᠦᠴᠡᠯ᠎ᠳᠤ ᠴᠢᠩᠭ᠎ᠠ ᠱᠠᠭᠠᠷᠳᠠᠯᠭ᠎ᠠ ᠲᠠᠢ ᠪᠠᠢᠳᠠᠭ ᠡᠲᠡᠭᠡᠷ ᠴᠠᠬᠤᠯᠠᠶ᠎ᠶ᠋ᠢ ᠶᠡᠬᠡ ᠬᠡᠮᠵᠢᠶ᠎ᠡ᠎ᠪᠡᠷ ᠬᠤᠷᠭᠤᠳᠠᠭᠤᠯᠪᠠ᠂ ᠡᠨᠡ ᠪᠣᠯ ᠣᠷᠳᠣᠰ᠎ᠤᠨ ᠲᠩᠷᠢ ᠨᠢ ᠴᠡᠯᠮᠡᠭ ᠭᠠᠵᠠᠷ ᠨᠢ ᠨᠣᠭᠣᠭᠠᠨ ᠤᠰᠤ ᠨᠢ ᠲᠤᠩᠭᠠᠯᠠᠭ ᠰᠠᠢᠨ ᠰᠠᠢᠬᠠᠨ ᠬᠡᠷ ᠣᠷᠣᠨ᠎ᠢᠶᠠᠨ ᠰᠠᠬᠢᠨ ᠬᠠᠮᠠᠭᠠᠯᠠᠭ᠍ᠰᠠᠨ ᠠᠮᠢᠳᠤᠯᠢᠭ ᠵᠢᠷᠤᠭ᠍ᠯᠠᠯ ᠪᠣᠯᠤᠨ᠎ᠠ᠃
ᠰᠠᠢᠨ ᠰᠠᠢᠬᠠᠨ ᠠᠮᠢ ᠠᠬᠤᠶ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠣᠷᠳᠣᠰ ᠬᠣᠲᠠ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠶ ᠰᠠᠢᠲᠤᠷ ᠬᠢᠵᠦ᠍᠂ ᠬᠥᠬᠡ ᠣᠭ᠍ᠲᠠᠷᠭᠤᠶ᠂ ᠨᠤᠮᠢᠨ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠤᠯᠪᠠ᠃ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠠᠭᠠᠷ᠎ᠤᠨ ᠶᠠᠰᠤ ᠴᠢᠨᠠᠷ᠎ᠤᠨ ᠱᠢᠯᠢᠳᠡᠭ ᠰᠠᠢᠨ ᠪᠠᠢᠬᠤ ᠨᠣᠷᠮ᠎ᠠ᠎ᠶ᠋ᠢ ᠣᠷᠳᠣ ᠬᠤᠭᠤᠴᠠᠭ᠎ᠠ᠎ᠪᠠᠷ 90% ᠣᠷᠴᠢᠮ᠎ᠳᠤ ᠲᠣᠭ᠍ᠲᠠᠭᠤᠨ ᠪᠠᠢᠯᠭᠠᠵᠤ᠂ ᠤᠯᠤᠰ᠎ᠤᠨ ᠡᠵᠡᠮᠳᠡᠯ᠎ᠦᠨ 21 ᠣᠭ᠍ᠲᠣᠯᠤᠭᠠᠰᠤ᠎ᠶ᠋ᠢᠨ ᠤᠰᠤᠨ᠎ᠤ ᠴᠢᠨᠠᠷ᠎ᠤᠨ ᠱᠢᠯᠢᠳᠡᠭ ᠰᠠᠢᠨ ᠪᠠᠢᠬᠤ ᠨᠣᠷᠮ᠎ᠠ᠎ᠶ᠋ᠢ 2 ᠵᠢᠯ ᠳᠠᠷᠠᠭᠠᠯᠠᠨ 100% ᠪᠠᠢᠯᠭᠠᠵᠤ᠂ ᠬᠣᠲᠠ ᠪᠠᠯᠭᠠᠰᠤ ᠵᠢᠴᠢ ᠲᠡᠭᠦᠨ᠎ᠡᠴᠡ ᠳᠡᠭᠡᠭ᠌ᠰᠢᠬᠢ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ᠎ᠶ᠋ᠢ 100% ᠪᠠᠢᠯᠭᠠᠵᠤ᠂ ᠪᠣᠬᠢᠷᠲᠤᠭ᠍ᠰᠠᠨ ᠲᠠᠷᠢᠶᠠᠨ ᠭᠠᠵᠠᠷ᠎ᠢ ᠠᠮᠤᠷ ᠲᠦᠪᠱᠢᠨ᠎ᠢᠶᠡᠷ ᠠᠱᠢᠭ᠍ᠯᠠᠬᠤ ᠨᠣᠷᠮ᠎ᠠ᠂ ᠭᠤᠤᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠠᠮᠤᠷ ᠲᠦᠪᠱᠢᠨ᠎ᠢᠶᠡᠷ ᠠᠱᠢᠭ᠍ᠯᠠᠬᠤ ᠨᠣᠷᠮ᠎ᠠ᠎ᠶ᠋ᠢ ᠴᠥᠮ 100% ᠳ᠋ᠦ ᠬᠦᠷᠭᠡᠪᠡ᠃ ᠣᠷᠴᠢᠨ ᠲᠣᠭᠣᠷᠢᠨ᠎ᠤ ᠰᠠᠭᠤᠷᠢ ᠲᠦᠬᠦᠭᠡᠷᠦᠮᠵᠢ᠎ᠶ᠋ᠢᠨ ᠱᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠍᠂ ᠠᠵᠤ ᠦᠶ᠋ᠯᠡᠳᠪᠦᠷᠢ᠎ᠶ᠋ᠢᠨ ᠬᠠᠶᠠᠭ᠍ᠳᠠᠮᠠᠯ ᠤᠰᠤ ᠭᠠᠳᠠᠭ᠍ᠰᠢᠯᠠᠭᠤᠯᠬᠤ ᠥᠬᠡᠶ ᠪᠠᠢᠬᠤ᠎ᠶ᠋ᠢ ᠪᠡᠶᠡᠯᠡᠭᠦᠯᠵᠦ᠍᠂ ᠬᠣᠲᠠ ᠪᠠᠯᠭᠠᠰᠤ᠎ᠶ᠋ᠢᠨ ᠠᠮᠢᠳᠤᠷᠠᠯ᠎ᠤᠨ ᠪᠣᠬᠢᠷ ᠤᠰᠤ ᠱᠢᠶ᠋ᠳᠪᠦᠷᠢᠯᠡᠬᠦ᠌ ᠨᠣᠷᠮ᠎ᠠ ᠵᠢᠴᠢ ᠪᠠᠷᠢᠮᠵᠢᠶ᠎ᠠ᠎ᠳᠤ ᠬᠦᠷᠦᠭᠦᠯᠦᠨ ᠭᠠᠳᠠᠭ᠍ᠰᠢᠯᠠᠭᠤᠯᠬᠤ ᠨᠣᠷᠮ᠎ᠠ 100%᠎ᠳ᠋ᠤ ᠬᠦᠷᠴᠦ᠍᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ᠎ᠶ᠋ᠢ ᠵᠠᠰᠠᠬᠤ ᠨᠣᠷᠮ᠎ᠠ 66.3% ᠳ᠋ᠤ ᠬᠥᠷᠪᠡ᠃ ᠬᠣᠲᠠ᠎ᠶ᠋ᠢᠨ ᠠᠮᠢ ᠠᠬᠤᠶ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠪᠠᠢᠬᠤ ᠶᠠᠰᠤ ᠴᠢᠨᠠᠷ ᠪᠥᠬᠥ᠌ ᠲᠠᠯ᠎ᠠ᠎ᠪᠠᠷ ᠳᠡᠭᠡᠭ᠌ᠰᠢᠯᠡᠵᠦ᠍᠂ ᠣᠢᠷ᠎ᠠ᠎ᠶ᠋ᠢᠨ ᠵᠢᠯ᠎ᠳᠦ ᠤᠯᠤᠰ᠎ᠤᠨ ᠣᠶ ᠱᠢᠭᠤᠶ᠎ᠶ᠋ᠢᠨ ᠬᠣᠲᠠ᠂ ᠤᠯᠤᠰ᠎ᠤᠨ ᠴᠡᠴᠡᠷᠯᠢᠭ᠌᠎ᠲᠦ ᠬᠣᠲᠠ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠂ ᠤᠯᠤᠰ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠶ᠋ᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠂ ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭᠠᠯᠲᠤ ᠲᠥᠷᠥᠭ᠌ᠳᠡᠯ᠎ᠲᠡᠶ ᠬᠣᠲᠠ ᠵᠡᠷᠭᠡ 100 ᠭᠠᠷᠤᠶ ᠢᠷᠠᠭᠤ ᠠᠯᠳᠠᠷ᠎ᠤᠨ ᠴᠣᠯᠠ ᠭᠥᠷᠳᠡᠵᠦ᠍᠂ 《ᠡᠨᠧᠷᠭᠢ᠎ᠶ᠋ᠢᠨ ᠬᠤᠲᠠ》 ᠡᠴᠡ 《ᠪᠣᠬᠢᠷᠲᠤᠯ ᠥᠬᠡᠶ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ ᠨᠡᠢᠲᠡᠯᠢᠭ ᠵᠢᠱ᠌ᠢᠶ᠎ᠡ》 ᠪᠣᠯᠤᠭ᠍ᠰᠠᠨ ᠦᠵᠡᠰᠭᠦᠯᠡᠩᠲᠦ ᠰᠠᠢᠬᠠᠨ ᠬᠤᠪᠢᠷᠠᠯᠲᠠ᠎ᠶ᠋ᠢ ᠪᠡᠶᠡᠯᠡᠭᠦᠯᠪᠡ᠃
《ᠲᠩᠷᠢ ᠨᠢ ᠴᠡᠯᠮᠡᠭ ᠭᠠᠵᠠᠷ ᠨᠢ ᠨᠣᠭᠣᠭᠠᠨ ᠤᠰᠤ ᠨᠢ ᠲᠤᠩᠭᠠᠯᠠᠭ ᠰᠠᠢ᠌ᠨ ᠰᠠᠢᠬᠠᠨ ᠭᠡᠷ ᠣᠷᠣᠨ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠭᠣᠣᠯ ᠮᠥᠷᠡᠨ᠎ᠢ ᠨᠡᠩ ᠴᠡᠪᠡᠷ ᠲᠤᠨᠭᠭᠠᠯᠠᠭ᠂ ᠠᠭᠠᠷ᠎ᠢ ᠨᠡᠩ ᠰᠢᠨ᠎ᠡ ᠰᠤᠷᠭᠤᠭ᠂ ᠠᠭᠤᠯᠠ ᠤᠰᠤ᠎ᠶ᠋ᠢ ᠨᠡᠩ ᠰᠦᠷᠯᠢᠭ ᠰᠠᠢᠬᠠᠨ ᠪᠣᠯᠭᠠᠵᠤ᠂ ᠠᠷᠠᠳ ᠤᠯᠠᠨ᠎ᠤ ᠰᠠᠢ᠌ᠨ ᠰᠠᠢᠬᠠᠨ ᠠᠮᠢ ᠠᠬᠤᠢ ᠣᠷᠴᠢᠨ ᠲᠤᠭᠤᠷᠢᠨ᠎ᠤ ᠲᠤᠬᠠᠢ ᠱᠢᠨ᠎ᠡ ᠬᠦᠰᠡᠯ ᠡᠷᠡᠮᠡᠯᠵᠡᠯ᠎ᠢ ᠬᠠᠩᠭᠠᠬᠤ ᠪᠣᠯ ᠪᠢᠳᠡᠨ᠎ᠤ ᠴᠥᠬᠥᠷᠡᠰᠢ ᠦᠭᠡᠢ ᠲᠡᠮᠡᠴᠡᠬᠦ᠌ ᠬᠠᠷᠠᠯᠲᠠ ᠮᠥᠨ》 ᠭᠡᠵᠦ᠍ ᠣᠷᠳᠣᠰ ᠬᠣᠲᠠ᠎ᠶ᠋ᠢᠨ ᠠᠮᠢ ᠠᠬᠤᠶ ᠣᠷᠴᠢᠨ ᠲᠤᠭᠤᠷᠢᠨ᠎ᠤ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠣᠶᠣᠯᠲᠤ ᠬᠡᠯᠡᠪᠡ᠃