ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ ᠦᠷ᠎ᠡ ᠪᠦᠲᠦᠮᠵᠢ ᠭᠠᠷᠭᠠᠰᠤᠭᠠᠢ
2025-11-07 10:08:18
ᠵᠣᠬᠢᠶᠠᠭ᠍ᠴᠢ᠄
ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠪᠦᠬᠦ᠌ ᠵᠢᠯ᠎ᠦᠨ ᠬᠠᠷᠠᠯᠲᠠ ᠡᠭᠦᠷᠭᠡ ᠳ᠋ᠤ ᠠᠨᠭᠬᠠᠷᠤᠯ ᠵᠢᠡᠨ ᠲᠦᠪᠯᠡᠷᠡᠬᠦᠯᠵᠤ ᠵᠢᠷᠠᠨ ᠡᠳᠦᠷ ᠤ᠋ᠨ ᠰᠢᠢᠳᠪᠤᠷᠢᠳᠤ ᠲᠠᠢᠯᠠᠯᠳᠤᠭᠠᠨ ᠬᠢᠬᠦ ᠲᠤᠬᠠᠢ ᠭᠤᠷᠪᠠᠨᠳᠠ ᠦᠬᠦᠯᠡᠬᠦ ᠨᠢ


ᠠᠵᠢᠯ ᠶᠠᠪᠤᠳᠠᠯ ᠢ᠋ ᠬᠢᠵᠤ ᠪᠦᠳᠦᠭᠡᠬᠦ ᠵᠢᠨ ᠵᠠᠨᠭᠭᠢᠯᠠᠭ᠎ᠠ ᠨᠢ ᠡᠴᠤᠰ ᠤ᠋ᠨ ᠭᠤᠬᠴᠤᠭ᠎ᠠ ᠵᠢ ᠰᠠᠢᠳᠤᠷ ᠠᠳᠬᠤᠬᠤ ᠳ᠋ᠤ ᠪᠤᠢ᠃ ᠣᠳᠣᠬᠠᠨ᠎ᠳᠤ᠂ ᠵᠢᠯ᠎ᠦᠨ ᠰᠡᠬᠦᠯᠴᠢ ᠵᠢᠨ ᠰᠡᠭᠦᠯ ᠬᠤᠷᠢᠶᠠᠵᠤ ᠱᠢᠯᠭᠠᠯᠲᠠ᠎ᠪᠠᠨ ᠲᠤᠱᠢᠶᠠᠬᠤ ᠪᠣᠯᠲᠠᠯ᠎ᠠ ᠨᠢᠭᠡᠨᠲᠡ ᠬᠣᠶᠠᠷ ᠰᠠᠷ᠎ᠠ ᠬᠦᠷᠬᠦ᠌ ᠦᠭᠡᠢ ᠪᠣᠯᠵᠤ᠂ ᠶᠠᠭ ᠪᠣᠭᠣᠮᠲᠠ ᠱᠢᠪᠲᠤᠯᠬᠤ᠂ ᠱᠢᠢᠳᠪᠦᠷᠢᠲᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ ᠤᠯᠬᠤ ᠵᠠᠩᠭᠢᠯᠠᠭ᠎ᠠ᠎ᠶ᠋ᠢᠨ ᠱᠠᠳᠤ ᠬᠤᠭᠤᠴᠠᠭ᠎ᠠ ᠳ᠋ᠤ ᠤᠷᠤᠪᠠ᠂ ᠣᠷᠣᠨ ᠳᠠᠶᠠᠭᠠᠷ ᠢᠮᠠᠭ᠍ᠲᠠ ᠬᠢᠨᠠᠭᠤᠷ ᠪᠣᠯᠭᠣᠮᠵᠢᠲᠠᠢ ᠪᠠᠢᠵᠤ᠂ ᠳᠠᠷᠤᠯᠲᠠ᠎ᠪᠠᠨ ᠨᠡᠮᠡᠭ᠌ᠳᠡᠭᠦᠯᠦᠨ ᠡᠷᠡᠮᠡᠬᠡᠢᠯᠡᠨ ᠤᠷᠤᠭ᠍ᠰᠢᠯᠠᠵᠤ᠂ ᠴᠠᠭ᠎ᠢ ᠠᠮᠵᠢᠨ ᠠᠬᠢᠴᠠ᠎ᠪᠠᠨ ᠲᠦᠷᠭᠡᠳᠭᠡᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠨ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠵᠦ᠍᠂ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃

ᠤᠳᠤᠬᠠᠨ ᠤ᠋ ᠠᠰᠢᠬᠳᠠᠢ ᠪᠠᠢᠳᠠᠯ ᠢ᠋ ᠠᠮᠵᠢᠵᠤ᠂ ᠡᠷᠬᠢᠮ ᠨᠠᠨᠳᠢᠨ ᠠᠵᠠ ᠲᠤᠬᠢᠶᠠᠯ ᠢ᠋ ᠶᠠᠭᠠᠬᠢᠬᠰᠡᠨ ᠴᠦ᠍ ᠠᠯᠳᠠᠵᠤ ᠪᠤᠯᠬᠤ ᠦᠭᠡᠢ᠃ ᠪᠦᠬᠦ᠌ ᠵᠢᠯ᠎ᠦᠨ ᠰᠡᠭᠦᠯ ᠬᠤᠷᠢᠶᠠᠬᠤ ᠳᠠᠢᠯᠠᠯᠳᠤᠭᠠᠨ᠎ᠢ ᠰᠠᠢᠲᠤᠷ ᠬᠢᠬᠦ᠌᠎ᠳᠦ᠂ 《ᠲᠦᠷᠭᠡᠨ》᠎ᠢ᠋ ᠭᠣᠣᠯᠳᠠᠯᠭ᠎ᠠ᠎ᠲᠠᠶ ᠲᠤᠪᠤᠢ᠌ᠯᠭᠠᠵᠤ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠴᠠᠭ᠎ᠢ ᠰᠠᠢᠳᠤᠷ ᠠᠮᠵᠢᠬᠤ ᠬᠡᠷᠡᠭ᠌ᠲᠡᠢ᠃ ᠴᠠᠭ ᠬᠡᠳᠦᠢ ᠪᠠᠴᠢᠮ᠂ ᠡᠭᠦᠷᠭᠡ ᠬᠡᠳᠦᠢ ᠬᠦᠨᠳᠦ ᠪᠣᠯᠬᠤ ᠲᠤᠳᠤᠮ᠂ ᠴᠠᠭᠴᠢ ᠴᠢᠨᠠᠷ᠎ᠢ ᠴᠢᠬᠤᠯᠠᠴᠢᠯᠠᠬᠤ ᠤᠬᠠᠮᠰᠠᠷ᠎ᠢ ᠲᠡᠳᠦᠢ ᠴᠢᠩᠭ᠎ᠠ ᠪᠤᠢ ᠪᠣᠯᠭᠠᠵᠤ᠂ ᠭᠣᠣᠯᠳᠠᠯᠭ᠎ᠠ᠎ᠲᠠᠶ ᠲᠦᠷᠦᠯ ᠵᠦᠢᠯ ᠴᠦ᠍ ᠲᠡᠷᠡ ᠴᠢᠬᠤᠯᠠ ᠠᠵᠢᠯ ᠴᠤ᠌ ᠲᠡᠷᠡ᠂ ᠴᠥᠮ ᠲᠣᠭ᠍ᠲᠠᠭ᠍ᠰᠠᠨ ᠬᠠᠷᠠᠯᠲᠠ ᠶᠣᠰᠣᠭᠠᠷ᠂ ᠬᠤᠷᠳᠤᠨ ᠮᠤᠷᠢᠨ᠎ᠳᠤ ᠲᠠᠱᠢᠭᠤᠷ ᠲᠠᠯᠪᠢᠵᠦ᠍᠂ ᠴᠠᠭ ᠮᠥᠴᠡ᠎ᠲᠡᠶ ᠤᠷᠤᠯᠳᠤᠨ ᠠᠬᠢᠭᠤᠯᠬᠤ ᠬᠡᠷᠡᠭ᠌ᠲᠡᠢ᠃ ᠡᠮᠦᠨ᠎ᠡ ᠨᠢ ᠬᠤᠰᠢᠭᠤᠷᠠᠵᠤ ᠪᠠᠢᠭ᠎ᠠ ᠨᠢ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ ᠬᠣᠴᠣᠷᠴᠤ ᠪᠠᠢᠬᠤ ᠨᠢ ᠪᠤᠰᠤᠳ᠎ᠡᠴᠡ ᠬᠣᠴᠣᠷᠬᠤ ᠦᠭᠡᠢ ᠭᠡᠮᠡᠨ ᠱᠠᠯᠠᠮᠠᠭᠠᠢᠯᠠᠨ ᠤᠷᠤᠭᠰᠢᠯᠠᠵᠤ ᠭᠠᠪᠰᠢᠭᠠᠢᠯᠠᠨ ᠨᠡᠭᠡᠬᠦ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠤᠬᠠᠮᠰᠠᠷ᠎ᠡᠴᠡ᠎ᠪᠠᠨ ᠴᠠᠭ᠎ᠤᠨ ᠬᠦᠰᠦᠨᠦᠭ᠌ᠲᠦ᠂ ᠲᠥᠯᠥᠪᠯᠡᠭᠡ᠎ᠶ᠋ᠢᠨ ᠪᠢᠴᠢᠭ᠎ᠲᠡᠶ ᠬᠠᠷᠭᠤᠭᠤᠯᠵᠤ᠂ ᠡᠳᠦᠷ ᠲᠤᠭᠠᠯᠠᠬᠤ ᠲᠤᠯᠭᠠᠮ ᠰᠡᠳᠭᠢᠯᠭᠡ᠎ᠪᠡᠨ ᠦᠨᠡᠨ ᠬᠦ᠌ ᠴᠢᠩᠭᠠᠳᠭᠠᠵᠤ᠂ ᠱᠢᠪᠲᠤᠯᠤᠯᠲᠠ ᠬᠢᠬᠦ ᠴᠤᠭ ᠵᠢᠪᠬᠤᠭ᠎ᠠ᠎ᠪᠡᠨ ᠦᠷᠭᠦᠯᠵᠢᠯᠡᠨ ᠪᠠᠳᠠᠷᠠᠭᠤᠯᠵᠤ᠂ ᠱᠢᠶ᠋ᠳᠪᠦᠷᠢᠲᠦ ᠳᠠᠢᠯᠠᠯᠳᠤᠭᠠᠨ ᠬᠢᠬᠦ᠌ ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠎ᠪᠡᠨ ᠱᠢᠯᠢᠳᠡᠭ᠌ᠵᠢᠭᠦᠯᠵᠦ᠍᠂ ᠬᠠᠮᠤᠭ᠎ᠤᠨ ᠲᠦᠷᠭᠡᠨ ᠬᠤᠷᠳᠤᠴᠠ᠎ᠪᠠᠷ ᠬᠠᠮᠤᠭ᠎ᠤᠨ ᠰᠠᠢᠨ ᠦᠷ᠎ᠡ ᠪᠦᠲᠦᠮᠵᠢ ᠤᠯᠵᠤ᠂ ᠬᠠᠮᠤᠭ ᠣᠬᠣᠷ ᠬᠤᠭᠤᠴᠠᠭᠠᠨ᠎ᠳᠤ ᠬᠠᠮᠤᠭ ᠶᠡᠬᠡ ᠦᠷ᠎ᠡ ᠠᠱᠢᠭ᠎ᠢ ᠪᠡᠶᠡᠯᠡᠭᠦᠯᠵᠦ᠍᠂ ᠬᠠᠮᠤᠭ ᠶᠡᠬᠡ ᠴᠢᠷᠮᠠᠢᠯᠭ᠎ᠠ᠎ᠪᠠᠷ ᠬᠠᠮᠤᠭ ᠰᠠᠢᠨ ᠦᠷ᠎ᠡ ᠳ᠋ᠦᠩ᠎ᠢ ᠣᠯᠬᠤ ᠭᠡᠷᠡᠭᠳᠠᠢ᠃

ᠶᠠᠮᠠᠷ ᠶᠠᠩᠵᠤ᠎ᠶ᠋ᠢᠨ ᠠᠵᠢᠯ᠎ᠤᠨ ᠡᠷᠴᠢ ᠵᠣᠷᠢᠭ ᠪᠠᠢᠪᠠᠯ ᠲᠡᠢᠮᠦᠷᠬᠦ ᠬᠥᠭ᠌ᠵᠢᠯᠲᠡ᠎ᠶ᠋ᠢᠨ ᠬᠠᠨᠳᠤᠰᠢ᠎ᠲᠠᠶ ᠪᠠᠢᠳᠠᠭ᠃ ᠪᠦᠬᠦ᠌ ᠵᠢᠯ᠎ᠦᠨ ᠰᠡᠬᠦᠯ ᠬᠤᠷᠢᠶᠠᠬᠤ ᠳᠠᠢᠯᠠᠯᠳᠤᠭᠠᠨ᠎ᠢ ᠰᠠᠢᠲᠤᠷ ᠬᠢᠬᠦ᠌᠎ᠳᠦ᠂ 