— ᠪᠦᠬᠦ ᠵᠢᠯ᠎ᠦᠨ ᠬᠠᠷᠠᠯᠲᠠ ᠡᠭᠦᠷᠭᠡᠳ᠋ᠤ ᠠᠨᠭᠬᠠᠷᠤᠯ ᠵᠢᠡᠨ ᠲᠦᠪᠯᠡᠷᠡᠬᠦᠯᠵᠤ ᠵᠢᠷᠠᠨ ᠡᠳᠦᠷ ᠤ᠋ᠨ ᠰᠢᠢᠳᠪᠤᠷᠢᠳᠤ ᠲᠠᠢᠯᠠᠯᠳᠤᠭᠠᠨ ᠬᠢᠬᠦ ᠲᠤᠬᠠᠢ ᠬᠤᠶᠠᠷᠳᠠ ᠦᠬᠦᠯᠡᠬᠦ ᠨᠢ
ᠣᠳᠣᠬᠠᠨ᠎ᠳᠤ ᠮᠠᠨ᠎ᠤ ᠣᠷᠣᠨ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠪᠡᠶᠡᠯᠡᠭᠦᠯᠬᠦ᠌ ᠡᠴᠦᠰ᠎ᠦᠨ ᠱᠢᠪᠲᠤᠯᠤᠯᠲᠠ᠎ᠶ᠋ᠢᠨ ᠱᠠᠲᠤᠨ᠎ᠳᠤ ᠣᠷᠣᠪᠠ᠃ ᠣᠷᠣᠨ ᠳᠠᠶᠠᠭᠠᠷ᠎ᠢᠶᠠᠨ ᠡᠴᠦᠰ᠎ᠦᠨ ᠬᠣᠶᠠᠷ ᠰᠠᠷ᠎ᠠ᠎ᠶ᠋ᠢᠨ ᠴᠠᠭ᠎ᠢ ᠭᠦᠶ᠋ᠴᠡᠳ ᠰᠠᠢᠲᠤᠷ ᠠᠰᠢᠬᠯᠠᠵᠤ᠂ ᠳᠠᠯᠳᠠ ᠬᠦᠴᠦᠨ᠎ᠢᠶᠡᠨ ᠤᠯᠠᠮ ᠨᠢᠭᠡ ᠠᠯᠬᠤᠮ ᠪᠠᠳᠠᠷᠠᠭᠤᠯᠵᠤ᠂ ᠠᠮᠢᠵᠢᠷᠠᠯ᠎ᠤᠨ ᠬᠦᠴᠦᠨ᠎ᠢᠶᠡᠨ ᠤᠯᠠᠮ ᠨᠢᠭᠡ ᠠᠯᠬᠤᠮ ᠬᠥᠭ᠌ᠵᠢᠭᠡᠵᠦ᠍᠂ ᠵᠣᠷᠢᠭ᠍ᠲᠠᠶ ᠱᠢᠪᠲᠤᠯᠵᠤ ᠵᠣᠷᠢᠭ᠍ᠲᠠᠶ ᠠᠵᠢᠯᠯᠠᠬᠤ ᠵᠣᠷᠢᠭ ᠰᠠᠨᠠᠭ᠎ᠠ᠎ᠪᠠᠷ ᠡᠷᠡᠮᠡᠬᠡᠢᠯᠡᠨ ᠲᠡᠮᠡᠴᠡᠵᠦ᠍᠂ ᠪᠥᠬᠥ᠌ ᠵᠢᠯ᠎ᠦᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠱᠢᠪᠲᠤᠯᠤᠯᠲᠠ᠎ᠶ᠋ᠢᠨ ᠱᠠᠳᠤ ᠪᠣᠯ ᠶᠡᠷᠦ᠍ ᠨᠢ ᠬᠠᠮᠤᠭ᠎ᠤᠨ ᠢᠳᠡ ᠠᠪᠬᠤ ᠴᠠᠭ ᠦᠶ᠎ᠡ ᠪᠣᠯᠤᠨ᠎ᠠ᠂ ᠬᠠᠷᠠᠯᠲᠠ ᠡᠮᠦᠨ᠎ᠠ ᠬᠠᠷᠠᠭᠳᠠᠵᠦ᠂ ᠡᠭᠦᠷᠭᠡ ᠮᠥᠷᠥᠨ ᠳ᠋ᠤ ᠲᠠᠯᠪᠢᠬᠳᠠᠵᠤ ᠪᠠᠢᠨ᠎ᠠ᠂ ᠭᠠᠭ᠍ᠴᠠ ᠬᠦ᠌ ᠬᠦᠴᠢᠷ᠎ᠢ ᠰᠦᠷᠦᠨ ᠤᠷᠤᠭ᠍ᠰᠢᠯᠠᠪᠠᠯ ᠰᠠᠶᠢ ᠬᠠᠷᠰᠢ ᠰᠠᠭᠠᠳ ᠬᠦᠴᠢᠷ ᠪᠠᠷᠭᠡᠰᠢᠶᠠᠯ ᠢ᠋ ᠢᠯᠡᠨ ᠲᠠᠪᠠᠵᠤ᠂ ᠭᠠᠭ᠍ᠴᠠ ᠬᠦ᠌ ᠴᠦᠬᠦᠷᠡᠰᠢ ᠦᠭᠡᠢ ᠲᠡᠮᠡᠴᠡᠪᠡᠯ ᠰᠠᠶᠢ ᠱᠢᠨ᠎ᠡ ᠪᠠᠢᠳᠠᠯ᠎ᠢ ᠡᠭᠦᠳᠴᠦ᠍ ᠴᠢᠳᠠᠨ᠎ᠠ᠃ ᠠᠵᠤ ᠦᠢᠯᠡᠰ᠎ᠦᠨ ᠲᠦᠷᠦᠯ ᠵᠦᠢᠯ᠎ᠢ ᠠᠬᠢᠭᠤᠯᠬᠤ ᠠᠢᠵᠠᠮ᠎ᠢ ᠲᠦᠷᠭᠡᠳᠭᠡᠬᠦ᠌ ᠵᠢ ᠭᠡᠷᠬᠢᠨ ᠡᠴᠤᠰ ᠲᠤᠨᠢ ᠲᠤᠯᠳᠠᠯ᠎ᠠ ᠪᠠᠷᠢᠮᠳᠠᠯᠠᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠭᠡᠷᠬᠢᠨ ᠨᠡᠩ ᠰᠠᠢᠵᠢᠷᠠᠭᠤᠯᠬᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠡᠷᠬᠢᠨ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠪᠤᠢ? ᠁ ᠡᠳᠡᠭᠡᠷ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠦ᠂ ᠪᠠᠰᠠ ᠬᠦᠴᠢᠷ᠎ᠢ ᠰᠦᠷᠦᠨ ᠤᠷᠤᠭ᠍ᠰᠢᠯᠠᠵᠤ᠂ ᠠᠰᠠᠭᠤᠳᠠᠯ᠎ᠳᠤ ᠬᠠᠨᠳᠤᠵᠤ᠂ ᠳᠠᠷᠤᠯᠲᠠ᠎ᠶ᠋ᠢ ᠳᠠᠭᠠᠭᠠᠬᠤ ᠴᠢᠬᠤᠯᠠᠲᠠᠢ᠃ ᠣᠷᠣᠨ ᠳᠠᠶᠠᠭᠠᠷ᠎ᠢᠶᠠᠨ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ᠎ᠶ᠋ᠢ ᠢᠯᠡᠭᠦᠬᠡᠨ ᠪᠣᠳᠣᠯᠬᠢᠯᠠᠵᠤ᠂ ᠬᠦᠴᠢᠷ᠎ᠢ ᠰᠦᠷᠦᠨ ᠤᠷᠤᠭ᠍ᠰᠢᠯᠠᠬᠤ ᠠᠵᠢᠯ᠎ᠢ ᠢᠯᠡᠭᠦᠬᠡᠨ ᠬᠢᠵᠦ᠍᠂ ᠡᠷᠴᠢ ᠵᠣᠷᠢᠭ᠎ᠢᠶᠠᠨ ᠭᠦᠢᠴᠡᠳ ᠬᠥᠪᠴᠢᠯᠡᠨ᠂ ᠰᠠᠢᠳᠤᠷ ᠬᠢᠵᠦ᠍ ᠰᠠᠢᠲᠤᠷ ᠪᠦᠲᠦᠭᠡᠬᠦ᠌ ᠠᠵᠢᠯ᠎ᠤᠨ ᠪᠠᠢᠳᠠᠯ᠎ᠢᠶᠠᠷ ᠪᠦᠬᠦ᠌ ᠬᠦᠴᠦᠨ᠎ᠢᠶᠡᠷ᠎ᠢᠶᠡᠨ ᠪᠣᠭᠣᠮᠲᠠ ᠱᠢᠪᠲᠤᠯᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃
