ᠰᠤᠷᠪᠤᠯᠵᠢᠯᠠᠭᠴᠢ ᠪᠠᠶᠠᠨᠨᠠᠭᠤᠷ ᠬᠣᠲᠠ᠎ᠶ᠋ᠢᠨ ᠤᠰᠤᠨ ᠠᠰᠢᠭᠯᠠᠯᠲᠠ᠎ᠶ᠋ᠢᠨ ᠲᠣᠪᠴᠢᠶᠠᠠ᠋ᠴᠠ ᠣᠢᠯᠠᠭᠠᠭᠰᠠᠨ᠎ᠢ᠋ᠶ᠋ᠠᠷ᠂ ᠪᠤᠷᠤᠳᠤᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ᠋ 30 ᠢᠯᠡᠭᠦᠦ ᠡᠳᠦᠷ ᠦᠷᠭᠦᠯᠵᠢᠯᠡᠭᠰᠡᠨ ᠨᠠᠮᠤᠷ᠎ᠤ᠋ᠨ ᠤᠰᠤᠯᠠᠯᠲᠠ ᠵᠢᠨ ᠠᠵᠢᠯ ᠨᠢᠭᠡᠨᠲᠡ ᠪᠦᠬᠦ ᠲᠠᠯ᠎ᠠ᠎ᠪᠠᠷ ᠳᠠᠭᠤᠰᠴᠤ᠂ ᠨᠡᠢᠲᠡ 9.48 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠵᠠᠷᠤᠴᠠᠭᠤᠯᠵᠤ᠂ ᠤᠰᠤᠯᠠᠯᠲᠠ᠎ᠶ᠋ᠢᠨ ᠲᠠᠯᠠᠪᠠᠢ᠎ᠨᠢ ᠨᠡᠢᠲᠡ 439 ᠲᠦᠮᠡᠨ ᠮᠦ᠍ ᠳ᠋ᠤ ᠬᠦᠷᠪᠡ᠃ ᠡᠨᠡ ᠤᠳᠠᠭᠠᠨ᠎ᠤ᠋ ᠨᠠᠮᠤᠷ᠎ᠤ᠋ᠨ ᠤᠰᠤᠯᠠᠯᠲᠠ᠎ᠶ᠋ᠢᠨ ᠡᠭᠦᠷᠭᠡ᠎ᠶ᠋ᠢ ᠤᠷᠤᠭᠰᠢᠲᠠᠢ ᠪᠡᠶᠡᠯᠡᠭᠦᠯᠦᠭᠰᠡᠨ ᠨᠢ ᠰᠡᠭᠦᠯᠴᠢ᠎ᠶ᠋ᠢᠨ ᠬᠤᠭᠤᠴᠠᠭᠠᠨ᠎ᠤ᠋ ᠳᠣᠣᠷ᠎ᠠ ᠳᠤᠯᠠᠭᠠᠨ᠎ᠳᠤ ᠬᠠᠭᠰᠠᠵᠤ ᠬᠥᠯᠳᠡᠬᠦ ᠪᠠᠢᠳᠠᠯ᠎ᠤᠨ ᠤᠰᠤᠯᠠᠯᠲᠠ᠎ᠶᠢᠨ ᠠᠵᠢᠯ᠎ᠳᠤ ᠤᠴᠠᠷᠠᠭᠤᠯᠬᠤ ᠲᠦᠭᠰᠢᠭᠦᠷᠢ᠎ᠡᠴᠡ ᠪᠦᠲᠦᠮᠵᠢᠲᠡᠢ ᠵᠠᠢᠯᠠᠰᠬᠢᠵᠦ᠂ ᠤᠰᠤ ᠬᠠᠳᠠᠭᠠᠯᠠᠨ ᠴᠢᠭᠢᠭᠢ᠋ ᠬᠠᠮᠠᠭᠠᠯᠠᠬᠤ᠂ ᠳᠠᠪᠤᠰᠤ᠎ᠵᠢ ᠲᠤᠩᠭᠠᠨ ᠬᠤᠵᠢᠷ᠎ᠢ ᠲᠠᠷᠤᠬᠤ᠂ ᠠᠮᠢ ᠠᠬᠤᠢ᠎ᠶ᠋ᠢᠨ ᠤᠰᠤ ᠨᠥᠬᠥᠪᠥᠷᠢᠯᠡᠬᠦ ᠣᠯᠠᠨ ᠳᠠᠪᠬᠤᠷ ᠬᠠᠷᠠᠯᠲᠠ᠎ᠶ᠋ᠢ ᠪᠡᠶᠡᠯᠡᠭᠦᠯᠵᠦ᠂ 2026 ᠣᠨ᠎ᠤ᠋ ᠬᠠᠪᠤᠷ᠎ᠤ᠋ᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ ᠵᠢᠴᠢ ᠠᠮᠤ ᠪᠤᠳᠠᠭᠠᠨ᠎ᠤ᠋ ᠠᠮᠤᠷ ᠲᠦᠪᠰᠢᠨᠳ᠋ᠦ᠍ ᠪᠠᠲᠤ ᠪᠡᠬᠢ ᠤᠰᠤᠨ ᠠᠰᠢᠭᠯᠠᠯᠲᠠ᠎ᠶ᠋ᠢᠨ ᠰᠠᠭᠤᠷᠢᠲᠠᠯᠪᠢᠭᠰᠠᠨ ᠪᠠᠢᠨ᠎ᠠ᠃
ᠲᠤᠰ ᠤᠳᠠᠭᠠᠨ᠎ᠤ᠋ ᠨᠠᠮᠤᠷ᠎ᠤ᠋ᠨ ᠤᠰᠤᠯᠠᠯᠲᠠ᠎ᠶ᠋ᠢᠨ ᠠᠵᠢᠯ ᠨᠢ ︽ᠶᠡᠷᠦᠩᠬᠡᠢ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠬᠤ᠂ ᠨᠠᠷᠢᠨ ᠣᠨᠣᠪᠴᠢᠲᠠᠢ ᠤᠰᠤᠯᠠᠬᠤ᠂ ᠲᠦᠷᠭᠡᠨ ᠤᠰᠤᠯᠠᠵᠤ ᠥᠨᠳᠥᠷ ᠪᠦᠲᠦᠮᠵᠢᠲᠡᠢ ᠪᠣᠯᠭᠠᠬᠤ᠂ ᠳᠠᠪᠬᠤᠷᠳᠠᠭᠤᠯᠬᠤ᠎ᠶ᠋ᠢ ᠬᠣᠷᠢᠭᠯᠠᠬᠤ︾ ᠶᠡᠷᠦᠩᠬᠡᠢ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠬᠤ᠎ᠶ᠋ᠢᠨ ᠬᠠᠮᠲᠤ᠂ ︽ᠨᠠᠮᠤᠷ᠎ᠤ᠋ᠨ ᠤᠰᠤᠯᠠᠯᠲᠠ᠎ᠨᠢ ᠬᠠᠪᠤᠷ᠎ᠤ᠋ᠨ ᠲᠠᠷᠢᠶᠠᠯᠠᠭᠠᠳ᠋ᠤ᠌ ᠦᠢᠯᠡᠴᠢᠯᠡᠬᠦ︾ ᠭᠣᠣᠯ ᠵᠠᠷᠴᠢᠮᠢ᠋ ᠪᠠᠷᠢᠮᠲᠠᠯᠠᠪᠠ᠃ ᠪᠣᠳᠠᠲᠠᠢ ᠬᠡᠷᠡᠭᠵᠢᠭᠦᠯᠬᠦ ᠶᠠᠪᠤᠴᠠ᠎ᠳ᠋ᠤ᠌᠂ ᠤᠰᠤᠯᠠᠯᠲᠠ᠎ᠶ᠋ᠢᠨ ᠣᠷᠣᠨ᠎ᠤ᠋ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠪᠦᠳᠦᠭᠦᠯᠢᠭ ᠬᠠᠮᠢᠶᠠᠷᠤᠯᠲᠠ᠎ᠶ᠋ᠢᠨ ᠵᠠᠭᠪᠤᠷ᠎ᠢ᠋ ᠰᠢᠪᠲᠤᠯᠵᠤ᠂ ᠨᠠᠷᠢᠯᠢᠭᠵᠢᠭᠤᠯᠤᠭᠰᠠᠨ᠂ ᠵᠥᠷᠢᠶᠡᠴᠢᠯᠡᠭᠰᠡᠨ ᠤᠰᠤᠯᠠᠯᠲᠠ᠎ᠶ᠋ᠢᠨ ᠠᠷᠭ᠎ᠠ ᠪᠣᠳᠣᠯᠭ᠎ᠠ᠎ᠶ᠋ᠢ ᠶᠡᠬᠡ ᠪᠡᠷ ᠠᠬᠢᠭᠤᠯᠵᠤ᠂ ᠠᠳᠠᠯᠢ ᠪᠤᠰᠤ ᠣᠷᠣᠨ᠎ᠤ᠋ ᠬᠥᠷᠥᠰᠥ ᠰᠢᠷᠣᠢ᠎ᠶ᠋ᠢᠨ ᠴᠢᠭᠢᠭ᠂ ᠬᠤᠵᠢᠷᠰᠢᠭᠰᠠᠨ ᠬᠡᠮᠵᠢᠶ᠎ᠡ᠂ ᠭᠣᠣᠯ ᠲᠠᠷᠢᠮᠠᠯ᠎ᠤ᠋ᠨ ᠪᠦᠲᠦᠴᠡ ᠵᠢᠴᠢ ᠳᠠᠷᠠᠭ᠎ᠠ ᠵᠢᠯ᠎ᠦ᠋ᠨ ᠬᠠᠪᠤᠷ᠎ᠤ᠋ᠨ ᠲᠠᠷᠢᠶᠠᠯᠠᠭ᠎ᠠ᠎ᠶ᠋ᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶ᠋ᠢ ᠭᠦᠨᠵᠡᠭᠡᠢ ᠵᠠᠳᠠᠯᠬᠤ᠎ᠪᠠᠷ ᠳᠠᠮᠵᠢᠭᠤᠯᠤᠨ᠂ ᠵᠦᠷᠢᠶᠡᠴᠢᠯᠡᠭᠰᠡᠨ ᠨᠠᠮᠤᠷ᠎ᠤ᠋ᠨ ᠤᠰᠤᠯᠠᠯᠲᠠ᠎ᠶ᠋ᠢᠨ ᠲᠣᠭᠲᠠᠭᠰᠠᠨ ᠨᠣᠷᠮ᠎ᠠ᠎ᠶ᠋ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠬᠤ᠎ᠶ᠋ᠢᠨ ᠬᠠᠮᠲᠤ ᠬᠡᠷᠡᠭᠵᠢᠭᠦᠯᠵᠦ᠂ ᠤᠰᠤᠨ᠎ᠤ᠋ ᠡᠬᠢ ᠪᠠᠶᠠᠯᠢᠭ᠎ᠢ᠋ ᠨᠠᠷᠢᠨ ᠣᠨᠣᠪᠴᠢᠲᠠᠢ ᠣᠷᠣᠭᠤᠯᠬᠤ ᠪᠠ ᠥᠨᠳᠥᠷ ᠪᠦᠲᠦᠮᠵᠢᠲᠡᠢ ᠠᠰᠢᠭᠯᠠᠬᠤ᠎ᠶ᠋ᠢ ᠦᠨᠡᠨᠬᠦ ᠪᠠᠲᠤᠯᠠᠪᠠ᠃
ᠡᠯ᠎ᠡ ᠵᠦᠢᠯ᠎ᠦ᠋ᠨ ᠠᠵᠢᠯ᠎ᠤ᠋ᠨ ᠪᠠᠢᠷᠢᠯᠠᠭᠤᠯᠤᠯᠲᠠ᠎ᠶ᠋ᠢ ᠪᠣᠳᠠᠲᠠᠢ ᠨᠠᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠪᠠᠶᠠᠨᠨᠠᠭᠤᠷ ᠬᠣᠲᠠ ᠠᠵᠢᠯ᠎ᠤ᠋ᠨ ᠬᠤᠪᠢᠶᠠᠷᠢᠯᠠᠯ ᠲᠣᠳᠣᠷᠬᠠᠢ᠂ ᠬᠠᠮᠵᠢᠯᠴᠠᠨ ᠬᠥᠳᠡᠯᠦᠯᠴᠡᠬᠦ ᠥᠨᠳᠥᠷ ᠪᠦᠲᠦᠮᠵᠢᠲᠡᠢ ᠠᠵᠢᠯ᠎ᠤ᠋ᠨ ᠲᠣᠭᠲᠠᠴᠠ᠎ᠶ᠋ᠢ ᠪᠠᠢᠭᠤᠯᠵᠠᠢ᠃ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ᠂ ᠴᠠᠭ ᠠᠭᠤᠷ ᠵᠡᠷᠭᠡ ᠰᠠᠯᠠᠭ᠎ᠠ ᠮᠥᠴᠢᠷ᠎ᠦ᠋ᠳ ᠲᠤᠰ ᠲᠤᠰ᠎ᠤ᠋ᠨ ᠡᠭᠦᠷᠭᠡ ᠲᠤᠰᠢᠶᠠᠯᠢ᠋ᠶ᠋ᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠢᠯᠠᠩᠭᠤᠶ᠎ᠠ ᠬᠥᠷᠥᠰᠥ ᠰᠢᠷᠣᠢ᠎ᠶ᠋ᠢᠨ ᠴᠢᠭᠢᠭᠦ᠋ᠨ ᠪᠠᠢᠳᠠᠯ ᠬᠢᠭᠡᠳ ᠭᠠᠵᠠᠷ ᠳᠣᠣᠷᠠᠬᠢ ᠤᠰᠤᠨ᠎ᠤ᠋ ᠬᠥᠳᠡᠯᠦᠯ ᠪᠠᠢᠳᠠᠯ᠎ᠢ᠋ ᠬᠢᠨᠠᠨ ᠬᠡᠮᠵᠢᠭᠰᠡᠨ ᠲᠣᠭ᠎ᠠ ᠪᠠᠷᠢᠮᠲᠠᠳ᠋ᠤ᠌ ᠲᠦᠰᠢᠭᠯᠡᠨ᠂ ᠤᠰᠤᠯᠠᠯᠲᠠ᠎ᠶ᠋ᠢᠨ ᠰᠢᠢᠳᠪᠦᠷᠢᠲᠦ ᠪᠣᠳᠣᠯᠭ᠎ᠠ ᠲᠣᠭᠲᠠᠭᠠᠬᠤᠳ᠋ᠤ᠌ ᠪᠠᠲᠤ ᠪᠡᠬᠢ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠵᠠᠢ᠃ ᠡᠭᠦᠨ᠎ᠦ᠌ ᠬᠠᠮᠲᠤ᠂ ᠬᠣᠲᠠ᠂ ᠬᠤᠰᠢᠭᠤ ᠰᠢᠶᠠᠨ (ᠲᠤᠭᠤᠷᠢᠭ)᠂ ᠰᠤᠮᠤ ᠪᠠᠯᠭᠠᠰᠤ (ᠰᠢᠶᠠᠩ)᠂ ᠭᠠᠴᠠᠭ᠎ᠠ ᠲᠣᠰᠬᠣᠨ ᠳᠥᠷᠪᠡᠨ ᠱᠠᠲᠤᠨ᠎ᠤ᠋ ᠤᠳᠤᠷᠢᠳᠤᠯᠭ᠎ᠠ᠎ᠶ᠋ᠢᠨ ᠳᠠᠭᠠᠭᠠᠴᠢᠯᠠᠨ ᠬᠣᠯᠪᠣᠭᠠᠯᠠᠬᠤ ᠬᠠᠷᠢᠭᠤᠴᠠᠯᠭ᠎ᠠ᠎ᠶ᠋ᠢᠨ ᠳᠦᠷᠢᠮ᠎ᠢ᠋ ᠪᠦᠬᠦ ᠲᠠᠯ᠎ᠠ᠎ᠪᠠᠷ ᠲᠡᠭᠦᠯᠳᠡᠷᠵᠢᠭᠦᠯᠦᠨ ᠪᠣᠳᠠᠲᠠᠢᠵᠢᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ ᠴᠥᠮ ᠨᠠᠮᠤᠷ᠎ᠤ᠋ᠨ ᠤᠰᠤᠯᠠᠯᠲᠠ᠎ᠶ᠋ᠢᠨ ᠲᠤᠰᠬᠠᠢ ᠠᠵᠢᠯ᠎ᠤ᠋ᠨ ᠤᠳᠤᠷᠢᠳᠬᠤ ᠳᠤᠭᠤᠢᠯᠠᠩ ᠪᠠᠢᠭᠤᠯᠵᠤ᠂ ᠭᠠᠵᠠᠷ᠎ᠤ᠋ᠨ ᠱᠠᠲᠤᠨ᠎ᠤ᠋ ᠺᠠᠳ᠋ᠷ᠎ᠤ᠋ᠨ ᠳᠠᠭᠠᠭᠠᠴᠢᠯᠠᠯᠲᠠ᠎ᠶ᠋ᠢᠨ ᠠᠷᠭ᠎ᠠ ᠵᠠᠮ᠎ᠢ᠋ ᠰᠢᠨ᠎ᠡ᠎ᠪᠡᠷ ᠡᠭᠦᠳᠦᠨ ᠶᠠᠪᠤᠭᠤᠯᠵᠤ᠂ ᠱᠠᠲᠤ ᠱᠠᠲᠤ᠎ᠪᠠᠷ ᠬᠠᠷᠢᠭᠤᠴᠠᠭᠰᠠᠨ᠂ ᠣᠷᠴᠢᠨ ᠲᠣᠭᠣᠷᠢᠨ᠎ᠢ᠋ ᠬᠠᠷᠢᠯᠴᠠᠨ ᠬᠣᠯᠪᠣᠯᠳᠤᠭᠤᠯᠤᠭᠰᠠᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠪᠣᠢ ᠪᠣᠯᠭᠠᠵᠤ᠂ ᠵᠠᠷᠯᠢᠭ᠎ᠤ᠋ᠨ ᠰᠠᠭᠠᠳ ᠦᠭᠡᠢ ᠨᠡᠪᠲᠡᠷᠡᠬᠦ ᠪᠠ ᠬᠡᠷᠡᠭᠵᠢᠭᠦᠯᠬᠦ ᠨᠢ ᠬᠦᠴᠦᠨ ᠲᠡᠭᠦᠯᠳᠡᠷ ᠪᠠᠢᠬᠤ᠎ᠶ᠋ᠢ ᠪᠠᠲᠤᠯᠠᠪᠠ᠃
ᠤᠰᠤᠯᠠᠯᠲᠠ᠎ᠶ᠋ᠢ ᠲᠣᠬᠢᠷᠠᠭᠤᠯᠬᠤ ᠪᠤᠳᠤᠯᠢᠶᠠᠨᠲᠠᠢ ᠱᠠᠭᠠᠷᠳᠠᠯᠭᠠᠳ᠋ᠤ᠌ ