ᠵᠠᠩᠬᠢᠯᠠᠭ᠍ᠡ ᠵᠢᠨ ᠦᠭᠡ — ᠠᠮᠦ ᠵᠢᠨ ᠰᠠᠩ
— ᠤᠮᠠᠷᠠᠲᠦ ᠬᠢᠯᠢ ᠵᠢᠨ ᠬᠠᠷᠢᠭᠤᠯᠲᠠ ᠵᠢᠨ ᠬᠠᠭᠤᠳᠠᠰᠦ
ᠠᠷᠠᠳ ᠢᠷᠬᠡᠳ ᠪᠤᠯᠪᠠᠰᠤ ᠠᠮᠤ ᠪᠤᠳᠠᠭ᠎ᠠ ᠪᠡᠷ ᠠᠮᠢ ᠭᠤᠤᠯ ᠵᠢᠡᠨ ᠪᠤᠯᠭᠠᠵᠤ᠂ ᠤᠯᠤᠰ ᠬᠦᠷᠤᠨ ᠪᠤᠯᠪᠠᠰᠤ ᠠᠷᠠᠳ ᠢᠷᠬᠡᠳ ᠵᠢᠡᠷ ᠦᠨᠳᠤᠰᠤ ᠰᠠᠭᠤᠷᠢ ᠪᠠᠨ ᠪᠤᠯᠭᠠᠳᠠᠭ᠃ ᠲᠡᠢᠮᠤ ᠪᠤᠯᠬᠤᠷ ᠠᠮᠤ ᠪᠤᠳᠠᠭᠠᠨ ᠤ᠋ ᠠᠮᠤᠷ ᠲᠦᠪᠰᠢᠨ ᠪᠤᠯ ᠤᠯᠤᠰ ᠤᠷᠤᠨ ᠤ᠋ ᠬᠠᠮᠤᠭ ᠤ᠋ᠨ ᠴᠢᠬᠤᠯᠠ᠂ ᠬᠠᠮᠤᠭ ᠤ᠋ᠨ ᠦᠨᠳᠦᠰᠦᠨ ᠠᠮᠤᠷ ᠲᠦᠪᠰᠢᠨ ᠮᠦᠨ᠃ 《ᠠᠷᠪᠠᠨ ᠳᠦᠷᠪᠡᠳᠦᠭᠡᠷ ᠲᠠᠪᠤᠨ ᠵᠢᠯ》 ᠳ᠋ᠦ᠂ ᠦᠪᠦᠷ ᠮᠤᠡᠭᠭᠤᠯ ᠠᠮᠤ ᠪᠤᠳᠠᠭᠠᠨ ᠤ᠋ ᠤᠨᠠᠯᠲᠠ ᠵᠢ ᠲᠤᠭᠲᠠᠪᠤᠷᠢᠵᠢᠭᠤᠯᠤᠨ ᠬᠠᠡᠭᠭᠠᠯᠭ᠎ᠠ ᠵᠢ ᠪᠠᠲᠤᠯᠠᠬᠤ ᠵᠢ ᠴᠢᠡᠭᠭ᠎ᠠ ᠠᠳᠬᠤᠵᠤ᠂ ᠪᠦᠬᠦ ᠤᠷᠤᠨ ᠤ᠋ ᠠᠮᠤ ᠪᠤᠳᠠᠭᠠᠨ ᠤ᠋ ᠶᠡᠷᠤᠩᠬᠡᠢ ᠤᠨᠠᠯᠲᠠ 2020 ᠤᠨ ᠳ᠋ᠤ 3664.1 ᠲᠦᠮᠡᠨ ᠲᠤᠨ ᠪᠠᠢᠭᠰᠠᠨ ᠡᠴᠡ ᠪᠠᠨ 2024 ᠤᠨ ᠳ᠋ᠦ 4100 ᠲᠦᠮᠡᠨ ᠲᠤᠨ ᠢ᠋ ᠲᠠᠪᠠᠨ ᠪᠦᠬᠦ ᠤᠯᠤᠰ ᠤ᠋ᠨ ᠵᠢᠷᠭᠤᠳ᠋ᠤᠭᠠᠷ ᠲᠦ᠍ ᠵᠢᠭᠰᠠᠵᠤ᠂ ᠤᠯᠤᠰ ᠤ᠋ᠨ ᠴᠢᠬᠤᠯᠠ 《ᠠᠮᠤ ᠵᠢᠨ ᠰᠠᠩ》 ᠤᠯᠠᠮ ᠡᠴᠡ ᠤᠯᠠᠮ ᠪᠠᠶᠠᠯᠢᠭᠵᠢᠵᠤ᠂ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠳᠤᠯᠠᠬᠤ ᠳ᠋ᠤ ᠦᠪᠤᠷ ᠮᠤᠩᠭᠤᠯ ᠤ᠋ᠨ ᠬᠦᠴᠦᠨ ᠢ᠋ ᠨᠠᠮᠠᠷᠢᠯᠡᠵᠠᠢ᠃
ᠲᠠᠷᠢᠶᠠᠨ ᠭᠠᠵᠠᠷ ᠪᠤᠯ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠠᠮᠢᠨ ᠰᠤᠳᠠᠰᠤ᠂ ᠲᠸᠭᠨᠢᠭ ᠮᠡᠷᠬᠡᠵᠢᠯ ᠪᠤᠯ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠬᠦᠳᠡᠯᠬᠡᠬᠦ ᠬᠦᠴᠦᠨ ᠮᠦᠨ᠃ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠦᠷᠨᠢᠬᠦᠨ ᠬᠦᠭᠵᠢᠯᠳᠡ ᠨᠢ ᠲᠠᠷᠢᠶᠠᠨ ᠭᠠᠵᠠᠷ ᠤ᠋ᠨ ᠦᠨᠳᠤᠷ ᠤᠨᠠᠯᠳᠠ ᠳ᠋ᠤ ᠲᠦᠰᠢᠵᠤ᠂ ᠲᠠᠷᠢᠶᠠᠨ ᠭᠠᠵᠠᠷ ᠤ᠋ᠨ ᠦᠨᠳᠤᠷ ᠤᠨᠠᠯᠳᠠ ᠨᠢ ᠲᠸᠭᠨᠢᠭ ᠮᠡᠷᠬᠡᠵᠢᠯ ᠳ᠋ᠤ ᠲᠦᠰᠢᠳᠡᠭ ᠶᠤᠮ᠃ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠬᠤ ᠡᠴᠡ ᠠᠪᠤᠭᠠᠳ《ᠠᠯᠠᠭᠠᠨ ᠲᠠᠷᠢᠶ᠎ᠠ》᠂《ᠡᠭᠴᠡ ᠬᠦᠲᠦᠯ ᠭᠠᠵᠠᠷ》 ᠢ᠋ ᠪᠦᠷ ᠲᠤᠭᠲᠠᠭᠤᠨ ᠪᠦᠭᠡᠳ ᠦᠨᠳᠦᠷ ᠤᠨᠠᠯᠲᠠ ᠲᠠᠢ 《ᠪᠦᠬᠦᠯᠢ ᠬᠡᠰᠡᠭ ᠲᠠᠷᠢᠶᠠᠨ ᠭᠠᠵᠠᠷ》 ᠪᠤᠯᠭᠠᠨ ᠬᠤᠪᠢᠷᠠᠭᠤᠯᠬᠤ ᠬᠦᠷᠲᠡᠯ᠎ᠡ᠂ ᠬᠤᠵᠢᠷᠯᠢᠭ ᠭᠠᠵᠠᠷ ᠢ᠋ ᠵᠠᠰᠠᠬᠤ᠂ ᠬᠠᠷ᠎ᠡ ᠬᠦᠷᠦᠰᠦᠲᠦ ᠭᠠᠵᠠᠷ ᠢ᠋ ᠬᠠᠮᠠᠭᠠᠯᠠᠬᠤ ᠡᠴᠡ ᠠᠪᠤᠭᠠᠳ ᠪᠤᠷᠤᠲᠤᠬᠤᠢ ᠶ᠋ᠢᠨ ᠲᠠᠯ᠎ᠠ ᠭᠠᠵᠠᠷ᠂ ᠲᠦᠮᠡᠳ ᠤ᠋ᠨ ᠲᠠᠯ᠎ᠠ ᠭᠠᠵᠠᠷ᠂ ᠪᠠᠷᠠᠭᠤᠨ ᠯᠢᠶᠤᠤ ᠡᡁᠸ ᠭᠤᠤᠯ ᠤ᠋ᠨ ᠲᠠᠯ᠎ᠠ ᠭᠠᠵᠠᠷ ᠵᠡᠷᠭᠡ ᠠᠮᠤ ᠪᠤᠳᠠᠭᠠᠨ ᠤ᠋ ᠭᠤᠤᠯ ᠭᠠᠷᠤᠯᠲᠠ ᠶ᠋ᠢᠨ ᠤᠷᠤᠨ ᠤ᠋ ᠪᠠᠢᠷᠢᠰᠢᠯ ᠢ᠋ ᠰᠢᠯᠢᠳᠡᠭᠵᠢᠭᠦᠯᠬᠦ ᠬᠦᠷᠲᠡᠯ᠎ᠡ᠂ ᠤᠢᠷ᠎ᠠ ᠵᠢᠨ ᠵᠢᠯ ᠳ᠋ᠤ ᠦᠪᠦᠷ ᠮᠤᠡᠭᠭᠤᠯ ᠢᠮᠠᠬᠤ ᠶ᠋ᠢᠨ ᠲᠡᠳᠦᠢ ᠲᠠᠷᠢᠶᠠᠨ ᠭᠠᠵᠠᠷ ᠢ᠋ ᠴᠦ᠍ ᠡᠯᠪᠡᠭ ᠬᠤᠷᠢᠶᠠᠯᠲᠠ ᠶ᠋ᠢᠨ ᠲᠠᠷᠢᠶ᠎ᠠ ᠪᠤᠯᠭᠠᠨ ᠪᠠᠢᠭᠤᠯᠬᠤ ᠪᠡᠷ ᠬᠦᠴᠦᠯᠡᠨ ᠴᠢᠷᠮᠠᠢᠵᠤ᠂ ᠠᠮᠤ ᠪᠤᠳᠠᠭᠠᠨ ᠤ᠋ ᠡᠯᠪᠡᠭ ᠬᠤᠷᠢᠶᠠᠯᠲᠠ ᠶ᠋ᠢᠨ ᠰᠠᠭᠤᠷᠢ ᠵᠢ ᠪᠡᠬᠢᠵᠢᠭᠦᠯᠪᠡ᠃ ᠲᠡᠷᠡ ᠮᠦᠷᠳᠡᠬᠡᠨ ᠤᠶᠤᠨᠴᠢᠯᠠᠭᠰᠠᠨ ᠲᠠᠷᠢᠶᠠᠯᠠᠡᠭ᠂ ᠨᠢᠭᠲᠠ ᠲᠠᠷᠢᠵᠤ ᠨᠠᠷᠢᠯᠢᠭ ᠤᠨᠤᠴᠠᠲᠠᠢ ᠲᠤᠬᠢᠷᠠᠭᠤᠯᠤᠨ ᠡᠵᠡᠮᠳᠡᠬᠦ ᠮᠡᠷᠭᠡᠵᠢᠯ᠂ ᠤᠰᠤ ᠪᠤᠷᠳᠤᠭᠤᠷ ᠢ᠋ ᠨᠢᠭᠡ ᠴᠤᠭᠴᠠᠵᠢᠭᠤᠯᠬᠤ ᠮᠡᠷᠭᠡᠵᠢᠯ᠂ 《ᠴᠢᠬᠢ ᠦᠵᠡᠵᠦ ᠦᠷ᠎ᠡ ᠰᠤᠡᠭᠭᠤᠬᠤ》 ᠲᠠᠪᠴᠠᠡᠭ᠂ 《ᠳᠤᠬᠢᠭᠤᠷ ᠲᠤᠯᠤᠭᠠᠨ ᠤᠳᠤ》 