ᠠᠵᠤ ᠠᠬᠤᠢ᠎ᠶ᠋ᠢᠨ ᠠᠵᠢᠯ ᠨᠠᠷᠢᠨ ᠪᠤᠳᠤᠯᠢᠶᠠᠨᠳᠠᠢ᠂ ᠤᠯᠠᠨ ᠲᠠᠯ᠎ᠠ ᠳ᠋ᠤ ᠬᠤᠯᠪᠤᠬᠳᠠᠵᠤ ᠪᠠᠢᠳᠠᠭ᠂ ᠡᠴᠦᠰ᠎ᠦᠨ ᠴᠡᠭ ᠲᠤ᠌ ᠣᠢᠷᠠᠳᠭᠤ ᠲᠤᠳᠤᠮ ᠬᠠᠷᠠᠯᠲᠠ ᠵᠢ ᠤᠯᠠᠮ ᠤᠨᠢᠯᠠᠵᠦ᠂ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠪᠦᠬᠦ᠌ ᠬᠦᠴᠦᠨ᠎ᠢᠶᠡᠷ᠎ᠢᠶᠡᠨ ᠱᠢᠪᠲᠤᠯᠤᠯᠳᠠ ᠬᠢᠬᠦ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠣᠳᠣᠬᠠᠨ᠎ᠤ ᠠᠵᠢᠯ᠎ᠤᠨ ᠵᠠᠨᠭᠭᠢᠯᠠᠭᠠ᠂ ᠭᠤᠤᠯᠳᠠᠯᠭ᠎ᠠ᠎ᠶ᠋ᠢ ᠡᠮᠬᠢᠯᠡᠨ ᠵᠠᠳᠠᠯᠵᠤ᠂ ᠠᠵᠢᠯ᠎ᠢᠶᠠᠨ ᠵᠣᠯᠭᠠᠭᠤᠯᠤᠨ ᠵᠣᠬᠢᠴᠠᠭᠤᠯᠬᠤ᠎ᠶ᠋ᠢ ᠰᠠᠢᠲᠤᠷ ᠬᠢᠵᠦ᠍᠂ ᠨᠢᠭᠡᠳᠦᠯᠲᠡᠶ ᠲᠥᠯᠥᠪᠵᠢᠭᠦᠯᠬᠦ᠌᠎ᠪᠡᠨ ᠴᠢᠩᠭᠠᠳᠭᠠᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠠᠮᠵᠢᠭᠤᠯᠤᠨ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠪᠠ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃ ᠠᠷᠭ᠎ᠠ ᠪᠦᠬᠦᠨ᠎ᠢ ᠰᠦᠪᠡᠭ᠌ᠴᠢᠯᠡᠨ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠪᠠᠢᠭᠠᠳ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ᠎ᠶ᠋ᠢ ᠠᠬᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠬᠦᠳᠦᠯᠦᠨ ᠵᠢᠯᠣᠭᠣᠳᠭᠤ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠷᠡᠭ᠌ᠲᠡᠢ; ᠲᠥᠷᠥᠯ ᠵᠦᠶ᠋ᠯ ᠬᠤᠪᠢᠶᠠᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢ ᠲᠣᠭ᠍ᠲᠠᠪᠤᠷᠢᠵᠢᠭᠤᠯᠵᠤ᠂ ᠪᠠᠭᠳᠠᠭᠠᠨ ᠱᠢᠩᠭᠡᠭᠡᠬᠦ᠌᠂ ᠭᠠᠳᠠᠭ᠍ᠰᠢ ᠬᠦᠷᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠢ ᠨᠢᠭᠡᠳᠦᠯᠲᠡᠶ ᠲᠥᠯᠥᠪᠵᠢᠭᠦᠯᠬᠦ᠎ᠪᠡᠷ ᠭᠤᠤᠯᠳᠠᠯᠭ᠎ᠠ ᠪᠣᠯᠭᠠᠨ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠬᠦ ᠬᠡᠷᠡᠭᠳᠡᠢ; ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠡᠷᠭᠢᠯᠲᠡ᠎ᠶ᠋ᠢ ᠲᠣᠭ᠍ᠲᠠᠭᠤᠨ ᠪᠠᠢᠯᠭᠠᠵᠤ᠂ ᠥᠷᠢᠲᠦᠵᠦ᠍ ᠪᠠᠢᠭ᠎ᠠ ᠠᠵᠤ ᠠᠬᠤᠢᠯᠠᠯ᠎ᠤᠨ ᠳᠠᠩᠰᠠᠨ᠎ᠳᠠᠬᠢ ᠵᠣᠭᠣᠰ᠎ᠢ ᠲᠦᠷᠭᠡᠨ ᠪᠤᠴᠠᠭᠠᠵᠤ᠂ ᠠᠵᠤ ᠠᠬᠤᠢᠯᠠᠯ᠎ᠤᠨ ᠬᠦᠴᠢᠷᠳᠡᠯ᠎ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠦ᠍ ᠥᠭ᠌ᠭᠦ ᠬᠡᠷᠡᠭᠳᠡᠢ; ᠬᠡᠷᠡᠭ᠌ᠯᠡᠭᠡ᠎ᠶ᠋ᠢᠨ ᠨᠡᠮᠡᠭ᠌ᠳᠡᠯ᠎ᠦᠨ ᠴᠡᠭ᠎ᠢ ᠪᠥᠬᠥ᠌ ᠲᠠᠯ᠎ᠠ᠎ᠪᠠᠷ ᠠᠭᠤᠳᠠᠯᠵᠤ᠂ ᠵᠢᠭᠤᠯᠴᠢᠯᠠᠯ᠂ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡ ᠵᠡᠷᠭᠡ ᠬᠡᠷᠡᠭ᠌ᠯᠡᠭᠡ᠎ᠶ᠋ᠢᠨ ᠳᠠᠯᠳᠠ ᠬᠦᠴᠦᠨ ᠪᠠ ᠠᠮᠢᠵᠢᠷᠠᠯ᠎ᠤᠨ ᠬᠦᠴᠦᠨ᠎ᠢ ᠭᠦᠶ᠋ᠴᠡᠳ ᠬᠥᠭ᠌ᠵᠢᠭᠡᠵᠦ᠍᠂ ᠬᠡᠷ ᠭᠠᠵᠠᠷ᠎ᠤᠨ ᠬᠥᠷᠥᠩᠭᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ; ᠠᠵᠤ ᠠᠬᠤᠢ᠎ᠶ᠋ᠢᠨ ᠭᠠᠳᠠᠭᠠᠳᠤᠳ᠋ᠦ᠍ ᠬᠠᠨᠳᠤᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ ᠲᠣᠭ᠍ᠲᠠᠪᠤᠷᠢᠵᠢᠭᠤᠯᠤᠨ ᠵᠠᠬ᠎ᠠ ᠳᠡᠯᠭᠡᠭᠦᠷ᠎ᠢ ᠥᠷᠭᠡᠳᠭᠡᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ᠎ᠳᠤ ᠨᠡᠩ ᠰᠠᠢ᠌ᠨ ᠠᠭᠤᠰᠤᠯᠴᠠᠭᠤᠯᠬᠤ ᠬᠡᠷᠡᠭᠳᠡᠢ ᠁ ᠨᠡᠩ ᠶᠡᠬᠡ ᠡᠷᠴᠢᠮ᠎ᠢᠶᠡᠷ ᠠᠷᠠᠯᠵᠢᠶᠠᠴᠢᠨ ᠤᠷᠢᠬᠤ᠎ᠶ᠋ᠢ ᠶᠡᠬᠡᠪᠡᠷ ᠠᠳᠭᠤᠬᠤ᠂ ᠲᠦᠷᠦᠯ ᠵᠦᠢᠯ᠎ᠢ ᠶᠡᠬᠡᠪᠡᠷ ᠠᠳᠭᠤᠬᠤ᠂ ᠪᠡᠯᠡ ᠣᠷᠣᠭᠤᠯᠤᠯᠲᠠ᠎ᠶ᠋ᠢ ᠶᠡᠬᠡᠪᠡᠷ ᠠᠳᠭᠤᠬᠤ ᠴᠤ᠌ ᠲᠡᠷᠡ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠴᠤ᠌ ᠲᠡᠷᠡ᠂ ᠭᠠᠭ᠍ᠴᠠ ᠬᠦ᠌ ᠬᠦᠴᠦ᠍᠎ᠪᠡᠨ ᠲᠥᠪᠯᠡᠷᠡᠭᠦᠯᠵᠦ᠍᠂ ᠤᠨᠢᠨ ᠳᠡᠭᠡᠷ᠎ᠡ ᠨᠢ ᠬᠦᠴᠢᠷ᠎ᠢ ᠰᠢᠢᠳᠪᠦᠷᠢᠯᠡᠪᠡᠯ ᠰᠠᠶ᠍ᠢ ᠭᠠᠪᠱᠢᠭᠠᠢᠯᠠᠨ ᠣᠷᠤᠭᠰᠢᠯᠠᠬᠤ᠂ ᠬᠦᠴᠦ᠍᠎ᠪᠡᠨ ᠲᠥᠪᠯᠡᠷᠡᠭᠦᠯᠦᠨ ᠪᠣᠭᠣᠮᠲᠠ ᠱᠢᠪᠲᠤᠯᠬᠤ ᠳᠤᠮᠳᠠ ᠱᠢᠨ᠎ᠡ ᠠᠮᠵᠢᠯᠲᠠ ᠪᠦᠲᠦᠮᠵᠢ ᠣᠯᠵᠤ᠂ ᠱᠢᠨ᠎ᠡ ᠦᠷ᠎ᠡ ᠪᠦᠲᠦᠮᠵᠢ ᠣᠯᠵᠤ ᠴᠢᠳᠠᠨ᠎ᠠ᠃
ᠬᠣᠩᠬᠣ ᠳᠤᠤᠭᠠᠷᠪᠠᠯ ᠰᠢᠯᠭᠠᠯᠲᠠ ᠵᠢᠨ ᠬᠠᠭᠤᠳᠠᠰᠤ ᠪᠠᠨ ᠲᠤᠱᠢᠶᠠᠨ᠎ᠠ᠂ ᠴᠠᠭ ᠮᠦᠴᠡ ᠬᠥᠮᠦᠨ᠎ᠢ ᠬᠦᠯᠢᠶᠡᠳᠡᠭ ᠦᠭᠡᠢ᠃ ᠪᠦᠬᠦ᠌ ᠵᠢᠯ᠎ᠦᠨ ᠬᠠᠷᠠᠯᠲᠠ᠎ᠪᠠᠨ ᠪᠡᠶᠡᠯᠡᠭᠦᠯᠬᠦ᠌᠎ᠳᠦ ᠴᠠᠭ ᠪᠠᠴᠢᠮ᠂ ᠡᠭᠦᠷᠭᠡ ᠬᠦᠨᠳᠦ ᠪᠠᠢᠨ᠎ᠠ᠂ ᠡᠷᠬᠡᠪᠰᠢ 《ᠬᠤᠷᠳᠤᠨ ᠮᠤᠷᠢᠨ᠎ᠳᠤ ᠲᠠᠱᠢᠭᠤᠷ ᠲᠠᠯᠪᠢᠵᠦ᠂ ᠡᠮᠡᠭᠡᠯᠵᠢᠡᠨ ᠠᠪᠬᠤ ᠦᠬᠡᠢ》 ᠡᠷᠴᠢ ᠵᠣᠷᠢᠭ᠎ᠢᠶᠠᠷ ᠠᠵᠤ ᠠᠬᠤᠢ᠎ᠶ᠋ᠢᠨ ᠵᠢᠮ᠎ᠡ ᠶᠣᠰᠣ᠎ᠶ᠋ᠢ ᠵᠢᠷᠤᠮᠯᠠᠬᠤ᠂ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠤᠷᠢᠲᠠᠯ ᠳᠣᠣᠷ᠎ᠠ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍᠂ ᠥᠷᠯᠥᠭᠡ ᠦᠳᠡᠰᠢ᠎ᠶ᠋ᠢ ᠲᠡᠮᠡᠴᠡᠬᠦ᠌ ᠬᠡᠷᠡᠭ᠌ᠲᠡᠢ᠃ ᠣᠷᠣᠨ ᠳᠠᠶᠠᠭᠠᠷ᠎ᠢᠶᠠᠨ ᠪᠥᠬᠥ᠌ ᠵᠢᠯ᠎ᠦᠨ ᠬᠠᠷᠠᠯᠲᠠ᠎ᠪᠠᠨ ᠰᠤᠯᠠᠷᠠᠭᠤᠯᠤᠯ ᠥᠬᠡᠶ ᠴᠢᠩᠭ᠎ᠠ ᠠᠳᠭᠤᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠨᠢᠭ᠍ᠲᠠᠷᠠᠨ ᠪᠦᠯᠬᠦᠮᠳᠡᠵᠦ᠍᠂ ᠡᠯ᠎ᠡ ᠲᠠᠯ᠎ᠠ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠪᠥᠬᠥ᠌ ᠬᠦᠴᠦᠨ᠎ᠢᠶᠡᠷ᠎ᠢᠶᠡᠨ ᠴᠠᠭ᠎ᠢ ᠠᠮᠵᠢᠵᠤ᠂ ᠠᠵᠤ ᠠᠬᠤᠶ ᠪᠠᠨ ᠬᠦᠭᠵᠢᠭᠦᠯᠬᠦ ᠪᠡᠷ ᠴᠢᠷᠮᠠᠢᠵᠤ᠂ ᠬᠥᠭ᠌ᠵᠢᠯᠲᠡ᠎ᠶ᠋ᠢ ᠠᠳᠭᠤᠵᠤ᠂ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠵᠤ᠂ ᠢᠷᠡᠬᠦ᠌ ᠵᠢᠯ᠎ᠦᠨ ᠠᠵᠢᠯ᠎ᠢᠶᠠᠨ ᠲᠥᠯᠥᠪᠵᠢᠭᠦᠯᠬᠦ᠌ ᠪᠠ ᠡᠬᠢᠯᠡᠭᠦᠯᠬᠦ᠌᠎ᠳᠦ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠣᠷᠣᠨ ᠵᠠᠶ ᠦᠯᠡᠳᠡᠭᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠳᠦ ᠱᠢᠨ᠎ᠡ ᠥᠷᠨᠢᠯᠲᠡ ᠭᠠᠷᠭᠠᠵᠤ᠂ ᠳᠠᠬᠢᠨ ᠱᠢᠨ᠎ᠡ ᠳᠡᠭ᠌ᠲᠡᠷ᠎ᠲᠦ ᠭᠠᠷᠬᠤ ᠬᠡᠷᠡᠭ᠌ᠲᠡᠶ᠃