《 ᠡᠨᠡ ᠬᠦ᠌ 〈ᠨᠡᠢᠭᠡᠮ᠎ᠦᠨ ᠪᠠᠲᠤᠯᠠᠭ᠎ᠠ ᠶ᠋ᠢᠨ ᠦᠢᠯᠡᠴᠢᠯᠡᠭᠡ ᠶ᠋ᠢ ᠲᠦᠮᠡᠨ ᠡᠷᠦᠬᠡ᠎ᠳᠦ ᠬᠦᠷᠭᠡᠬᠦ 〉 ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠨᠢ ᠦᠨᠡᠬᠡᠷ ᠰᠠᠢᠨ ᠂ ᠵᠡᠭᠡᠯᠢ ᠲᠣᠭᠣᠷᠢᠬᠤ ᠵᠢᠨ ᠲᠠᠭᠠᠤ᠎ᠳᠠᠭᠠᠨ ᠨᠠᠰᠤᠵᠢᠯ᠎ᠤᠨ ᠠᠰᠠᠷᠠᠮᠵᠢ ᠶ᠋ᠢᠨ ᠳᠠᠭᠠᠳᠬᠠᠯ᠎ᠤᠨ ᠲᠥᠷᠥ ᠶ᠋ᠢᠨ ᠪᠣᠳᠣᠯᠭ᠎ᠠ ᠶ᠋ᠢ ᠠᠰᠠᠭᠤᠴᠢᠬᠠᠨᠠ᠂ ᠣᠳᠣ᠌ ᠪᠦᠬᠦᠨ᠎ᠢ᠋ ᠣᠢᠯᠠᠭᠠᠴᠢᠬᠠᠯᠠ》 ᠃ 10 ᠰᠠᠷ᠎ᠠ᠎ᠶᠢᠨ 20 ᠤ᠋ ᠡᠳᠦᠷ᠂ ᠤᠯᠠᠭᠠᠨᠬᠠᠳᠠ ᠬᠤᠳᠠ᠎ᠶᠢᠨ ᠪᠠᠭᠠᠷᠢᠨ ᠪᠠᠷᠠᠭᠤᠨ ᠬᠣᠰᠢᠭᠤᠨ᠎ᠳᠤ ᠰᠠᠭᠤᠭ᠎ᠠ ᠤᠷᠠᠩᠭᠤᠸ᠋ᠠ ᠪᠠᠶᠠᠷᠲᠠᠢ᠎ᠪᠠᠷ ᠶᠠᠷᠢᠨ᠎ᠠ ᠃
ᠣᠢᠷ᠎ᠠ᠎ᠶᠢᠨ ᠡᠳᠦᠷ᠎ᠦᠳ᠎ᠲᠦ᠂ ᠪᠠᠭᠠᠷᠢᠨ ᠪᠠᠷᠠᠭᠤᠨ ᠬᠣᠰᠢᠭᠤᠨ᠎ᠤ ᠰᠤᠪᠤᠷᠭ᠎ᠠ ᠪᠠᠯᠭᠠᠰᠤᠨ᠎ᠤ ᠴᠤᠭᠯᠠᠭ᠎ᠠ ᠮᠠᠢᠮᠠᠢ᠎ᠳᠤ᠂ ᠨᠡᠢᠭᠡᠮ᠎ᠦᠨ ᠳᠠᠭᠠᠳᠬᠠᠯ ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠶᠢᠨ ᠬᠢᠨ ᠨᠡᠢᠭᠡᠮ ᠦᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ ᠶᠢᠨ ᠴᠡᠭ ᠲᠤᠬᠢᠷᠠᠭᠤᠯᠵᠦ᠂ ᠯᠠᠪᠯᠠᠭ᠎ᠠ ᠬᠢᠬᠦ᠂ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠬᠤ᠂ ᠪᠢᠴᠢᠭᠡᠰᠦ ᠡᠯᠭᠦᠬᠦ᠎ᠪᠡᠷ ᠳᠠᠮᠵᠢᠨ᠂ ᠮᠠᠯᠴᠢᠨ ᠲᠠᠷᠢᠶᠠᠴᠢᠨ ᠣᠯᠠᠨ ᠲᠦᠮᠡᠨ᠎ᠳᠦ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠂ ᠠᠵᠢᠯ ᠡᠴᠡ ᠪᠣᠯᠤᠭᠰᠠᠨ ᠭᠡᠮᠲᠦᠯ᠎ᠦᠨ ᠳᠠᠭᠠᠳᠬᠠᠯ ᠵᠡᠷᠭᠡ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ ᠶᠢ ᠨᠠᠷᠢᠨ ᠨᠢᠮᠪᠠᠢ ᠲᠠᠢᠯᠪᠤᠷᠢᠯᠠᠵᠤ ᠥᠭᠴᠡᠢ ᠃
ᠡᠨᠡ ᠵᠢᠯ᠎ᠦᠨ 10 ᠰᠠᠷ᠎ᠠ᠎ᠳᠤ᠂ ᠬᠥᠮᠥᠨ ᠦ ᠬᠦᠴᠦᠨ ᠦ ᠡᠬᠢ ᠪᠠᠶᠠᠯᠢᠭ᠋ ᠪᠠ ᠨᠡᠢᠭᠡᠮ ᠦᠨ ᠪᠠᠲᠤᠯᠠᠭ᠎ᠠ ᠶᠢᠨ ᠶᠠᠮᠤᠨ᠎ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠪᠥᠬᠥ ᠣᠷᠣᠨ ᠤ ᠡᠯ᠎ᠡ ᠱᠠᠲᠤᠨ ᠤ ᠬᠥᠮᠥᠨ ᠦ ᠬᠦᠴᠦᠨ ᠦ ᠡᠬᠢ ᠪᠠᠶᠠᠯᠢᠭ᠋ ᠪᠠ ᠨᠡᠢᠭᠡᠮ ᠦᠨ ᠪᠠᠲᠤᠯᠠᠭ᠎ᠠ ᠶᠢᠨ ᠰᠠᠯᠠᠭ᠎ᠠ ᠮᠥᠴᠢᠷ᠎ᠦᠳ 《ᠨᠡᠢᠭᠡᠮ ᠦᠨ ᠳᠠᠭᠠᠳᠬᠠᠯ᠎ᠤᠨ ᠦᠢᠯᠡᠴᠢᠯᠡᠭᠡ᠎ᠶᠢ ᠲᠦᠮᠡᠨ ᠡᠷᠦᠬᠡ ᠳᠦ ᠬᠦᠷᠭᠡᠬᠦ》 ᠤᠬᠠᠭᠤᠯᠭ᠎ᠠ ᠶᠢᠨ ᠰᠠᠷ᠎ᠠ᠎ᠶᠢᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠨᠡᠢᠭᠡᠮ ᠦᠨ ᠳᠠᠭᠠᠳᠬᠠᠯ ᠤᠨ ᠲᠥᠷᠥ᠎ᠶᠢᠨ ᠪᠣᠳᠣᠯᠭ᠎ᠠ ᠪᠠ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠥᠷᠭᠡᠨ᠎ᠢᠶᠡᠷ ᠭᠦᠨᠵᠡᠭᠡᠢ ᠤᠬᠠᠭᠤᠯᠵᠤ᠂ ᠨᠡᠢᠭᠡᠮ᠎ᠦᠨ ᠳᠠᠭᠠᠳᠬᠠᠯ᠎ᠤᠨ ᠠᠮᠢᠳᠤᠯᠢᠭ᠋ ᠤᠬᠠᠭᠤᠯᠭ᠎ᠠ᠂ ᠨᠡᠢᠭᠡᠮ᠎ᠦᠨ ᠳᠠᠭᠠᠳᠬᠠᠯ᠎ᠤᠨ ᠲᠤᠲᠤᠨᠤ ᠦᠢᠯᠡᠴᠢᠯᠡᠭᠡ᠎ᠪᠡᠷ ᠠᠷᠠᠳ ᠣᠯᠠᠨ᠎ᠤ ᠰᠠᠨᠠᠯ᠎ᠢ ᠰᠣᠨᠣᠰᠴᠤ ᠂ ᠠᠷᠠᠳ ᠣᠯᠠᠨ᠎ᠤ ᠬᠦᠰᠡᠯ ᠱᠠᠭᠠᠷᠳᠠᠯᠭ᠎ᠠ᠎ᠳᠤ ᠬᠠᠷᠢᠭᠤ ᠲᠤᠰᠬᠠᠪᠠ ᠃
