ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ 11 ᠰᠠᠷ᠎ᠠ᠎ᠶ᠋ᠢᠨ 6 ᠤ᠋ ᠡᠳᠦᠷ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠪᠡᠶᠡᠯᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ《ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠪᠥᠬᠥ᠌ ᠲᠠᠯ᠎ᠠ᠎ᠪᠠᠷ ᠪᠣᠶ ᠪᠣᠯᠭᠠᠬᠤ》 ᠲᠤᠰᠭᠠᠶ ᠲᠠᠯᠠᠪᠤᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠪᠡ᠃
ᠰᠤᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠦᠪᠡᠷᠳᠡᠭᠡᠨ ᠵᠠᠰᠠᠬᠤ ᠤᠷᠤᠨ ᠶᠡᠷᠦᠩᠭᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠴᠢᠳᠠᠪᠤᠷᠢᠳᠠᠨ᠎ᠤ ᠠᠵᠢᠯ᠎ᠢ ᠰᠠᠢᠳᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠳᠠᠪᠤᠷᠢᠳᠠᠨ᠎ᠢ ᠤᠷᠤᠭᠤᠯᠤᠨ ᠠᠪᠴᠢᠷᠠᠬᠤ ᠬᠦᠮᠦᠵᠢᠬᠦᠯᠬᠦ ᠦᠯᠡᠳᠡᠭᠡᠬᠦ ᠬᠡᠷᠡᠭᠯᠡᠬᠦ ᠵᠢ ᠨᠢᠭᠡ ᠴᠤᠭᠴᠠᠵᠢᠭᠤᠯᠤᠬᠰᠠᠨ ᠴᠢᠳᠠᠪᠤᠷᠢᠳᠠᠨ᠎ᠤ ᠠᠵᠢᠯ᠎ᠤᠨ ᠶᠡᠭᠡ ᠰᠢᠰᠲ᠋ᠸᠮ ᠶᠡᠭᠡ ᠪᠠᠢᠷᠢᠰᠢᠯ ᠶᠡᠭᠡ ᠬᠠᠮᠳᠤᠷᠠᠯ ᠬᠦᠴᠦᠨ᠎ᠢ ᠪᠦᠷᠢᠯᠳᠦᠬᠦᠯᠪᠡ᠃ ᠤᠳᠤᠬᠠᠨ ᠪᠤᠯᠳᠠᠯ᠎ᠠ ᠪᠦᠬᠦ ᠤᠷᠤᠨ᠎ᠤ ᠴᠢᠳᠠᠪᠤᠷᠢᠳᠠᠨ᠎ᠤ ᠬᠦᠮᠦᠷᠭᠡ ᠳ᠋ᠤ ᠨᠡᠢᠳᠡ 346.5 ᠲᠦᠮᠡ ᠭᠠᠷᠤᠢ ᠬᠦᠮᠦᠨ ᠲᠠᠢ ᠪᠤᠯᠵᠤ᠂ ᠴᠢᠳᠠᠪᠤᠷᠢᠳᠠᠨ᠎ᠤ ᠡᠩᠨᠡᠭᠡ ᠵᠢᠨ ᠪᠦᠳᠦᠴᠡ ᠴᠢᠨᠠᠭᠰᠢᠳᠠ ᠰᠢᠯᠢᠳᠡᠭᠵᠢᠨ᠂ ᠴᠢᠳᠠᠪᠤᠷᠢᠳᠠᠨ᠎ᠤ ᠠᠵᠢᠯ ᠦᠢᠯᠡᠰ᠎ᠤᠨ ᠬᠦᠭᠵᠢᠯᠳᠡ ᠢᠯᠡᠳᠳᠡ ᠠᠬᠢᠴᠠ ᠲᠠᠢ ᠪᠤᠯᠵᠠᠢ᠃
ᠴᠢᠳᠠᠪᠤᠷᠢᠲᠠᠨ᠎ᠤ ᠰᠤᠳᠤᠯᠭᠠᠨ᠎ᠤ ᠳᠡᠮᠵᠢᠯᠭᠡ᠎ᠶ᠋ᠢ ᠤᠷᠢᠳ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠨᠡᠮᠡᠭ᠌ᠳᠡᠭᠦᠯᠪᠡ