《ᠪᠣᠳᠠᠲᠠᠢ》 ᠪᠠᠢᠬᠤ᠎ᠶ᠋ᠢ ᠪᠠᠲᠤ ᠡᠵᠡᠮᠳᠡᠵᠦ᠍᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠡᠷᠡᠭ᠌ᠵᠢᠭᠦᠯᠦᠭ᠌ᠴᠢ᠂ ᠠᠵᠢᠯᠯᠠᠭ᠍ᠴᠢ᠂ ᠪᠣᠳᠠᠲᠠᠢ ᠠᠵᠢᠯᠯᠠᠭ᠍ᠴᠢ ᠪᠣᠯᠬᠤ᠎ᠪᠠᠷ ᠴᠢᠷᠮᠠᠢᠵᠤ᠂ ᠪᠠᠷᠢᠮᠵᠢᠶ᠎ᠠ᠎ᠶ᠋ᠢ ᠬᠠᠮᠤᠭ᠎ᠤᠨ ᠥᠨᠳᠥᠷ ᠬᠡᠮᠵᠢᠶᠡᠨ᠎ᠳᠦ ᠬᠦᠷᠭᠡᠵᠦ᠍᠂ ᠤᠶᠤᠨ ᠰᠠᠨᠠᠭᠠᠨ᠎ᠤ ᠳᠦᠷᠰᠦ ᠪᠠᠢᠳᠠᠯ᠎ᠢ ᠬᠠᠮᠤᠭ᠎ᠤᠨ ᠰᠠᠢ᠌ᠨ ᠪᠠᠢᠳᠠᠯ᠎ᠳᠦ ᠬᠦᠷᠭᠡᠵᠦ᠍᠂ ᠠᠵᠢᠯ᠎ᠤᠨ ᠡᠷᠴᠢ ᠵᠣᠷᠢᠭ᠎ᠢᠶᠠᠨ ᠬᠠᠮᠤᠭ᠎ᠤᠨ ᠭᠦᠢᠴᠡᠳ ᠪᠠᠳᠠᠷᠠᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠬᠠᠷᠠᠯᠲᠠ᠎ᠲᠠᠶ᠎ᠪᠠᠷ ᠬᠦᠴᠦᠯᠡᠵᠦ᠍ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠴᠢᠬᠤᠯᠠ ᠶᠡᠬᠡ ᠲᠦᠷᠦᠯ ᠵᠦᠢᠯ᠂ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ᠂ ᠱᠢᠨ᠎ᠡ ᠡᠨᠧᠷᠭᠢ᠎ᠶ᠋ᠢᠨ ᠪᠦᠲᠦᠭᠡᠨ ᠪᠠᠢᠭᠤᠯᠤᠯᠲᠠ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠣᠣᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡᠨᠲᠡ ᠲᠣᠭ᠍ᠲᠠᠭ᠍ᠰᠠᠨ ᠬᠠᠷᠠᠯᠲᠠ᠎ᠲᠠᠶ ᠬᠠᠷᠭᠤᠭᠤᠯᠵᠦ ᠱᠢᠭ᠌ᠰᠢᠨ ᠪᠠᠢᠴᠠᠭᠠᠵᠤ᠂ ᠨᠠᠷᠢᠯᠢᠭ ᠰᠦᠪᠡᠭᠴᠢᠯᠡᠨ᠂ ᠡᠭᠦᠷᠭᠡ᠎ᠪᠡᠨ ᠬᠡᠳᠦᠢ ᠪᠡᠶᠡᠯᠡᠭᠦᠯᠦᠭ᠌ᠰᠡᠨ᠂ ᠬᠡᠳᠦᠢ᠎ᠶ᠋ᠢ ᠨᠢ ᠨᠠᠢᠳᠠᠪᠤᠷᠢᠵᠢᠭᠤᠯᠤᠭ᠍ᠰᠠᠨ᠂ ᠬᠡᠳᠦᠢ᠎ᠶ᠋ᠢ ᠨᠢ ᠱᠢᠢᠳᠪᠦᠷᠢᠯᠡᠭ᠌ᠰᠡᠨ᠂ ᠠᠮᠠᠯᠠᠭ᠍ᠰᠠᠨ᠎ᠢᠶᠡᠨ ᠬᠡᠳᠦᠢ᠎ᠶ᠋ᠢ ᠨᠢ ᠭᠦᠢᠴᠡᠳᠭᠡᠭ᠌ᠰᠡᠨ᠎ᠢ ᠦᠵᠡᠵᠦ᠂ ᠪᠦᠬᠦ᠌ ᠬᠦᠴᠦᠨ᠎ᠢᠶᠡᠨ ᠱᠢᠪᠬᠠᠨ ᠳᠤᠲᠠᠭᠤᠳᠠᠯ᠎ᠢᠶᠠᠨ ᠨᠥᠬᠥᠪᠥᠷᠢᠯᠡᠵᠦ᠍ ᠪᠠᠭᠤᠷᠠᠢ ᠲᠠᠯ᠎ᠠ᠎ᠪᠠᠨ ᠴᠢᠩᠭᠠᠳᠭᠠᠨ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠠᠬᠢᠴᠠ᠎ᠪᠠᠨ ᠲᠦᠷᠭᠡᠳᠭᠡᠵᠦ᠍ ᠠᠬᠢᠴᠠ᠎ᠶ᠋ᠢ ᠠᠳᠭᠤᠵᠤ᠂ ᠱᠠᠳᠤ ᠱᠠᠳᠤ᠎ᠪᠠᠷ ᠳᠠᠷᠤᠯᠲᠠ ᠥᠭ᠌ᠴᠦ᠂ ᠬᠥᠮᠦᠨ ᠪᠦᠬᠦᠨ ᠬᠠᠷᠢᠭᠤᠴᠠᠯᠭ᠎ᠠ᠎ᠲᠠᠶ ᠪᠠᠢᠬᠤ᠎ᠶ᠋ᠢ ᠪᠡᠶᠡᠯᠡᠭᠦᠯᠵᠦ᠍᠂ ᠶᠠᠪᠤᠳᠠᠯ ᠪᠣᠯᠭᠠᠨ᠎ᠢ ᠨᠠᠢᠳᠠᠪᠤᠷᠢᠵᠢᠭᠤᠯᠵᠤ᠂ ᠤᠴᠢᠷ ᠪᠦᠬᠦᠨ᠎ᠢ ᠦᠷ᠎ᠡ ᠪᠦᠲᠦᠮᠵᠢ ᠲᠡᠢ ᠪᠣᠯᠭᠠᠬᠤ᠎ᠶ᠋ᠢ ᠦᠨᠡᠨ᠎ᠬᠦ ᠪᠠᠲᠤᠯᠠᠬᠤ ᠬᠡᠷᠡᠭ᠌ᠲᠡᠢ᠃

ᠱᠢᠢᠳᠪᠦᠷᠢᠲᠦ ᠢᠯᠠᠯᠲᠠ᠎ᠶ᠋ᠢ ᠤᠯᠬᠤ᠎ᠳᠤ ᠬᠤᠷᠳᠤᠴᠠ ᠦᠷ᠎ᠡ ᠪᠦᠲᠦᠮᠵᠢ ᠵᠢ ᠡᠷᠬᠢᠮᠯᠡᠨ᠂ ᠴᠢᠳᠠᠪᠤᠷᠢ ᠰᠤᠷᠲᠠᠯ᠎ᠳᠤ ᠲᠦᠱᠢᠭ᠌ᠯᠡᠵᠦ᠍᠂ ᠪᠣᠳᠠᠲᠤ ᠦᠷ᠎ᠡ ᠪᠦᠲᠦᠮᠵᠢ ᠤᠯᠬᠤ᠌ ᠬᠡᠷᠡᠭ᠌ᠲᠡᠢ᠃ ᠪᠦᠬᠦ᠌ ᠵᠢᠯ᠎ᠦᠨ ᠰᠡᠭᠦᠯ ᠬᠤᠷᠢᠶᠠᠬᠤ ᠳᠠᠢᠯᠠᠯᠳᠤᠭᠠᠨ᠎ᠢ ᠰᠠᠢᠲᠤᠷ ᠬᠢᠬᠦ᠌᠎ᠳᠦ 《ᠦᠷ᠎ᠡ ᠪᠦᠲᠦᠮᠵᠢ》 ᠵᠢ ᠦᠷᠭᠦᠯᠵᠢᠯᠡᠨ ᠴᠢᠩᠭ᠎ᠠ ᠠᠩᠬᠠᠷᠴᠤ᠌᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠪᠣᠳᠠᠲᠤ ᠠᠮᠵᠢᠯᠲᠠ᠎ᠶ᠋ᠢ ᠴᠢᠬᠤᠯᠠᠴᠢᠯᠠᠬᠤ ᠬᠡᠷᠡᠭ᠌ᠲᠡᠢ᠃ ᠨᠡᠷ᠎ᠡ ᠨᠢ ᠨᠢᠳᠡᠷ᠎ᠲᠡᠬᠡᠨ ᠲᠡᠨᠭᠴᠡᠵᠦ᠂ ᠬᠢᠭᠰᠡᠨ ᠶᠠᠪᠤᠳᠠᠯ ᠨᠢ ᠦᠷ᠎ᠡ ᠪᠦᠳᠦᠮᠵᠢ ᠲᠠᠢ ᠪᠠᠢᠬᠤ ᠬᠡᠷᠡᠭᠳᠡᠢ᠃ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠬᠢᠷᠢ ᠵᠡᠷᠭᠡ ᠪᠦᠲᠦᠭᠡᠨ ᠪᠠᠢᠭᠤᠯᠤᠭ᠍ᠰᠠᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠤᠭ᠍ᠰᠠᠨ ᠦᠷ᠎ᠡ ᠪᠦᠲᠦᠮᠵᠢ ᠬᠢᠷᠢ ᠵᠡᠷᠭᠡ ᠭᠡᠳᠡᠭ᠎ᠢ ᠡᠷᠬᠡᠪᠰᠢ ᠪᠣᠳᠠᠲᠤ ᠶᠠᠪᠤᠳᠠᠯ᠂ ᠪᠣᠳᠠᠲᠤ ᠠᠮᠵᠢᠯᠲᠠ᠎ᠪᠠᠷ ᠱᠢᠯᠭᠠᠨ ᠪᠠᠢᠴᠠᠭᠠᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠳᠠᠩᠰᠠ ᠮᠡᠳᠡᠭᠦᠯᠬᠦ᠌ ᠤᠬᠠᠮᠰᠠᠷ᠂ ᠰᠢᠯᠭᠠᠯᠲᠠ ᠵᠢᠨ ᠬᠠᠭᠤᠳᠠᠰᠤ ᠲᠤᠱᠢᠶᠠᠬᠤ ᠤᠬᠠᠮᠰᠠᠷ᠂ ᠦᠷ᠎ᠡ ᠪᠦᠲᠦᠭᠡᠯ᠎ᠦᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠵᠤ᠂ ᠬᠢᠵᠤ ᠪᠦᠲᠦᠭᠡᠬᠦ ᠬᠡᠷᠡᠭ᠌ᠲᠡᠢ; ᠡᠳᠦᠷ ᠪᠦᠷᠢ᠂ ᠭᠠᠷᠠᠭ ᠪᠦᠷᠢ᠂ ᠰᠠᠷ᠎ᠠ ᠪᠦᠷᠢ ᠪᠡᠷ ᠴᠢᠩᠭ᠎ᠠ ᠠᠩᠬᠠᠷᠴᠤ᠌᠂ ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ᠎ᠢᠶᠠᠷ ᠠᠬᠢᠭᠤᠯᠵᠤ᠂ 《ᠪᠤᠯᠤᠮᠵᠢ ᠲᠠᠢ》 ᠪᠠᠢᠭ᠍ᠰᠠᠨ᠎ᠢ 《ᠪᠦᠲᠦᠮᠵᠢ ᠲᠡᠢ》 ᠪᠣᠯᠭᠠᠨ ᠬᠤᠪᠢᠷᠠᠭᠤᠯᠵᠤ᠂ ᠬᠢᠵᠤ ᠪᠠᠢᠬᠤ ᠪᠠᠨ ᠪᠡᠶᠡᠯᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠭᠠᠷᠭᠠᠨ ᠪᠦᠬᠦ᠌ ᠵᠢᠯ᠎ᠦᠨ ᠰᠡᠭᠦᠯ ᠬᠤᠷᠢᠶᠠᠬᠤ ᠳᠠᠢᠯᠠᠯᠳᠤᠭᠠᠨ᠎ᠢ ᠰᠠᠢᠲᠤᠷ ᠬᠢᠬᠦ᠌ ᠬᠡᠷᠡᠭ᠌ᠲᠡᠢ᠃

ᠠᠭᠤᠯᠠ ᠠᠪᠠᠷᠢᠬᠤ᠎ᠳᠤ ᠤᠷᠬᠢᠯ᠎ᠳᠤ ᠭᠠᠷᠬᠤ ᠴᠠᠭ ᠮᠥᠴᠡ ᠨᠢ ᠬᠠᠮᠤᠬ ᠡᠴᠡ ᠢᠳᠡ ᠠᠪᠳᠠᠬ᠂ ᠪᠤᠤᠬᠢᠶ᠎ᠠ ᠳᠠᠮᠵᠢᠭᠤᠯᠤᠨ ᠭᠦᠶᠦᠬᠦ᠌᠎ᠳ᠋ᠤ ᠱᠢᠪᠲᠤᠯᠤᠯᠲᠠ᠎ᠬᠢᠬᠦ ᠦᠶ᠎ᠠ ᠪᠤᠯ ᠬᠠᠮᠤᠬ᠎ᠤᠨ ᠵᠠᠩᠬᠢᠯᠠᠭ᠎ᠠ ᠪᠤᠯᠳᠠᠬ᠃ ᠡᠨᠡ ᠵᠢᠯ᠎ᠦᠨ ᠦᠯᠡᠳᠡᠵᠦ᠍ ᠪᠠᠢᠭ᠎ᠠ ᠤᠬᠤᠷᠬᠠᠨ ᠴᠠᠭ ᠬᠤᠭᠤᠴᠠᠭᠠᠨ ᠳ᠋ᠤ ᠪᠢᠳᠡ 《ᠨᠤᠮᠤ᠎ᠪᠡᠨ ᠲᠡᠯᠡᠵᠦ》᠂ 《ᠬᠥᠪᠴᠢ᠎ᠪᠡᠨ ᠴᠢᠩᠭᠠᠯᠠᠵᠤ》᠂ ᠡᠭᠦᠷᠢᠳᠡ ᠦᠯᠦ᠍ ᠴᠠᠯᠠᠭᠠᠢᠷᠠᠬᠤ ᠵᠤᠷᠢᠭ ᠰᠠᠨᠠᠭ᠎ᠠ ᠤᠪᠤᠷ ᠪᠠᠢᠳᠠᠯ᠂ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠳᠠᠷᠤᠯᠲᠠ᠎ᠶ᠋ᠢ ᠳᠠᠭᠠᠭᠠᠨ ᠵᠣᠷᠢᠭ᠍ᠲᠠᠢ᠎ᠪᠠᠷ ᠪᠣᠭᠣᠮᠲᠠ ᠱᠢᠪᠲᠤᠯᠵᠤ᠂ ᠬᠤᠷᠳᠤᠴᠠ᠎ᠪᠠᠨ ᠲᠦᠷᠭᠡᠳᠭᠡᠨ ᠡᠷᠡᠮᠡᠬᠡᠢᠯᠡᠨ ᠤᠷᠤᠭᠰᠢᠯᠠᠵᠤ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠠᠬᠢᠭᠤᠯᠵᠤ᠂ 2025 ᠣᠨ᠎ᠤ ᠰᠢᠯᠢᠳᠡᠭ ᠰᠠᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠲᠤᠱᠢᠶᠠᠬᠤ ᠬᠡᠷᠡᠭᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号