《ᠨᠡᠢᠭᠡᠮ᠎ᠦᠨ ᠳᠠᠭᠠᠳᠬᠠᠯ᠎ᠤᠨ ᠠᠵᠢᠯᠲᠠᠳ ᠰᠠᠨᠠᠭᠠᠴᠢᠯᠠᠭ᠎ᠠ ᠠ᠋ᠴᠠ᠎ᠪᠠᠨ ᠺᠣᠮᠫᠠᠨᠢ᠎ᠳᠤ ᠢᠷᠡᠵᠦ ᠲᠥᠷᠥ ᠶ᠋ᠢᠨ ᠪᠣᠳᠣᠯᠭ᠎ᠠ ᠶ᠋ᠢᠨ ᠲᠠᠢᠯᠤᠮᠵᠢ ᠪᠠ ᠪᠣᠯᠪᠠᠰᠤᠷᠠᠯ ᠤᠬᠠᠭᠤᠯᠭ᠎ᠠ ᠬᠢᠵᠦ ᠂ ᠨᠠᠷᠢᠨ ᠨᠢᠮᠪᠠᠢ ᠬᠠᠷᠢᠭᠤᠯᠲᠠ ᠥᠭᠴᠡᠢ᠂ ᠣᠳᠣᠬᠠᠨ᠎ᠳᠤ ᠨᠠᠰᠤᠨ᠎ᠤ ᠠᠮᠠᠷᠠᠯᠲᠠ ᠠᠪᠬᠤ 〈ᠨᠢᠭᠡ ᠶᠠᠪᠤᠳᠠᠯ 〉 ᠮᠠᠰᠢ ᠳᠥᠭᠥᠮ ᠪᠣᠯᠵᠠᠢ᠂ ᠪᠢᠳᠡ ᠺᠣᠮᠫᠠᠨᠢ ᠶ᠋ᠢᠨ ᠠᠵᠢᠯᠲᠠᠨ ᠠᠵᠢᠯᠴᠢᠨ᠎ᠳᠤ ᠨᠠᠰᠤᠨ ᠤ ᠠᠮᠠᠷᠠᠯᠲᠠ ᠠᠪᠬᠤ ᠶ᠋ᠢ ᠭᠦᠢᠴᠡᠳᠬᠡᠬᠦ᠎ᠳᠦ ᠬᠡᠳᠦ ᠬᠡᠳᠦᠨ ᠨᠢᠭᠡᠴᠢ᠎ᠳᠦ ᠣᠴᠢᠬᠤ ᠬᠡᠷᠡᠭ ᠦᠭᠡᠢ ᠪᠣᠯᠵᠠᠢ 》 ᠬᠡᠵᠦ ᠺᠣᠮᠫᠠᠨᠢ ᠶ᠋ᠢᠨ ᠬᠠᠷᠢᠭᠤᠴᠠᠯᠭᠠᠲᠠᠨ ᠵᠧᠩ ᠯᠢ ᠵᠢᠦᠸᠠᠨ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ ᠶ᠋ᠢ ᠠᠮᠠ ᠬᠠᠮᠬᠢᠯ ᠦᠭᠡᠢ ᠮᠠᠭᠲᠠᠵᠠᠢ ᠃
《 ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ 》 ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠶᠢᠨ ᠰᠠᠯᠠᠭ᠎ᠠ ᠮᠥᠴᠢᠷ᠎ᠦᠳ ᠪᠡᠶᠡᠴᠢᠯᠡᠨ ᠤᠢᠯᠠᠭᠠᠬᠤ ᠮᠠᠶᠢᠭ ᠤᠨ᠂ ᠬᠠᠷᠢᠯᠴᠠᠨ ᠬᠥᠳᠡᠯᠦᠯᠴᠡᠬᠦ ᠮᠠᠶᠢᠭ᠋ ᠤᠨ᠂ ᠠᠬᠤᠢ ᠲᠠᠯᠠᠪᠠᠢᠴᠢᠯᠠᠭᠰᠠᠨ ᠨᠡᠢᠭᠡᠮ ᠦᠨ ᠳᠠᠭᠠᠳᠬᠠᠯ ᠤᠨ ᠦᠢᠯᠡᠴᠢᠯᠡᠭᠡᠨ᠎ᠦ ᠰᠢᠨ᠎ᠡ ᠵᠢᠭ᠍ᠰᠠᠭᠠᠯ ᠤᠨ ᠭᠠᠵᠠᠷ᠎ᠢ ᠪᠠᠶ᠋ᠢᠭᠤᠯᠬᠤ᠎ᠪᠠᠷ ᠳᠠᠮᠵᠢᠨ᠂ ᠣᠯᠠᠨ ᠲᠦᠮᠡᠨ᠎ᠳᠦ ᠲᠥᠷᠥ᠎ᠶᠢᠨ ᠪᠣᠳᠣᠯᠭ᠎ᠠ᠎ᠶᠢ ᠨᠢᠭᠤᠷᠲᠠᠨ ᠲᠠᠢᠯᠪᠤᠷᠢᠯᠠᠵᠤ᠂ ᠰᠡᠵᠢᠭ᠎ᠢ ᠨᠢ ᠠᠯᠳᠠᠷᠠᠭᠠᠨ ᠥᠭᠴᠦ᠂ ᠣᠯᠠᠨ ᠲᠦᠮᠡᠨ ᠬᠢᠭᠡᠳ ᠨᠡᠢᠭᠡᠮ᠎ᠦᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠬᠣᠭᠣᠷᠣᠨᠳᠣᠬᠢ ᠵᠠᠢ᠎ᠶᠢ ᠣᠢᠷᠠᠲᠤᠭᠤᠯᠵᠤ᠂ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ᠎ᠶᠢ ᠲᠦᠭ ᠲᠦᠮᠡᠨ ᠡᠷᠦᠬᠡ᠎ᠳᠦ ᠬᠦᠷᠭᠡᠭᠰᠡᠨ ᠪᠠᠢᠨ᠎ᠠ᠃ ᠤᠯᠠᠭᠠᠨᠴᠠᠪ᠂ ᠦᠬᠠᠢ ᠵᠡᠷᠭᠡ ᠭᠠᠵᠠᠷ᠎ᠤᠨ ᠬᠢᠨ ᠤᠯᠠᠭᠠᠨᠮᠥ᠋ᠴᠢᠷ ᠵᠡᠷᠭᠡ ᠤᠷᠠᠨ ᠰᠠᠢᠬᠠᠨ᠎ᠤ ᠪᠦᠯᠬᠦᠮ᠎ᠲᠠᠢ ᠬᠠᠮᠲᠤᠷᠠᠨ᠂ 9 ᠲᠣᠰᠬᠣᠨ ᠪᠠᠯᠭᠠᠰᠤ᠎ᠳᠤ ᠬᠦᠷᠴᠦ ᠲᠣᠭᠯᠠᠯᠲᠠ᠎ᠶᠢᠨ ᠠᠵᠢᠯᠯᠠᠭ᠎ᠠ ᠥᠷᠨᠢᠭᠦᠯᠵᠦ᠂ 300 ᠭᠠᠷᠤᠢ ᠬᠥᠮᠥᠨ᠎ᠳᠦ ᠨᠡᠢᠭᠡᠮ᠎ᠦᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢ ᠲᠤᠬᠠᠢ᠎ᠶᠢᠨ ᠲᠠᠯᠠᠪᠤᠷ ᠲᠤᠨᠢ ᠬᠠᠷᠢᠭᠤᠯᠲᠠ ᠥᠭᠴᠦ᠂ 73 ᠬᠥᠮᠥᠨ᠎ᠳᠦ ᠬᠠᠷᠠᠭᠠᠯᠵᠠᠯ ᠪᠠ ᠬᠢᠷᠢ ᠬᠡᠮ᠎ᠦᠨ ᠭᠡᠷᠡᠴᠢᠯᠡᠯ᠎ᠦᠨ ᠦᠢᠯᠡᠴᠢᠯᠡᠭᠡ ᠬᠠᠩᠭᠠᠪᠡ ; ᠣᠷᠳᠣᠰ᠂ ᠲᠦᠩᠯᠢᠶᠣᠣ ᠵᠡᠷᠭᠡ ᠭᠠᠵᠠᠷ ᠤᠨ ᠬᠢᠨ ᠭᠡᠷ ᠦᠨ ᠭᠠᠳᠠᠨᠠᠬᠢ ᠳᠡᠯᠭᠡᠴᠡ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ ᠤ ᠵᠠᠷ ᠤᠨ ᠪᠤᠯᠤᠩ᠂ ᠨᠡᠢᠭᠡᠮ᠎ᠦᠨ ᠳᠠᠭᠠᠳᠬᠠᠯ᠎ᠤᠨ ᠤᠬᠠᠭᠤᠯᠭ᠎ᠠ᠎ᠶᠢᠨ ᠲᠡᠷᠭᠡ ᠵᠡᠷᠭᠡ ᠠᠷᠭ᠎ᠠ ᠬᠡᠯᠪᠡᠷᠢ᠎ᠶᠢ ᠠᠰᠢᠭ᠍ᠯᠠᠨ᠂ 120 ᠭᠠᠷᠤᠢ ᠴᠡᠭ᠎ᠲᠦ ᠨᠡᠶ᠋ᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠬᠠᠭᠤᠯᠭ᠎ᠠ ᠶᠢᠨ ᠵᠠᠷ ᠮᠡᠳᠡᠭᠡ ᠲᠠᠯᠪᠢᠵᠤ᠂ ᠨᠡᠢᠭᠡᠮ᠎ᠦᠨ ᠳᠠᠭᠠᠳᠬᠠᠯ᠎ᠤᠨ ᠤᠬᠠᠭᠤᠯᠭ᠎ᠠ ᠶᠢᠨ ᠠᠵᠢᠯ ᠡᠳᠦᠷ ᠲᠸ᠋ ᠮᠢᠩᠭᠠᠨ ᠭᠠᠵᠠᠷ ᠳᠠᠮᠵᠢᠭᠤᠯᠪᠠ ; ᠪᠤᠭᠤᠲᠤ᠂ ᠬᠥᠯᠥᠨ ᠪᠤᠢ᠍ᠢᠷ ᠵᠡᠷᠭᠡ ᠭᠠᠵᠠᠷ᠎ᠲᠤ ᠨᠡᠢᠭᠡᠮ᠎ᠦᠨ ᠳᠠᠭᠠᠳᠬᠠᠯ᠎ᠤᠨ ᠲᠦᠷᠦ᠎ᠶᠢᠨ ᠪᠣᠳᠣᠯᠭ᠎ᠠ᠎ᠶᠢ ᠲᠠᠢᠯᠪᠤᠷᠢᠯᠠᠨ ᠣᠢᠯᠠᠭᠠᠭᠤᠯᠬᠤ ᠠᠵᠢᠯᠯᠠᠭ᠎ᠠ ᠶᠢ 246 ᠤᠳᠠᠭ᠎ᠠ ᠥᠷᠨᠢᠭᠦᠯᠵᠦ᠂ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ ᠶᠢ ᠤᠯᠠᠨ ᠲᠦᠮᠡᠨ᠎ᠦ ᠰᠡᠳᠬᠢᠯ᠎ᠳᠦ ᠬᠠᠳᠠᠩᠰᠢᠭᠤᠯᠵᠠᠢ᠃
ᠣᠯᠠᠨ ᠲᠦᠮᠡᠨ ᠦ ᠢᠷᠡᠭᠦᠯᠦᠭᠰᠡᠨ ᠤᠲᠠᠰᠤ᠎ᠶᠢ ᠳᠤᠰᠤᠬᠰᠠᠨ᠂ ᠤᠯᠠᠭᠠᠨᠬᠠᠳᠠ ᠬᠣᠲᠠ᠎ᠶᠢᠨ ᠠᠷᠤ ᠬᠣᠷᠴᠢᠨ ᠬᠣᠰᠢᠭᠤᠨ᠎ᠤ 《ᠮᠣᠷᠢᠨ ᠨᠢᠷᠤᠭᠤᠨ ᠲᠡᠭᠡᠷᠡᠬᠢ ᠨᠡᠢᠭᠡᠮ᠎ᠦᠨ ᠳᠠᠭᠠᠳᠬᠠᠯ 》 ᠤ᠋ᠨ ᠨᠠᠮ᠎ᠤᠨ ᠭᠡᠰᠢᠭᠦᠨ᠎ᠦ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠲᠤᠰᠠᠯᠠᠮᠵᠢ ᠭᠤᠶᠤᠴᠢᠯᠠᠬᠴᠢ ᠪᠠᠭᠠᠲᠤᠷ᠎ᠤᠨ ᠭᠡᠷ᠎ᠲᠦ ᠬᠦᠷᠴᠦ᠂ ᠭᠠᠷ ᠤᠲᠠᠰᠤ᠎ᠪᠠᠷ ᠨᠠᠰᠤᠳᠠᠨ᠎ᠢ ᠬᠠᠪᠰᠤᠷᠤᠨ ᠬᠠᠷᠠᠭᠠᠯᠵᠠᠯ᠎ᠤᠨ ᠬᠢᠷᠢ ᠬᠡᠮ᠎ᠦᠨ ᠭᠡᠷᠡᠴᠢᠯᠡᠯ ᠬᠢᠵᠦ᠂ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ ᠴᠠᠭ ᠲᠤᠬᠠᠢᠳᠤᠨᠢ ᠲᠠᠩᠰᠠᠨ᠎ᠳᠤ ᠣᠷᠣᠭᠤᠯᠬᠤ᠎ᠶᠢ ᠪᠠᠲᠤᠯᠠᠪᠠ᠃
《 ᠨᠡᠢᠭᠡᠮ ᠦᠨ ᠳᠠᠭᠠᠳᠬᠠᠯ᠎ᠤᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ》 ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ ᠳᠤᠮᠳᠠ᠂ ᠡᠯ᠎ᠡ ᠱᠠᠲᠤᠨ ᠤ ᠨᠡᠢᠭᠡᠮ᠎ᠦᠨ ᠳᠠᠭᠠᠳᠬᠠᠯ᠎ᠤᠨ ᠭᠠᠷᠲᠠᠨ ᠭᠦᠢᠴᠡᠳᠬᠡᠬᠦ ᠪᠠᠢᠭᠤᠯᠤᠮᠵᠢ ᠨᠢ 《ᠥᠪᠥᠷ ᠮᠣᠩᠭᠣᠯ ᠤᠨ ᠣᠨᠴᠠᠯᠢᠭ᠋᠎ᠲᠠᠢ 》 ᠨᠡᠢᠭᠡᠮ᠎ᠦᠨ ᠳᠠᠭᠠᠳᠬᠠᠯ᠎ᠤᠨ ᠤᠬᠠᠭᠤᠯᠭ᠎ᠠ᠎ᠶᠢᠨ ᠰᠣᠶᠣᠯ᠎ᠤᠨ ᠲᠥᠷᠥᠯ ᠲᠡᠮᠳᠡᠭ᠎ᠢ ᠬᠦᠴᠦᠯᠡᠨ ᠡᠭᠦᠳᠴᠦ᠂ ᠦᠨᠳᠦᠰᠦᠲᠡᠨ᠎ᠦ ᠣᠨᠴᠠᠯᠢᠭ᠋ ᠲᠠᠢ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ ᠵᠢ ᠨᠠᠷᠢᠨ ᠨᠢᠮᠪᠠᠢ ᠦᠷᠨᠢᠬᠦᠯᠪᠡ᠃ ᠤᠯᠠᠭᠠᠨᠬᠠᠳᠠ ᠂ ᠦᠬᠠᠢ ᠵᠡᠷᠭᠡ ᠭᠠᠵᠠᠷ᠎ᠤᠨ 《ᠮᠣᠷᠢᠨ ᠨᠢᠷᠤᠭᠤᠨ ᠳᠡᠭᠡᠷᠡᠬᠢ ᠨᠡᠢᠭᠡᠮ᠎ᠦᠨ ᠳᠠᠭᠠᠳᠬᠠᠯ》᠂ 《ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠰᠢᠭᠤᠳ ᠨᠡᠪᠲᠡᠷᠡᠬᠦ ᠮᠠᠰᠢᠨ ᠲᠡᠷᠭᠡ 》 ᠂ 《ᠦᠵᠦᠮ ᠦᠨ ᠣᠷᠢᠶᠠᠩᠭᠤ᠎ᠶᠢᠨ ᠳᠣᠣᠷᠠᠬᠢ ᠨᠡᠢᠭᠡᠮ᠎ᠦᠨ ᠳᠠᠭᠠᠳᠬᠠᠯ》 ᠵᠡᠷᠭᠡ ᠦᠢᠯᠡᠴᠢᠯᠡᠭᠡᠨ ᠦ ᠠᠩᠭᠢ ᠨᠢ ᠲᠣᠰᠬᠣᠨ ᠪᠠᠯᠭᠠᠰᠤ ᠵᠡᠭᠡᠯᠢ ᠭᠤᠳᠤᠮᠵᠢ ᠪᠡᠷ ᠬᠦᠷᠴᠦ᠂ ᠦᠨᠳᠦᠰᠦᠨ ᠱᠠᠳᠤᠨ᠎ᠳᠦ ᠬᠦᠨᠵᠡᠭᠡᠢᠷᠡᠨ᠂ ᠭᠡᠷ᠎ᠤᠨ ᠡᠭᠦᠳᠡᠨ᠎ᠳᠦᠨᠢ ᠬᠦᠷᠭᠡᠬᠦ᠂ ᠣᠷᠣᠯᠠᠨ ᠭᠦᠢᠴᠡᠳᠬᠡᠬᠦ ᠂ ᠬᠠᠪᠰᠤᠷᠤᠨ ᠭᠦᠢᠴᠡᠳᠬᠡᠬᠦ ᠵᠡᠷᠭᠡ ᠣᠯᠠᠨ ᠵᠦᠢᠯ᠎ᠦᠨ ᠵᠠᠭᠪᠤᠷ᠎ᠢ ᠠᠪᠴᠤ᠂ ᠠᠬᠤᠢ ᠲᠠᠯᠠᠪᠠᠢ ᠳ᠋ᠸ᠋ ᠣᠯᠠᠨ ᠲᠦᠮᠡᠨ᠎ᠳᠦ ᠨᠡᠢᠭᠡᠮ᠎ᠦᠨ ᠪᠠᠲᠤᠯᠠᠭ᠎ᠠ᠎ᠶᠢᠨ ᠺᠠᠷᠲ ᠭᠤᠶᠤᠴᠢᠯᠠᠨ ᠠᠪᠬᠤ᠂ ᠬᠢᠷᠢ ᠬᠡᠮ᠎ᠦᠨ ᠭᠡᠷᠡᠴᠢᠯᠡᠭᠡ ᠬᠢᠬᠦ ᠵᠡᠷᠭᠡ ᠣᠯᠠᠨ ᠵᠦᠢᠯ᠎ᠦᠨ ᠲᠤᠬᠠᠢᠯᠠᠭᠰᠠᠨ ᠠᠵᠢᠯ ᠬᠠᠩᠭᠠᠵᠤ᠂ 1600 ᠭᠠᠷᠤᠢ ᠬᠤᠪᠢ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ᠂ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ᠎ᠶᠢ ᠣᠯᠠᠨ ᠲᠦᠮᠡᠨ᠎ᠦ ᠭᠡᠷ᠎ᠲᠦ ᠬᠦᠷᠭᠡᠪᠡ᠃
2023 ᠣᠨ᠎ᠳᠤ 《ᠨᠡᠢᠭᠡᠮ ᠦᠨ ᠳᠠᠭᠠᠳᠬᠠᠯ᠎ᠤᠨ ᠦᠢᠯᠡᠴᠢᠯᠡᠭᠡ ᠶᠢ ᠲᠦᠮᠡᠨ ᠡᠷᠦᠬᠡ᠎ᠳᠦ ᠬᠦᠷᠭᠡᠬᠦ》 ᠰᠢᠷᠢᠰ ᠠᠵᠢᠯᠯᠠᠭ᠎ᠠ᠎ᠶᠢ ᠥᠷᠨᠢᠭᠦᠯᠦᠭᠰᠡᠨ᠎ᠡᠴᠡ ᠨᠠᠭᠠᠰᠢ᠂ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ ᠨᠡᠶ᠋ᠢᠲᠡ 8300 ᠭᠠᠷᠤᠢ ᠬᠥᠮᠥᠨ ᠤᠳᠠᠭ᠎ᠠ ᠵᠢᠨ ᠠᠵᠢᠯᠲᠠᠨ ᠲᠣᠮᠢᠯᠠᠵᠤ᠂ ᠨᠡᠢᠭᠡᠮ ᠲᠣᠭᠣᠷᠢᠭ᠋᠂ ᠬᠥᠳᠡᠭᠡ ᠲᠣᠰᠬᠣᠨ᠂ ᠠᠵᠤ ᠠᠬᠤᠢᠯᠠᠯ᠂ ᠰᠤᠷᠭᠠᠭᠤᠯᠢ᠎ᠶᠢᠨ ᠬᠦᠷᠢᠶ᠎ᠡ ᠵᠡᠷᠭᠡ ᠲᠠᠯᠠᠪᠤᠷ᠎ᠲᠤ 3000 ᠭᠠᠷᠤᠢ ᠤᠳᠠᠭ᠎ᠠ ᠭᠦᠨᠵᠡᠭᠡᠢᠷᠡᠨ᠂ ᠣᠨᠴᠠᠯᠢᠭ᠍ᠲᠤ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠎ᠶᠢ 18 ᠤᠳᠠᠭ᠎ᠠ ᠡᠷᠭᠢᠯᠡᠵᠦ᠂ 40 ᠭᠠᠷᠤᠢ ᠲᠦᠮᠡᠨ ᠬᠤᠪᠢ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ ᠂ 42 ᠲᠦᠮᠡ ᠭᠠᠷᠤᠢ ᠣᠯᠠᠨ ᠲᠦᠮᠡᠨᠣᠷᠣᠯᠴᠠᠨ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭᠠᠴᠠᠭᠤᠯᠬᠤ᠂ ᠠᠷᠠᠳ᠎ᠤᠨ ᠰᠠᠨᠠᠭ᠎ᠠ᠎ᠳᠤ ᠨᠡᠢᠴᠡᠭᠦᠯᠬᠦ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ ᠦ ᠲᠥᠷᠥᠯ ᠲᠡᠮᠳᠡᠭ᠎ᠢ ᠪᠣᠶ ᠪᠣᠯᠭᠠᠵᠤ᠂ ᠠᠷᠠᠳ ᠣᠯᠠᠨ᠎ᠳᠤ ᠨᠡᠢᠭᠡᠮ᠎ᠦᠨ ᠳᠠᠭᠠᠳᠬᠠᠯ ᠤᠨ ᠦᠢᠯᠡᠴᠢᠯᠡᠭᠡᠨ᠎ᠦ ᠨᠠᠩ ᠰᠢᠭᠤᠳ᠂ ᠨᠠᠩ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠢ ᠣᠯᠭᠣᠭᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠵᠣᠣ ᠶᠦᠩ ᠭᠠᠩ ᠢᠯᠡᠷᠬᠡᠢᠯᠡᠬᠦ᠎ᠳᠡᠭᠡᠨ᠂ ᠡᠨᠡ ᠵᠢᠯ ᠪᠥᠬᠥ ᠣᠷᠣᠨ᠎ᠤ ᠡᠯ᠎ᠡ ᠱᠠᠲᠤᠨ ᠤ ᠨᠡᠢᠭᠡᠮ᠎ᠦᠨ ᠳᠠᠭᠠᠳᠬᠠᠯ᠎ᠤᠨ ᠭᠠᠷᠲᠠᠨ ᠭᠦᠢᠴᠡᠳᠬᠡᠬᠦ ᠪᠠᠢᠭᠤᠯᠤᠮᠵᠢ 《ᠨᠠᠮ᠎ᠤᠨ ᠠᠴᠢ ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠬᠰᠢᠯᠠᠬᠤ 》 ᠣᠯᠠᠨ ᠲᠦᠮᠡᠨᠴᠢ ᠬᠥᠮᠦᠵᠢᠯ᠎ᠢ ᠭᠦᠨᠵᠡᠭᠡᠢᠷᠡᠭᠦᠯᠬᠦ᠎ᠪᠡᠷ ᠠᠵᠠ ᠲᠣᠬᠢᠶᠠᠯ ᠪᠣᠯᠭᠠᠵᠤ᠂ 《ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡ᠎ᠶᠢ ᠲᠦᠮᠡᠨ ᠡᠷᠦᠬᠡ᠎ᠳᠦ ᠬᠦᠷᠭᠡᠬᠦ》 ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠨᠡᠢᠭᠡᠮ ᠲᠣᠭᠣᠷᠢᠭ᠋᠎ᠲᠤ ᠤᠷᠤᠭᠤᠯᠬᠤ᠂ ᠬᠥᠳᠡᠭᠡ ᠲᠣᠰᠬᠣᠨ᠎ᠳᠤ ᠤᠷᠤᠭᠤᠯᠬᠤ᠂ ᠠᠵᠤ ᠠᠬᠤᠢᠯᠠᠯ᠎ᠳᠤ ᠤᠷᠤᠭᠤᠯᠬᠤ᠂ ᠰᠤᠷᠭᠠᠭᠤᠯᠢ᠎ᠶᠢᠨ ᠬᠦᠷᠢᠶᠡᠨ᠎ᠳᠦ ᠤᠷᠤᠭᠤᠯᠬᠤ 《ᠳᠥᠷᠪᠡ᠎ᠶᠢ ᠣᠷᠣᠭᠤᠯᠬᠤ 》 ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠨᠠᠩ ᠣᠯᠠᠨ ᠤᠬᠠᠭᠤᠯᠭ᠎ᠠ᠎ᠶᠢᠨ ᠦᠢᠯᠡᠴᠢᠯᠡᠭᠡ ᠬᠠᠩᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠮ ᠪᠠ ᠵᠠᠰᠠᠭ᠎ᠤᠨ ᠣᠷᠳᠣᠨ ᠤ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠮᠡᠳᠡᠷᠡᠭᠦᠯᠦᠨ᠎ᠡ ᠬᠡᠪᠡ᠃