ᠵᠠᠮᠴᠢᠯᠠᠭ᠎ᠠ ᠶ᠋ᠢᠨ ᠰᠢᠰᠲᠸᠮ ᠵᠡᠷᠬᠡ ᠲᠡᠷᠢᠬᠦᠨ ᠤ᠋ ᠮᠡᠷᠬᠡᠵᠢᠯ ᠢ᠋ ᠠᠮᠤ ᠪᠤᠳᠠᠭᠠᠨ ᠤ᠋ ᠦᠢᠯᠡᠳᠪᠤᠷᠢᠯᠡᠯ ᠳ᠋ᠤ ᠲᠦᠬᠡᠮᠡᠯᠵᠢᠬᠦᠯᠵᠤ᠂ ᠮᠦ᠍ ᠨᠢᠬᠡᠴᠢ ᠵᠢᠨ ᠤᠨᠠᠯᠳᠠ ᠵᠢ ᠶᠡᠬᠡ ᠪᠡᠷ ᠲᠠᠬᠡᠭᠰᠢᠯᠡᠬᠦᠯᠪᠡ᠃

ᠡᠨᠡ ᠵᠢᠯ ᠦᠪᠤᠷ ᠮᠤᠩᠭᠤᠯ ᠶᠡᠬᠡ ᠬᠡᠪᠴᠢᠶ᠎ᠠ ᠪᠡᠷ ᠮᠦ᠍ ᠨᠢᠬᠡᠴᠢ ᠵᠢᠨ ᠤᠨᠠᠯᠳᠠ ᠵᠢ ᠲᠠᠬᠡᠭᠰᠢᠯᠡᠬᠦᠯᠬᠦ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠤᠳᠤ 49 ᠬᠤᠰᠢᠭᠤ ᠰᠢᠶᠠᠨ ᠢ᠋ ᠪᠦᠬᠦᠯᠢ ᠪᠠᠢᠭᠤᠯᠤᠮᠵᠢ ᠵᠢᠨ ᠳᠦᠷᠢᠮᠲᠦ ᠠᠮᠤ ᠪᠤᠳᠠᠭᠠᠨ ᠤ᠋ ᠤᠨᠠᠯᠲᠠ ᠵᠢ ᠲᠠᠬᠡᠭᠰᠢᠯᠡᠬᠦᠯᠬᠦ ᠵᠢᠱ᠌ᠢᠶ᠎ᠡ ᠦᠵᠡᠭᠦᠯᠬᠦ ᠴᠡᠭ ᠪᠤᠯᠭᠠᠨ ᠪᠠᠢᠭᠤᠯᠵᠤ᠂ ᠳᠤᠨ ᠤ᠋ ᠤᠨᠠᠯᠲᠠ ᠲᠠᠢ ᠠᠮᠤ ᠪᠤᠳᠠᠭᠠᠨ ᠤ᠋ ᠲᠠᠷᠢᠶ᠎ᠠ ᠵᠢ 1000 ᠲᠦᠮᠡᠨ ᠮᠦ᠍ ᠤᠷᠴᠢᠮ ᠳ᠋ᠦ ᠬᠦᠷᠭᠡᠪᠡ ᠃ ᠡᠭᠦᠨ ᠳ᠋ᠦ ᠲᠦᠡᠭᠯᠢᠶᠤᠤ ᠬᠤᠲᠠ ᠵᠢᠨ ᠡᠷᠳᠡᠨᠢ ᠰᠢᠰᠢ ᠵᠢᠨ ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠭᠣᠣᠯᠳᠠᠯᠭ᠎ᠠ ᠲᠠᠢ ᠵᠢᠱ᠌ᠢᠶ᠎ᠡ ᠦᠵᠡᠭᠦᠯᠬᠦ ᠣᠷᠣᠨ ᠤ᠋ 208 ᠲᠦᠮᠡ ᠭᠠᠷᠤᠢ ᠮᠦ᠍ ᠲᠠᠷᠢᠶᠨᠨ ᠤ᠋ ᠮᠦ᠍ ᠨᠢᠬᠡᠴᠢ ᠵᠢᠨ ᠳᠤᠮᠳᠠᠴᠢ ᠤᠨᠠᠯᠲᠠ 1018 ᠺᠢᠯᠣᠭ᠌ᠷᠠᠮ ᠢ᠋ ᠲᠠᠪᠠᠵᠤ᠂ ᠪᠦᠬᠦ ᠤᠯᠤᠰ ᠤ᠋ᠨ ᠡᠷᠳᠡᠨᠢ ᠰᠢᠰᠢ ᠵᠢᠨ ᠭᠣᠣᠯ ᠭᠠᠷᠤᠯᠳᠠ ᠵᠢᠨ ᠣᠷᠣᠨ ᠤ᠋ ᠬᠠᠮᠤᠭ ᠤ᠋ᠨ ᠥᠨᠳᠥᠷ ᠤᠨᠠᠯᠲᠠ ᠵᠢ ᠡᠭᠥᠳᠴᠠᠢ᠃ ᠵᠢᠷᠤᠭ ᠪᠤᠯ ᠬᠤᠷᠴᠢᠨ ᠲᠤᠭᠤᠷᠢᠭ ᠤ᠋ᠨ ᠴᠢᠶᠠᠨ ᠵᠢᠶᠠ ᠳ᠋ᠢᠶᠠᠨ ᠪᠠᠯᠭᠠᠰᠤ ᠵᠢᠨ ᠲᠠᠷᠢᠶᠠᠴᠢᠳ ᠡᠷᠳᠡᠨᠢ ᠰᠢᠰᠢ ᠪᠠᠨ ᠬᠤᠷᠢᠶᠠᠵᠤ ᠪᠠᠢᠭ᠎ᠠ ᠨᠢ᠃
ᠲᠤᠰ ᠰᠤᠨᠢᠨ ᠤ᠋ ᠰᠤᠷᠪᠤᠯᠵᠢᠯᠠᠭᠴᠢ ᠪᠤᠤ ᠴᠢᠡᠭ ᠱᠸᠡᠭ ᠰᠡᠭᠦᠳᠡᠷᠯᠡᠪᠡ
《ᠰᠠᠨᠠᠵᠤ ᠶᠠᠪᠤᠪᠠᠯ ᠪᠦᠳᠦᠨ᠎ᠠ᠂ ᠰᠠᠵᠢᠯᠠᠵᠤ ᠶᠠᠪᠤᠪᠠᠯ ᠬᠦᠷᠦᠨ᠎ᠠ》 ᠬᠡᠳᠡᠭ᠂ ᠨᠢᠬᠡ ᠰᠡᠳᠬᠢᠯ ᠢ᠋ ᠪᠠᠷᠢᠵᠤ ᠬᠤᠶᠠᠷ ᠦᠬᠡᠢ ᠴᠢᠷᠮᠠᠢᠪᠠᠯ ᠵᠤᠷᠢᠭᠰᠠᠨ ᠳ᠋ᠠᠭᠠᠨ ᠬᠦᠷᠬᠦ ᠨᠢ ᠯᠠᠪᠳᠠᠢ᠃ 《ᠠᠷᠪᠠᠨ ᠳᠦᠷᠪᠡᠳᠦᠭᠡᠷ ᠲᠠᠪᠤᠨ ᠵᠢᠯ》 ᠳ᠋ᠦ᠂ ᠦᠪᠦᠷ ᠮᠤᠡᠭᠭᠤᠯ ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠲᠤᠯᠠᠵᠤ᠂ ᠲᠸᠭᠨᠢᠭ ᠮᠠᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ ᠪᠠᠢᠯᠳᠤᠬᠤ ᠪᠤᠳᠤᠯᠭ᠎ᠠ ᠵᠢ ᠡᠷᠡᠰ ᠭᠤᠢᠪᠢᠰᠢ ᠦᠬᠡᠢ ᠬᠡᠷᠡᠭᠵᠢᠬᠦᠯᠵᠤ᠂ 2024 ᠤᠨ ᠤ᠋ ᠰᠡᠬᠦᠯᠴᠢ ᠪᠤᠯᠬᠤ ᠳ᠋ᠤ ᠪᠦᠬᠦ ᠤᠷᠤᠨ ᠤ᠋ ᠪᠦᠳᠦᠬᠡᠨ ᠪᠠᠢᠭᠤᠯᠤᠭᠰᠠᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠶᠡᠷᠤᠩᠬᠡᠢ ᠲᠠᠯᠠᠪᠠᠢ 6000 ᠲᠦᠮᠡᠨ ᠮᠦ᠍ ᠵᠢ ᠲᠠᠪᠠᠨ᠂ ᠡᠬᠦᠷᠢᠳᠡ ᠵᠢᠨ ᠴᠢᠨᠠᠷᠳᠠᠢ ᠦᠨᠳᠤᠰᠤᠨ ᠲᠠᠷᠢᠶᠠᠨ ᠭᠠᠵᠠᠷ ᠤ᠋ᠨ ᠪᠦᠬᠦ ᠲᠠᠯᠠᠪᠠᠢ ᠵᠢᠨ 45% ᠵᠢ ᠡᠵᠡᠯᠡᠪᠡ; ᠮᠠᠯ ᠠᠵᠤ ᠠᠬᠤᠢ ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠲᠡᠪᠰᠢᠯᠳᠠ ᠵᠢᠨ ᠬᠤᠪᠢ ᠨᠡᠮᠡᠷᠢ ᠵᠢᠨ ᠨᠤᠷᠮ᠎ᠠ 62.4% ᠳ᠋ᠤ ᠬᠦᠷᠴᠦ᠂ ᠠᠮᠤ ᠪᠤᠳᠠᠭᠠᠨ ᠤ᠋ ᠲᠠᠷᠢᠮᠠᠯ ᠤ᠋ᠨ ᠲᠠᠷᠢᠵᠤ ᠬᠤᠷᠢᠶᠠᠬᠤ ᠶᠡᠷᠦᠩᠬᠡᠢᠯᠡᠭᠰᠡᠨ ᠮᠠᠰᠢᠨᠴᠢᠯᠠᠯᠳᠠ ᠵᠢᠨ ᠨᠤᠷᠮ᠎ᠠ 90% ᠵᠢ ᠲᠠᠪᠠᠨ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠠᠢᠷᠢ ᠰᠠᠭᠤᠷᠢ ᠵᠢ ᠤᠯᠠᠮ ᠪᠠᠳᠤᠳᠬᠠᠭᠰᠠᠨ ᠵᠢᠡᠷ ᠪᠠᠷᠠᠬᠤ ᠦᠬᠡᠢ ᠠᠮᠤ ᠪᠤᠳᠠᠭᠠᠨ ᠤ᠋ ᠠᠮᠤᠷ ᠲᠦᠪᠰᠢᠨ ᠤ᠋ ᠰᠠᠭᠤᠷᠢ ᠵᠢ ᠴᠦ᠍ ᠪᠦᠬᠦ ᠲᠠᠯ᠎ᠠ ᠪᠡᠷ ᠪᠡᠬᠢᠵᠢᠬᠦᠯᠦᠭᠰᠡᠨ ᠪᠠᠢᠨ᠎ᠠ᠃