ᠪᠡᠶ᠎ᠡ ᠵᠢᠨ ᠲᠠᠮᠢᠷ ᠬᠢᠭᠡᠳ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠬᠦᠭᠵᠢᠭᠦᠯᠬᠦ ᠵᠢᠨ ᠴᠢᠬᠤᠯᠠ ᠴᠢᠨᠠᠷ
2025-12-01 17:22:49
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠵᠠᠯᠠᠭᠤᠴᠤᠳ ᠪᠠᠭᠠᠴᠤᠳ ᠪᠣᠯ ᠤᠯᠤᠰ ᠣᠷᠣᠨ᠎ᠤ ᠢᠷᠡᠭᠡᠳᠦᠢ᠂ ᠦᠨᠳᠦᠰᠦᠲᠡᠨ᠎ᠦ ᠬᠦᠰᠡᠯ ᠡᠷᠡᠮᠡᠯᠵᠡᠯ ᠮᠥᠨ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ ᠨᠢ ᠤᠯᠤᠰ ᠣᠷᠣᠨ᠎ᠤ ᠴᠡᠴᠡᠭᠯᠡᠯ ᠬᠦᠭᠵᠢᠯ᠂ ᠦᠨᠳᠦᠰᠦᠲᠡᠨ᠎ᠦ ᠰᠡᠷᠭᠦᠨ ᠮᠠᠨᠳᠤᠯᠲᠠ᠎ᠲᠠᠶ ᠬᠣᠯᠪᠣᠭ᠍ᠳᠠᠵᠤ ᠪᠠᠢᠳᠠᠭ᠃  ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ᠌ ᠨᠢ  ᠵᠠᠯᠠᠭᠤᠴᠤᠳ ᠪᠠᠭᠠᠴᠤᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠵᠠᠢ᠃

ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠣᠯ ᠵᠠᠯᠠᠭᠤᠴᠤᠳ ᠪᠠᠭᠠᠴᠤᠳ᠎ᠤᠨ ᠡᠷᠡᠭᠦᠯ ᠴᠢᠭᠢᠷᠠᠭ ᠪᠡᠶ᠎ᠡ ᠮᠠᠬᠠᠪᠣᠳ᠎ᠢ ᠪᠠᠲᠤᠯᠠᠬᠤ ᠵᠢᠨ ᠰᠠᠭᠤᠷᠢ ᠮᠥᠨ᠃ ᠣᠢᠷ᠎ᠠ ᠬᠠᠷᠠᠭ᠎ᠠ᠂ ᠬᠡᠳᠦ ᠮᠠᠷᠢᠶᠠᠯᠠᠬᠤ ᠵᠡᠷᠭᠡ ᠠᠰᠠᠭᠤᠳᠠᠯ ᠡᠳᠦᠷ ᠢᠷᠡᠬᠦᠶ᠎ᠡ ᠲᠣᠪᠣᠢᠮ᠎ᠠ ᠪᠣᠯᠵᠣ᠂ ᠵᠠᠯᠠᠭᠤᠴᠤᠳ ᠪᠠᠭᠠᠴᠤᠳ᠎ᠤᠨ ᠡᠷᠡᠭᠦᠯ ᠦᠰᠦᠨ ᠪᠣᠢᠵᠢᠯᠳᠠ ᠵᠢ ᠎ᠶᠡᠭᠡᠭᠡᠨ ᠨᠥᠯᠥᠭᠡᠯᠡᠬᠦ ᠪᠤᠯᠪᠠ᠃ ᠮᠠᠨ᠎ᠤ ᠤᠷᠤᠨ ᠡᠲᠡᠭᠡᠷ ᠠᠰᠠᠭᠤᠳᠠᠯ᠎ᠳᠤ ᠴᠢᠭ᠌ᠯᠡᠭᠦᠯᠦᠨ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ  ᠬᠦᠨᠵᠡᠭᠡᠢᠷᠡᠬᠦᠯᠦᠨ ᠠᠬᠢᠭᠤᠯᠵᠤ᠂ ᠡᠯ᠎ᠡ ᠲᠥᠷᠥᠯ᠎ᠦᠨ ᠭᠤᠤᠯ ᠰᠡᠳᠦᠪᠲᠦ ᠤᠷᠤᠯᠳᠤᠭᠠᠨ᠎ᠤ ᠠᠵᠢᠯᠯᠠᠭ᠎ᠠ ᠡᠷᠭᠢᠯᠡᠬᠦ᠌᠎ᠪᠡᠷ ᠳᠠᠮᠵᠢᠨ᠂ ᠵᠠᠯᠠᠭᠤᠴᠤᠳ ᠪᠠᠭᠠᠴᠤᠳ᠎ᠢ ᠬᠢᠴᠢᠶᠡᠯ᠎ᠦᠨ ᠬᠡᠷ᠎ᠡᠴᠡ  ᠲᠠᠮᠢᠷ᠎ᠤᠨ ᠲᠠᠯᠠᠪᠠᠶ ᠳ᠋ᠤ ᠭᠠᠷᠭᠠᠨ᠂ ᠬᠥᠳᠡᠯᠭᠡᠭᠡᠨ᠎ᠦ ᠳᠤᠮᠳᠠ ᠪᠡᠶ᠎ᠡ ᠮᠠᠬᠠᠪᠣᠳ᠎ᠢ ᠨᠢ ᠴᠢᠭᠢᠷᠠᠭ᠍ᠵᠢᠭᠤᠯᠤᠨ᠂ ᠡᠷᠴᠢ ᠵᠣᠷᠢᠭ᠎ᠢ ᠨᠢ ᠳᠠᠪᠲᠠᠨ ᠪᠣᠯᠪᠠᠰᠤᠷᠠᠭᠤᠯᠵᠤ ᠪᠤᠢ᠃ 2024 ᠣᠨ᠎ᠳᠤ ᠶᠠᠪᠤᠭ᠍ᠳᠠᠭ᠍ᠰᠠᠨ 2000 ᠭᠠᠷᠤᠶ ᠲᠠᠯᠠᠪᠤᠷ ᠤᠷᠤᠯᠳᠤᠭᠠᠨ᠎ᠤ ᠠᠵᠢᠯᠯᠠᠭ᠎ᠠ᠎ᠨᠢ 200 ᠭᠠᠷᠤᠶ ᠲᠦᠮᠡᠨ ᠵᠠᠯᠠᠭᠤᠴᠤᠳ ᠪᠠᠭᠠᠴᠤᠳ᠎ᠲᠤ ᠠᠱᠢᠭ ᠬᠦᠷᠲᠡᠭᠡᠬᠦ ᠵᠢᠨ ᠬᠠᠮᠲᠤ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠨᠢ ᠶᠡᠭᠡᠭᠡᠨ ᠳᠡᠭᠡᠭ᠌ᠰᠢᠯᠡᠭᠦᠯᠪᠡ᠃

ᠪᠠᠶ᠎ᠠ ᠵᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠣᠯ ᠵᠠᠯᠠᠭᠤᠴᠤᠳ ᠪᠠᠭᠠᠴᠤᠳ᠎ᠤᠨ ᠬᠥᠮᠦᠨ ᠴᠢᠨᠠᠷ᠎ᠢ ᠲᠡᠭᠦᠯᠳᠡᠷᠵᠢᠭᠦᠯᠬᠦ᠌ ᠴᠢᠬᠤᠯᠠ ᠠᠷᠭ᠎ᠠ ᠵᠠᠮ ᠮᠥᠨ᠃ ᠪᠡᠶ᠎ᠡ᠎ᠶ᠋ᠢᠨ ᠲᠠᠮᠢᠷ ᠪᠣᠯ ᠪᠡᠶ᠎ᠡ ᠮᠠᠬᠠᠪᠣᠳ᠎ᠤᠨ ᠪᠣᠯᠪᠠᠰᠤᠷᠠᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠶᠤᠨ ᠰᠠᠨᠠᠭᠠᠨ᠎ᠤ ᠳᠠᠪᠲᠠᠯᠲᠠ ᠮᠥᠨ᠃ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠳᠤᠮᠳᠠ ᠵᠠᠯᠠᠭᠤᠴᠤᠳ ᠪᠠᠭᠠᠴᠤᠳ ᠪᠦᠯᠬᠦᠮ ᠨᠡᠢᠲᠡ᠎ᠶ᠋ᠢᠨ ᠬᠠᠮᠵᠢᠯᠴᠠᠭ᠎ᠠ᠎ᠶ᠋ᠢ ᠰᠤᠷᠴᠤ᠌᠂ ᠳᠦᠷᠢᠮ ᠲᠣᠭ᠍ᠲᠠᠭᠠᠯ᠎ᠢ ᠵᠢᠷᠤᠮᠯᠠᠨ᠂ ᠦᠷᠢᠰᠦᠯᠳᠦᠭᠴᠢ ᠡᠲᠡᠭᠡᠳ᠎ᠢᠶᠡᠨ ᠬᠦᠨᠳᠦᠳᠭᠡᠵᠦ᠍᠂ ᠱᠢᠨᠲᠠᠷᠠᠰᠢ ᠦᠭᠡᠢ᠂ ᠡᠷᠡᠯᠬᠡᠭ᠌ᠯᠡᠨ ᠲᠡᠮᠡᠴᠡᠬᠦ᠌ ᠵᠣᠷᠢᠭ ᠰᠠᠨᠠᠭᠠᠨ᠎ᠤ ᠵᠠᠩ ᠴᠢᠨᠠᠷ᠎ᠢ ᠬᠥᠮᠦᠵᠢᠭᠦᠯᠵᠦ᠍ ᠴᠢᠳᠠᠨ᠎ᠠ᠃ ᠡᠨᠡ ᠵᠢᠯ᠂ ᠮᠠᠨ᠎ᠤ ᠣᠷᠣᠨ ᠪᠡᠶ᠎ᠡ᠎ᠶ᠋ᠢᠨ ᠲᠠᠮᠢᠷ ᠵᠢᠡᠷ ᠰᠤᠷᠭᠠᠨ ᠬᠥᠮᠦᠵᠢᠯ᠎ᠢ ᠳᠡᠮᠵᠢᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠢ ᠦᠷᠭᠡᠨ ᠵᠢᠡᠷ ᠥᠷᠨᠢᠭᠦᠯᠵᠦ᠍᠂ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠎ᠶ᠋ᠢ ᠠᠬᠢᠭᠤᠯᠪᠡ᠃ ᠡᠲᠡᠭᠡᠷ ᠠᠷᠭ᠎ᠠ ᠬᠡᠮᠵᠢᠶ᠎ᠡ ᠨᠢ ᠵᠠᠯᠠᠭᠤᠴᠤᠳ ᠪᠠᠭᠠᠴᠤᠳ᠎ᠲᠤ ᠪᠡᠶ᠎ᠡ᠎ᠶ᠋ᠢᠨ ᠲᠠᠮᠢᠷ᠎ᠲᠠᠶ ᠣᠢᠷᠠᠳᠬᠤ᠂ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠳ᠋ᠤ ᠣᠷᠣᠯᠴᠠᠬᠤ ᠨᠠᠩ ᠣᠯᠠᠨ ᠠᠵᠠ ᠲᠣᠬᠢᠶᠠᠯ ᠬᠠᠩᠭᠠᠬᠰᠠᠨ ᠪᠠᠢᠨ᠎ᠠ᠃ ᠪᠡᠶ᠎ᠡ ᠵᠢᠨ ᠲᠠᠮᠢᠷ᠎ᠤᠨ ᠨᠥᠯᠥᠭᠡᠯᠡᠯ ᠳᠣᠣᠷ᠎ᠠ  ᠵᠠᠯᠠᠭᠤᠴᠤᠳ ᠪᠠᠭᠠᠴᠤᠳ  ᠢᠳᠡᠪᠬᠢᠳᠡᠢ ᠤᠷᠤᠭᠰᠢᠯᠠᠨ ᠳᠠᠪᠱᠢᠬᠤ᠂ ᠦᠭᠡᠳᠡᠷᠭᠡᠭ ᠪᠠᠶᠠᠰᠤᠩᠭᠤᠢ ᠵᠠᠩ ᠠᠷᠠᠨᠱᠢᠨ᠎ᠢ ᠪᠤᠢ ᠪᠤᠯᠭᠠᠵᠤ ᠴᠢᠳᠠᠨ᠎ᠠ᠃

    ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠣᠯ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠢᠯᠡᠷᠡᠬᠦᠯᠬᠦ ᠪᠦᠲᠦᠮᠵᠢᠲᠡᠶ ᠠᠷᠭ᠎ᠠ ᠪᠠᠷᠢᠯ ᠮᠥᠨ᠃ ᠵᠠᠯᠠᠭᠤ ᠪᠠᠭ᠎ᠠ ᠨᠠᠰᠤᠨ᠎ᠤ ᠦᠶ᠎ᠡ ᠪᠣᠯ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠤ ᠦᠰᠦᠨ ᠪᠣᠢᠵᠢᠬᠤ ᠵᠠᠩᠭᠢᠯᠠᠭ᠎ᠠ᠎ᠶ᠋ᠢᠨ ᠱᠠᠲᠤ ᠦᠶ᠎ᠡ ᠪᠣᠯᠤᠨ᠎ᠠ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠪᠡᠷ ᠲᠠᠮᠵᠢᠨ ᠨᠠᠩ ᠣᠯᠠᠨ ᠳᠠᠯᠳᠠ ᠬᠦᠴᠦᠨ᠎ᠲᠡᠶ ᠪᠡᠶ᠎ᠡ᠎ᠶ᠋ᠢᠨ ᠲᠠᠮᠢᠷ᠎ᠤᠨ ᠴᠢᠳᠠᠪᠤᠷᠢᠳᠠᠨ᠎ᠢ ᠢᠯᠡᠷᠡᠭᠦᠯᠬᠦ᠌ ᠪᠠ ᠬᠥᠮᠦᠵᠢᠭᠦᠯᠵᠦ᠍ ᠴᠢᠳᠠᠨ᠎ᠠ᠃ ᠮᠠᠨ᠎ᠤ ᠣᠷᠣᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌᠎ᠪᠡᠷ ᠬᠠᠷᠠᠯᠲᠠ ᠪᠣᠯᠭᠠᠵᠤ᠂ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠳᠡᠮᠵᠢᠵᠦ᠍᠂ ᠪᠡᠯᠡᠳᠭᠡᠯ ᠴᠢᠳᠠᠪᠤᠷᠢᠲᠠᠨ᠎ᠤ ᠰᠠᠭᠤᠷᠢᠨ᠎ᠢ ᠪᠠᠢᠭᠤᠯᠵᠤ᠂ 《ᠰᠤᠳᠤᠴᠤᠤᠯ᠎ᠤᠨ ᠪᠣᠯᠪᠠᠰᠤᠷᠠᠯ᠎ᠤᠨ ᠬᠤᠸᠠᠷᠠᠨ》 ᠢ᠋ ᠵᠣᠬᠢᠶᠠᠨ ᠪᠠᠢᠭᠤᠯᠤᠨ ᠥᠷᠨᠢᠭᠦᠯᠪᠡ᠃ ᠡᠭᠦᠨ᠎ᠦ ᠬᠠᠮᠲᠤ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢᠶᠠᠷ ᠭᠠᠷᠳᠠᠴᠠ ᠪᠣᠯᠭᠠᠵᠤ᠂ ᠵᠠᠯᠠᠭᠤᠴᠤᠳ ᠪᠠᠭᠠᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠵᠡᠷᠭᠡ ᠵᠢ ᠰᠠᠢᠲᠤᠷ ᠡᠷᠭᠢᠯᠡᠵᠦ᠍᠂  ᠥᠷᠢᠰᠥᠯᠳᠦᠭᠡᠨ᠎ᠦ ᠳᠤᠮᠳᠠ ᠲᠡᠳᠡᠨ᠎ᠦ ᠤᠷᠤᠯᠳᠤᠭᠠᠨ᠎ᠤ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠪᠠᠢᠨ᠎ᠠ᠃

ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ᠌ ᠪᠣᠯ ᠴᠠᠭ ᠦᠶ᠎ᠡ ᠵᠢᠨ ᠡᠭᠦᠷᠭᠡ ᠮᠥᠨ᠂ ᠵᠠᠯᠠᠭᠤᠴᠤᠳ ᠪᠠᠭᠠᠴᠤᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠭᠠᠷ ᠬᠣᠯᠪᠣᠯᠴᠠᠨ ᠪᠡᠶ᠎ᠡ ᠵᠢᠨ ᠲᠠᠮᠢᠷ ᠬᠢᠭᠡᠳ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠱᠢᠨ᠎ᠡ ᠠᠷᠭ᠎ᠠ ᠵᠠᠮ᠂ ᠱᠢᠨ᠎ᠡ ᠠᠷᠭ᠎ᠠ᠎ᠪᠠᠷᠢᠯ᠎ᠢ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍᠂ ᠪᠡᠶ᠎ᠡ᠎ᠶ᠋ᠢᠨ ᠲᠠᠮᠢᠷ᠂ ᠰᠤᠷᠭᠠᠨ ᠬᠥᠮᠦᠵᠢᠯ᠎ᠦᠨ ᠬᠤᠤᠰ ᠱᠢᠮ᠎ᠡ ᠲᠡᠵᠢᠭᠡᠯ ᠳᠤᠤᠷ᠎ᠠ ᠬᠦᠰᠡᠯᠡᠩ᠎ᠲᠡᠶ᠂ ᠴᠢᠳᠠᠪᠤᠷᠢ᠎ᠲᠠᠶ᠂ ᠬᠠᠷᠢᠭᠤᠴᠠᠯᠭ᠎ᠠ᠎ᠲᠠᠶ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠦᠮᠦᠵᠢᠬᠦᠯᠪᠡᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号