10 ᠰᠠᠷ᠎ᠠ᠎ᠶ᠋ᠢᠨ ᠰᠡᠭᠦᠯᠴᠢ ᠪᠣᠯᠲᠠᠯ᠎ᠠ ᠥᠪᠥᠷ ᠮᠣᠩᠭᠣᠯ ᠨᠢᠭᠡ᠎ᠡᠴᠡ ᠵᠢᠷᠭᠤᠭᠠᠨ ᠲᠥᠷᠥᠯ᠎ᠦᠨ ᠳᠡᠭᠡᠳᠦ ᠲᠠᠰ᠎ᠤᠨ ᠴᠢᠳᠠᠪᠤᠷᠢᠲᠠᠨ᠎ᠢ ᠨᠡᠢᠳᠡ 7564 ᠣᠷᠣᠭᠤᠯᠤᠨ ᠠᠪᠴᠢᠷᠠᠭ᠍ᠰᠠᠨ ᠪᠠᠢᠨ᠎ᠠ᠃ ᠡᠭᠦᠨ᠎ᠳᠦ᠂ ᠨᠢᠭᠡᠳᠦᠭᠡᠷ ᠬᠣᠶᠠᠳᠤᠭᠠᠷ ᠲᠥᠷᠥᠯ᠎ᠦᠨ ᠴᠢᠳᠠᠪᠤᠷᠢᠲᠠᠨ 32᠂ ᠭᠤᠷᠪᠠᠳᠤᠭᠠᠷ ᠳᠥᠷᠪᠡᠳᠦᠭᠡᠷ ᠲᠥᠷᠥᠯ᠎ᠦᠨ ᠴᠢᠳᠠᠪᠤᠷᠢᠲᠠᠨ 277᠂ ᠲᠠᠪᠤᠳᠤᠭᠠᠷ ᠵᠢᠷᠭᠤᠳᠤᠭᠠᠷ ᠲᠥᠷᠥᠯ᠎ᠦᠨ ᠴᠢᠳᠠᠪᠤᠷᠢᠲᠠᠨ 7255 ᠪᠣᠶ᠃ ᠨᠢᠭᠡᠨᠲᠡ ᠦᠨᠡᠯᠡᠨ ᠲᠣᠭ᠍ᠲᠠᠭᠠᠭ᠍ᠰᠠᠨ ᠴᠢᠳᠠᠪᠤᠷᠢᠲᠠᠨ᠎ᠤ ᠳᠣᠲᠣᠷ᠎ᠠ ᠠᠮᠢ ᠠᠬᠤᠶ ᠣᠷᠴᠢᠨ ᠲᠤᠭᠤᠷᠢᠨ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠬᠦᠷᠢᠶᠡᠨ᠎ᠳᠦ ᠠᠵᠢᠯᠯᠠᠵᠤ ᠪᠠᠢᠭ᠎ᠠ ᠴᠢᠳᠠᠪᠤᠷᠢᠲᠠᠨ 3527 ᠪᠠᠢᠵᠤ᠂ ᠦᠨᠡᠯᠡᠨ ᠲᠣᠭ᠍ᠲᠠᠭᠠᠭ᠍ᠰᠠᠨ ᠴᠢᠳᠠᠪᠤᠷᠢᠳᠠᠨ᠎ᠤ ᠶᠡᠷᠦᠩᠬᠡᠶ ᠬᠡᠮᠵᠢᠶᠡᠨ᠎ᠦ 46.6% ᠵᠢ ᠡᠵᠡᠯᠡᠪᠡ᠃
ᠴᠢᠳᠠᠪᠤᠷᠢᠲᠠᠳ᠎ᠤᠨ ᠥᠪᠥᠷ ᠮᠣᠩᠭᠣᠯ᠎ᠳᠤ ᠰᠠᠨᠠᠭ᠎ᠠ ᠠᠮᠤᠷ ᠠᠵᠢᠯᠯᠠᠵᠤ ᠦᠶ᠋ᠯᠡᠰ ᠪᠤᠰᠬᠠᠬᠤ ᠵᠢ ᠲᠡᠮᠵᠢᠬᠦ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠡᠴᠡ ᠴᠢᠳᠠᠪᠤᠷᠢᠲᠠᠨ᠎ᠤ ᠴᠠᠯᠢᠩ ᠬᠥᠯᠥᠰᠥ ᠨᠥᠬᠥᠪᠥᠷᠢ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠨ ᠪᠠᠲᠤᠯᠠᠵᠤ᠂ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠠᠵᠢᠯ᠎ᠤᠨ ᠲᠤᠰᠭᠠᠶ ᠪᠠᠯᠠ ᠮᠥᠩᠭᠥ᠎ᠶ᠋ᠢ ᠨᠢᠭᠡᠳᠦᠯᠲᠡᠶ ᠲᠥᠯᠥᠪᠯᠡᠨ᠂ ᠦᠪᠡᠷᠳᠡᠭᠡᠨ ᠵᠠᠰᠠᠬᠤ ᠣᠷᠣᠨ᠎ᠤ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶ᠋ᠢᠨ ᠴᠠᠯᠢᠩ ᠨᠥᠬᠥᠪᠥᠷᠢ᠎ᠶ᠋ᠢ 4074 ᠲᠦᠮᠡᠨ ᠲᠥᠭᠥᠷᠢᠭ ᠳᠡᠮᠵᠢᠪᠡ᠃ ᠳᠡᠭᠡᠳᠦ ᠲᠡᠰ᠎ᠤᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠳᠡᠮᠵᠢᠯᠭᠡ᠎ᠶ᠋ᠢ ᠤᠷᠢᠳ ᠡᠮᠦᠨ᠎ᠡ ᠪᠠᠢᠭ᠎ᠠ ᠦᠭᠡᠢ ᠡᠷᠴᠢᠮ᠎ᠢᠶᠡᠷ ᠨᠡᠮᠡᠭ᠌ᠳᠡᠭᠦᠯᠵᠦ᠂ 2024 ᠣᠨ᠎ᠠᠴᠠ ᠨᠠᠭᠠᠰᠢ ᠨᠢᠭᠡ᠎ᠡᠴᠡ ᠵᠢᠷᠭᠤᠭᠠᠨ ᠲᠥᠷᠥᠯ᠎ᠦᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠢ 1.03 ᠳ᠋ᠦᠩᠱᠢᠭᠤᠷ ᠲᠥᠭᠥᠷᠢᠭ ᠬᠠᠩᠭᠠᠵᠤ᠂ ᠡᠨᠡ ᠨᠢ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠬᠦ᠌᠎ᠡᠴᠡ ᠡᠮᠦᠨᠡᠬᠢ 3 ᠵᠢᠯ᠎ᠦᠨ ᠨᠡᠢᠯᠡᠪᠦᠷᠢ᠎ᠶ᠋ᠢᠨ 2 ᠳᠠᠬᠢᠨ ᠰᠢᠬᠠᠮ ᠪᠣᠯᠵᠠᠶ᠃ ᠲᠣᠰ ᠭᠠᠵᠠᠷ᠎ᠤᠨ ᠴᠢᠳᠠᠪᠤᠷᠢᠲᠠᠨ᠎ᠤ ᠳᠠᠭᠠᠭᠤᠯᠤᠭ᠍ᠴᠢ ᠪᠦᠯᠬᠦᠮ᠎ᠢ 52᠂ ᠬᠥᠭ᠌ᠵᠢᠯᠲᠡ᠎ᠶ᠋ᠢᠨ ᠳᠠᠯᠳᠠ ᠬᠦᠴᠦᠨ᠎ᠢᠶᠡᠷ ᠨᠡᠯᠢᠶᠡᠳ ᠶᠡᠬᠡ ᠵᠠᠯᠠᠭᠤ ᠴᠢᠳᠠᠪᠤᠷᠢᠲᠠᠨ᠎ᠢ 56 ᠰᠣᠩᠭᠣᠨ ᠭᠠᠷᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠢ 3790 ᠲᠦᠮᠡᠨ ᠲᠥᠭᠥᠷᠢᠭ ᠵᠢᠡᠷ ᠳᠡᠮᠵᠢᠪᠠ᠃
ᠫᠤᠰᠲ ᠳ᠋ᠣᠺᠲ᠋ᠣᠷ᠎ᠢ ᠬᠥᠮᠦᠵᠢᠭᠦᠯᠬᠦ᠌ ᠪᠥᠬᠥ᠌ ᠦᠶᠡᠯᠡᠯ᠎ᠦᠨ ᠬᠤᠭᠤᠴᠠᠭᠠᠨ᠎ᠤ ᠳᠡᠮᠵᠢᠯᠭᠡ᠎ᠶ᠋ᠢᠨ ᠱᠢᠰᠲ᠋ᠧᠮ᠎ᠢ ᠪᠠᠢᠭᠤᠯᠪᠠ
ᠫᠤᠰᠲ ᠳ᠋ᠣᠺᠲ᠋ᠣᠷ ᠪᠣᠯ ᠱᠢᠨ᠎ᠡ᠎ᠶ᠋ᠢ ᠡᠭᠦᠳᠬᠦ᠌ ᠳᠠᠯᠳᠠ ᠬᠦᠴᠦᠨ᠎ᠢᠶᠡᠷ ᠬᠠᠮᠤᠭ᠎ᠤᠨ ᠶᠡᠬᠡ ᠳᠡᠭᠡᠳᠦ ᠲᠠᠰ᠎ᠤᠨ ᠵᠠᠯᠠᠭᠤ ᠴᠢᠳᠠᠪᠤᠷᠢᠲᠠᠨ᠎ᠤ ᠲᠥᠯᠥᠭᠡᠯᠡᠭ᠌ᠴᠢ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ ᠫᠤᠰᠲ ᠳ᠋ᠣᠺᠲ᠋ᠣᠷ᠎ᠢ ᠬᠥᠮᠦᠵᠢᠭᠦᠯᠬᠦ᠌ ᠲᠠᠯ᠎ᠠ᠎ᠪᠠᠷ ᠮᠠᠰᠢ ᠤᠯᠠᠨ ᠠᠵᠢᠯ ᠥᠷᠨᠢᠭᠦᠯᠦᠭ᠌ᠰᠡᠨ ᠪᠠᠢᠨ᠎ᠠ᠃
ᠤᠯᠤᠰ᠎ᠤᠨ ᠫᠤᠰᠲ ᠳ᠋ᠣᠺᠲ᠋ᠣᠷ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠫᠤᠰᠲ ᠳ᠋ᠣᠺᠲ᠋ᠣᠷ᠎ᠢ ᠲᠡᠮᠵᠢᠬᠦ ᠵᠢ 《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠳᠡᠭᠡᠳᠦ ᠲᠠᠰ᠎ᠤᠨ ᠴᠢᠳᠠᠪᠤᠷᠢᠲᠠᠨ᠎ᠢ ᠲᠡᠮᠵᠢᠬᠦ ᠬᠡᠪᠴᠢᠶᠡᠨ᠎ᠳᠦ ᠤᠷᠤᠭᠤᠯᠵᠤ᠂ ᠱᠢᠨ᠎ᠡ᠎ᠪᠡᠷ ᠪᠠᠢᠭᠤᠯᠤᠭ᠍ᠰᠠᠨ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠤᠨ ᠥᠷᠲᠡᠭᠡ᠎ᠳᠦ 30 ᠲᠦᠮᠡᠨ ᠲᠥᠭᠥᠷᠢᠭ᠎ᠦᠨ ᠥᠷᠲᠡᠭᠡ ᠪᠠᠢᠭᠤᠯᠬᠤ ᠵᠠᠷᠤᠳᠠᠯ ᠣᠯᠭᠣᠪᠠ᠃ ᠱᠢᠨ᠎ᠡ ᠥᠷᠲᠡᠭᠡᠨ᠎ᠳᠦ ᠤᠷᠤᠵᠤ ᠰᠠᠭᠤᠭᠰᠠᠨ ᠪᠦᠷᠢᠨ ᠲᠤᠱᠢᠶᠠᠯᠲᠤ ᠫᠤᠰᠲ ᠳ᠋ᠣᠺᠲ᠋ᠣᠷ᠎ᠲᠤ 2 ᠵᠢᠯ᠎ᠦᠨ ᠬᠤᠭᠤᠴᠠᠭ᠎ᠠ᠎ᠪᠡᠷ ᠬᠥᠮᠦᠨ ᠪᠦᠷᠢ ᠵᠢᠯ᠎ᠳᠦ 10 ᠲᠦᠮᠡᠨ ᠲᠥᠭᠥᠷᠢᠭ᠎ᠦᠨ ᠠᠮᠢᠳᠤᠷᠠᠯ᠎ᠤᠨ ᠨᠥᠬᠥᠪᠥᠷᠢ ᠦᠭᠴᠦ᠂ ᠥᠷᠲᠡᠭᠡᠨ᠎ᠡᠴᠡ ᠭᠠᠷᠤᠭ᠍ᠰᠠᠨ᠎ᠤ ᠳᠠᠷᠠᠭ᠎ᠠ ᠦᠪᠦᠷ ᠮᠤᠨᠭᠭᠤᠯ᠎ᠳᠦ ᠦᠯᠡᠳᠡᠵᠦ᠍ ᠠᠵᠢᠯᠯᠠᠭ᠍ᠰᠠᠨ ᠪᠤᠯ ᠨᠢᠭᠡ ᠯᠡ ᠤᠳᠠᠭᠠᠳ᠋ᠤ 30 ᠲᠦᠮᠡᠨ ᠲᠥᠭᠥᠷᠢᠭ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠫᠤᠰᠲ ᠳ᠋ᠣᠺᠲ᠋ᠣᠷ᠎ᠤᠨ ᠠᠵᠢᠯ᠎ᠤᠨ ᠬᠠᠮᠢᠶ᠎ᠠ ᠪᠥᠬᠥᠶ ᠵᠠᠷᠤᠳᠠᠯ᠎ᠢ ᠨᠡᠢᠲᠡ 5300 ᠲᠦᠮᠡᠨ ᠲᠥᠭᠥᠷᠢᠭ ᠳᠡᠮᠵᠢᠵᠠᠢ᠂ ᠡᠨᠡ ᠨᠢ 《ᠠᠷᠪᠠᠨ ᠭᠤᠷᠪᠠᠳᠤᠭᠠᠷ ᠲᠠᠪᠤᠨ ᠵᠢᠯ》 ᠦ᠋ᠨ ᠬᠤᠭᠤᠴᠠᠭᠠᠨ᠎ᠤ ᠬᠢ᠎ᠡᠴᠡ 19 ᠳᠠᠬᠢᠨ ᠨᠡᠮᠡᠭ᠌ᠳᠡᠪᠡ᠃
ᠡᠭᠦᠨ᠎ᠡᠴᠡ ᠭᠠᠳᠠᠨ᠎ᠠ᠂ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠬᠠᠳᠠ᠂ ᠲᠦᠩᠯᠢᠶᠣᠤ ᠵᠡᠷᠭᠡ ᠠᠢᠮᠠᠭ ᠬᠣᠲᠠ ᠫᠤᠰᠲ ᠳ᠋ᠣᠺᠲ᠋ᠣᠷ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠤᠤᠰ ᠲᠡᠷᠢᠭᠦᠨ ᠵᠡᠷᠭᠡ ᠵᠢᠨ ᠱᠢᠨᠵᠢᠯᠡᠭᠡᠨ᠎ᠦ ᠰᠠᠯᠠᠭ᠎ᠠ᠎ᠳᠤ ᠴᠢᠭ᠌ᠯᠡᠭᠦᠯᠦᠨ ᠨᠡᠭᠦᠳᠡᠯ ᠥᠷᠲᠡᠭᠡ ᠪᠠᠢᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠵᠢᠱ᠌ᠢᠶ᠎ᠡ ᠦᠵᠡᠭᠦᠯᠬᠦ᠌ ᠠᠵᠤ ᠠᠬᠤᠢᠯᠠᠯ᠎ᠳᠤ ᠴᠢᠭ᠌ᠯᠡᠭᠦᠯᠦᠨ ᠠᠵᠢᠯ᠎ᠤᠨ ᠥᠷᠲᠡᠭᠡ ᠪᠠᠢᠭᠤᠯᠬᠤ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ 《ᠥᠷᠲᠡᠭᠡ ᠪᠠᠢᠭᠤᠯᠬᠤ ᠵᠠᠷᠤᠳᠠᠯ ᠪᠠᠭᠤᠯᠭᠠᠬᠤ᠂ ᠥᠷᠲᠡᠭᠡ᠎ᠳᠦ ᠣᠷᠣᠵᠤ ᠰᠠᠭᠤᠭᠰᠠᠨ ᠨᠥᠬᠥᠪᠥᠷᠢ ᠦᠭᠬᠦ᠂ ᠥᠷᠲᠡᠭᠡ᠎ᠵᠢ ᠪᠠᠯᠠ ᠮᠥᠩᠭᠥ᠎ᠪᠡᠷ ᠲᠤᠰᠠᠯᠠᠬᠤ᠂ ᠥᠷᠲᠡᠭᠡ᠎ᠡᠴᠡ ᠭᠠᠷᠤᠭᠰᠠᠨ᠎ᠤ ᠲᠠᠷᠠᠭᠠᠬᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠳᠤ ᠲᠤᠰᠠᠯᠠᠬᠤ》 ᠪᠥᠬᠥ᠌ ᠦᠶᠡᠯᠡᠯ᠎ᠦᠨ ᠬᠤᠭᠤᠴᠠᠭᠠᠨ᠎ᠤ ᠫᠤᠰᠲ ᠳ᠋ᠣᠺᠲ᠋ᠣᠷ᠎ᠢ ᠬᠥᠮᠦᠵᠢᠭᠦᠯᠬᠦ᠌ ᠳᠡᠮᠵᠢᠯᠭᠡ᠎ᠶ᠋ᠢᠨ ᠱᠢᠰᠲ᠋ᠧᠮ᠎ᠢ ᠪᠠᠢᠭᠤᠯᠪᠠ᠃
ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠮᠦᠵᠢᠬᠦᠯᠬᠦ ᠠᠷᠭ᠎ᠠ ᠵᠠᠮ᠎ᠢ ᠦᠷᠭᠡᠳᠭᠡᠪᠡ
ᠵᠢᠯ ᠪᠦᠷᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠰᠤᠷᠭᠠᠨ ᠬᠥᠮᠦᠵᠢᠯ᠎ᠦᠨ ᠲᠢᠩᠬᠢᠮ᠎ᠲᠡᠶ ᠬᠠᠮᠲᠤᠷᠠᠨ ᠬᠥᠮᠦᠨ ᠬᠡᠷᠡᠭ᠌ᠯᠡᠬᠦ᠌ ᠨᠢᠭᠡᠴᠢ᠎ᠶ᠋ᠢ ᠵᠣᠬᠢᠶᠠᠨ ᠪᠠᠢᠭᠤᠯᠵᠦ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ ᠵᠡᠷᠭᠡ ᠣᠷᠣᠨ᠎ᠤ ᠭᠠᠳᠠᠨᠠᠬᠢ ᠨᠠᠷᠠᠲᠤ ᠶᠡᠬᠡ ᠳᠡᠭᠡᠳᠦ ᠰᠤᠷᠭᠠᠭᠤᠯᠢ᠎ᠳᠤ ᠬᠦᠷᠴᠦ᠍᠂ 《ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠡᠷ ᠴᠤᠭᠯᠠᠷᠠᠭᠤᠯᠵᠤ᠂ ᠣᠶᠤᠨ ᠤᠬᠠᠭᠠᠨ᠎ᠢ ᠬᠤᠷᠠᠮᠳᠤᠭᠤᠯᠤᠨ ᠥᠪᠥᠷ ᠮᠣᠩᠭᠣᠯ᠎ᠢᠶᠠᠨ ᠮᠠᠨᠳᠤᠭᠤᠯᠬᠤ》ᠥᠪᠥᠷ ᠮᠣᠩᠭᠣᠯ᠎ᠤᠨ ᠬᠥᠭ᠌ᠵᠢᠯᠲᠡ᠎ᠶ᠋ᠢ ᠲᠠᠨᠢᠯᠴᠠᠭᠤᠯᠬᠤ ᠬᠤᠷᠠᠯ ᠵᠢᠴᠢ ᠴᠢᠳᠠᠪᠤᠷᠢᠲᠠᠨ ᠤᠷᠢᠬᠤ ᠲᠤᠰᠭᠠᠶ ᠲᠠᠯᠠᠪᠤᠷ ᠠᠵᠢᠯᠲᠠᠨ ᠡᠯᠰᠡᠬᠦ᠌ ᠴᠤᠭᠯᠠᠭᠠᠨ ᠡᠷᠬᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ 《ᠰᠠᠭᠠᠳ ᠥᠬᠡᠶ ᠨᠡᠪᠲᠡᠷᠡᠬᠦ᠌ ᠵᠠᠮ》 ᠢ᠋ᠶ᠋ᠠᠷ ᠳᠡᠮᠵᠢᠨ ᠳᠡᠭᠡᠳᠦ ᠲᠠᠰ᠎ᠤᠨ ᠴᠢᠳᠠᠪᠤᠷᠢᠲᠠᠨ᠎ᠢ 2340 ᠣᠷᠣᠭᠤᠯᠤᠨ ᠠᠪᠴᠢᠷᠠᠵᠤ᠂ ᠲᠤᠰᠭᠠᠶ ᠮᠡᠷᠭᠡᠵᠢᠯᠲᠡᠨ᠎ᠦ ᠦᠨᠡᠯᠡᠨ ᠲᠣᠭ᠍ᠲᠠᠭᠠᠬᠤ᠎ᠪᠠᠷ ᠳᠡᠮᠵᠢᠨ 936 ᠴᠢᠳᠠᠪᠤᠷᠢᠲᠠᠨ᠎ᠳᠤ 1 . 4 ᠳ᠋ᠦᠩᠱᠢᠭᠤᠷ ᠲᠥᠭᠥᠷᠢᠭ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ ᠡᠬᠢᠯᠡᠭᠦᠯᠬᠦ᠌ ᠵᠠᠷᠤᠳᠠᠯ᠎ᠤᠨ ᠳᠡᠮᠵᠢᠯᠭᠡ ᠣᠯᠭᠣᠪᠠ᠃
ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠣᠷᠣᠭᠤᠯᠤᠨ ᠠᠪᠴᠢᠷᠠᠬᠤ᠎ᠶ᠋ᠢ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠵᠦ᠍᠂ ᠳᠡᠭᠡᠳᠦ ᠲᠡᠰ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠬᠦᠴᠦᠯᠡᠨ ᠪᠠᠢᠭᠤᠯᠪᠠ᠃ 2024 ᠣᠨ᠎ᠳᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠳᠦ ᠲᠤᠰᠭᠠᠢᠯᠠᠨ 《ᠵᠠᠯᠠᠭᠤ ᠣᠷᠣᠢᠯᠠᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ᠌ ᠲᠥᠯᠥᠪᠯᠡᠭᠡ》 ᠭᠠᠷᠭᠠᠵᠤ᠂ ᠵᠠᠯᠠᠭᠤ ᠴᠢᠳᠠᠪᠤᠷᠢᠲᠠᠨ᠎ᠤ ᠲᠦᠷᠦᠭᠦᠯᠡᠨ ᠬᠢᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠶ᠋ᠢ ᠳᠡᠮᠵᠢᠵᠦ᠍᠂ ᠵᠢᠯ ᠪᠦᠷᠢ ᠪᠥᠬᠥ᠌ ᠣᠷᠣᠨ᠎ᠤ ᠬᠡᠪᠴᠢᠶᠡᠨ᠎ᠳᠦ 50 ᠣᠷᠴᠢᠮ ᠨᠡᠯᠢᠶᠡᠳ ᠶᠡᠬᠡ ᠬᠥᠭ᠌ᠵᠢᠯᠲᠡ᠎ᠶ᠋ᠢᠨ ᠳᠠᠯᠳᠠ ᠬᠦᠴᠦᠨ᠎ᠲᠡᠶ ᠵᠠᠯᠠᠭᠤ ᠴᠢᠳᠠᠪᠤᠷᠢᠲᠠᠨ᠎ᠢ ᠱᠢᠯᠢᠨ ᠰᠣᠩᠭᠣᠵᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠪᠡ᠂ ᠡᠭᠦᠨ᠎ᠳᠦ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶ᠎ᠡ ᠪᠠ ᠢᠨᠵᠧᠨᠧᠷᠢᠩ᠎ᠦᠨ ᠮᠡᠷᠭᠡᠵᠢᠯ᠎ᠦᠨ ᠬᠦᠷᠢᠶᠡᠨ᠎ᠳᠦ ᠰᠣᠩᠭᠣᠭ᠍ᠳᠠᠨ ᠤᠷᠤᠭ᠍ᠰᠠᠨ ᠴᠢᠳᠠᠪᠤᠷᠢᠲᠠᠨ ᠨᠢᠭᠡᠪᠦᠷᠢ᠎ᠳᠦ 10 ᠲᠦᠮᠡ᠎ᠡᠴᠡ 20 ᠲᠦᠮᠡᠨ ᠲᠥᠭᠥᠷᠢᠭ᠎ᠤᠨ ᠲᠡᠮᠵᠢᠯᠭᠡ ᠤᠯᠭᠤᠵᠤ᠂ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠨ᠎ᠳᠦ ᠰᠣᠩᠭᠣᠭ᠍ᠳᠠᠨ ᠤᠷᠤᠭ᠍ᠰᠠᠨ ᠴᠢᠳᠠᠪᠤᠷᠢᠲᠠᠨ ᠨᠢᠭᠡᠪᠦᠷᠢ᠎ᠳᠦ 5 ᠲᠦᠮᠡ᠎ᠡᠴᠡ 10 ᠲᠦᠮᠡᠨ ᠲᠥᠭᠥᠷᠢᠭ᠎ᠤᠨ ᠲᠡᠮᠵᠢᠯᠭᠡ ᠦᠵᠡᠬᠦᠯᠪᠡ᠃
ᠠᠵᠤ ᠠᠬᠤᠢᠯᠠᠯ᠎ᠢ ᠬᠥᠲᠥᠯᠦᠨ ᠵᠢᠯᠣᠭᠣᠳᠴᠤ᠌᠂ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠯᠤᠭ᠎ᠠ ᠵᠠᠬᠢᠶᠠᠯᠠᠭ᠎ᠠ᠎ᠶ᠋ᠢᠨ ᠮᠠᠶᠢᠭ᠎ᠤᠨ ᠬᠥᠮᠦᠵᠢᠯ ᠪᠤᠯᠪᠠᠰᠤᠷᠠᠯ ᠦᠷᠨᠢᠬᠦᠯᠵᠦ᠂ ᠰᠤᠷᠭᠠᠭᠤᠯᠢ ᠠᠵᠤ ᠠᠬᠤᠢᠯᠠᠯ ᠬᠣᠯᠪᠣᠭᠠᠯᠠᠨ ᠬᠥᠮᠦᠵᠢᠭᠦᠯᠬᠦ᠌᠂ ᠬᠠᠮᠵᠢᠯᠴᠠᠨ ᠬᠥᠮᠦᠨ ᠬᠥᠮᠦᠵᠢᠭᠦᠯᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠣᠶ ᠪᠤᠯᠭᠠᠪᠠ᠃ 2021 ᠣᠨ᠎ᠠᠴᠠ ᠨᠠᠭᠠᠰᠢ᠂ ᠪᠥᠬᠥ᠌ ᠣᠷᠣᠨ᠎ᠳᠤ ᠨᠥᠬᠥᠪᠥᠷᠢ᠎ᠶ᠋ᠢᠨ ᠴᠢᠨᠠᠷᠲᠠᠶ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠨᠡᠢᠲᠡ 134.25 ᠲᠦᠮᠡᠨ ᠬᠥᠮᠦᠨ ᠤᠳᠠᠭ᠎ᠠ ᠥᠷᠨᠢᠭᠦᠯᠵᠦ᠍᠂ ᠠᠵᠤ ᠠᠬᠤᠢᠯᠠᠯ᠎ᠤᠨ ᠱᠢᠨ᠎ᠡ ᠬᠡᠯᠪᠡᠷᠢ᠎ᠶ᠋ᠢᠨ ᠪᠠᠭᠰᠢ ᠱᠠᠪᠢ᠎ᠶ᠋ᠢᠨ ᠲᠦᠷᠢᠮ᠎ᠦᠨ ᠪᠣᠯᠪᠠᠰᠤᠷᠠᠯ᠎ᠢ 44214 ᠬᠥᠮᠦᠨ ᠤᠳᠠᠭ᠎ᠠ ᠥᠷᠨᠢᠭᠦᠯᠵᠦ᠍᠂ ᠠᠵᠤ ᠦᠶ᠋ᠯᠡᠰ᠎ᠦᠨ ᠡᠬᠢ ᠪᠠᠶᠠᠯᠢᠭ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠬᠢ ᠪᠠᠶᠠᠯᠢᠭ᠎ᠢ ᠴᠢᠳᠠᠪᠤᠷᠢᠲᠠᠨ ᠬᠥᠮᠦᠵᠢᠭᠦᠯᠬᠦ᠌ ᠪᠥᠬᠥ᠌ ᠶᠠᠪᠤᠴᠠ᠎ᠳᠤ ᠠᠭᠤᠰᠭᠠᠪᠠ᠃
ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠣᠷᠴᠢᠨ ᠨᠦᠬᠦᠴᠡᠯ ᠦᠷᠭᠦᠯᠵᠢᠯᠡᠨ ᠱᠢᠯᠢᠳᠡᠭ᠌ᠵᠢᠪᠡ
ᠣᠳᠣᠬᠠᠨ᠎ᠳᠤ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ ᠢᠯᠡ᠎ᠪᠡᠷ ᠰᠣᠩᠭᠣᠨ ᠤᠷᠢᠵᠤ ᠬᠡᠷᠡᠭ᠌ᠯᠡᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠱᠢᠯᠢᠳᠡᠭ ᠴᠢᠳᠠᠪᠤᠷᠢᠲᠠᠨ᠎ᠢ ᠱᠢᠯᠢᠨ ᠰᠣᠩᠭᠣᠵᠤ ᠡᠷᠳᠡᠮ ᠱᠢᠨᠵᠢᠯᠡᠭᠡᠨ᠎ᠦ ᠳᠡᠳ᠋ ᠲᠤᠱᠢᠶᠠᠯ ᠡᠭᠦᠷᠭᠡᠯᠡᠭᠦᠯᠪᠡ᠃ 《ᠣᠷᠣᠭᠤᠯᠵᠤ ᠠᠪᠴᠢᠷᠠᠬᠤ》 ᠡᠴᠡ 《ᠦᠯᠡᠳᠡᠭᠡᠵᠦ᠍ ᠳᠡᠢᠯᠬᠦ᠌》 ᠬᠦᠷᠲᠡᠯ᠎ᠡ᠂ ᠦᠢᠯᠡᠴᠢᠯᠡᠭᠡ ᠪᠠᠲᠤᠯᠠᠭ᠎ᠠ ᠪᠣᠯ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠡᠭᠡᠳᠦ ᠲᠠᠰ᠎ᠤ᠋ᠨ ᠴᠢᠳᠠᠪᠤᠷᠢᠲᠠᠨ᠎ᠤ ᠦᠶ᠋ᠯᠡᠴᠢᠯᠡᠭᠡᠨ᠎ᠦ ᠲᠠᠪᠴᠠᠩ ᠪᠣᠶ ᠪᠥᠬᠥᠶ ᠦᠨᠡᠯᠡᠨ ᠲᠣᠭ᠍ᠲᠠᠭᠠᠭ᠍ᠰᠠᠨ ᠴᠢᠳᠠᠪᠤᠷᠢᠲᠠᠨ᠎ᠳᠤ ᠺᠣᠳ᠋ ᠳᠠᠩᠰᠠᠯᠠᠭᠤᠯᠤᠨ ᠥᠭ᠌ᠴᠦ᠂ ᠤᠳᠤᠬᠠᠨ ᠪᠤᠯᠳᠠᠯ᠎ᠠ ᠡᠮᠴᠢᠯᠡᠭᠡᠨ᠎ᠦ ᠪᠠᠲᠤᠯᠠᠭ᠎ᠠ᠂ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠵᠡᠷᠭᠡ ᠵᠢ ᠨᠡᠢᠲᠡ 3400 ᠭᠠᠷᠤᠶ ᠬᠥᠮᠦᠨ ᠤᠳᠠᠭ᠎ᠠ ᠳ᠋ᠤ ᠬᠠᠩᠭᠠᠵᠤ ᠪᠤᠢ᠃ ᠡᠭᠦᠨ᠎ᠦ ᠬᠠᠮᠲᠤ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠴᠢᠳᠠᠪᠤᠷᠢᠲᠠᠨ᠎ᠤ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ ᠠᠯᠢ ᠣᠯᠠᠨ ᠱᠢᠨ᠎ᠡ᠎ᠡᠬᠦᠳᠦᠯᠳᠡ ᠪᠦᠬᠦᠢ ᠦᠶ᠋ᠯᠡᠳᠦᠯᠭᠡ ᠥᠷᠨᠢᠭᠦᠯᠵᠦ᠍᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠣᠷᠴᠢᠨ ᠨᠦᠬᠦᠴᠡᠯ ᠦᠷᠭᠦᠯᠵᠢᠯᠡᠨ ᠱᠢᠯᠢᠳᠡᠭ᠌ᠵᠢᠪᠡ᠃
ᠤᠢᠯᠠᠭᠠᠭᠰᠠᠨ᠎ᠶ᠋ᠢᠡᠷ᠂ ᠳᠠᠷᠠᠭᠠᠴᠢ᠎ᠶ᠋ᠢᠨ ᠠᠯᠬᠤᠮ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠴᠢᠳᠠᠪᠤᠷᠢᠲᠠᠨ᠎ᠤ ᠠᠵᠢᠯ᠎ᠢ ᠲᠦᠷᠦᠭᠦᠯᠡᠨ ᠠᠳᠭᠤᠬᠤ ᠶᠡᠷᠦᠩᠬᠡᠢ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ 《ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠢ ᠪᠦᠬᠦ᠌ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠪᠴᠢᠶ᠎ᠡ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠬᠦᠴᠦᠲᠡᠢ ᠭᠠᠷᠳᠠᠴᠠ ᠪᠣᠯᠭᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠦᠯᠡᠳᠡᠭᠡᠨ ᠬᠡᠷᠡᠭ᠌ᠯᠡᠬᠦ᠌ ᠪᠦᠬᠦ᠌ ᠬᠡᠯᠬᠢᠶᠡᠨ᠎ᠦ ᠪᠠᠢᠭᠤᠯᠤᠯᠲᠠ᠎ᠪᠠᠷ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ᠎ᠶ᠋ᠢ ᠲᠦᠷᠭᠡᠳᠭᠡᠬᠦ᠌ ᠪᠠ ᠤᠷᠮᠠᠱᠢᠭᠤᠯᠬᠤ ᠦᠢᠯᠡᠳᠦᠯ᠎ᠢ ᠴᠢᠩᠭᠠᠳᠬᠠᠨ᠎ᠠ᠃ ᠡᠭᠦᠨ᠎ᠦ ᠬᠠᠮᠲᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠴᠢᠳᠠᠪᠤᠷᠢᠲᠠᠨ᠎ᠤ ᠠᠵᠢᠯ᠎ᠤᠨ ᠠᠮᠵᠢᠯᠲᠠ᠎ᠲᠠᠶ ᠲᠤᠷᠱᠢᠯᠭ᠎ᠠ ᠪᠣᠯᠤᠨ ᠵᠥᠷᠢᠶ᠎ᠡ ᠪᠠ ᠬᠦᠷᠦᠯᠴᠡᠬᠦ᠌ ᠥᠬᠡᠶ ᠲᠠᠯ᠎ᠠ᠎ᠶ᠋ᠢ ᠨᠠᠷᠢᠨ ᠬᠢᠨᠠᠮᠠᠭᠠᠶ ᠳ᠋ᠦᠩᠨᠡᠵᠦ᠍᠂ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠴᠢᠳᠠᠪᠤᠷᠢᠲᠠᠨ ᠳ᠋ᠤ ᠦᠢᠯᠡᠴᠢᠯᠡᠬᠦ ᠴᠢᠳᠠᠪᠤᠷᠢ᠎ᠪᠡᠨ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠲᠥᠪᠯᠡᠷᠡᠭᠦᠯᠦᠨ ᠬᠥᠭ᠌ᠵᠢᠭᠦᠯᠬᠦ᠌ ᠱᠢᠨ᠎ᠡ ᠥᠨᠳᠥᠷᠯᠢᠭᠢ᠋ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠴᠢᠳᠠᠪᠤᠷᠢᠲᠠᠨ᠎ᠤ ᠣᠶᠤᠨ᠎ᠤ ᠲᠤᠯᠭᠠᠭᠤᠷᠢᠯᠠᠯ ᠬᠠᠩᠭᠠᠨ᠎ᠠ᠃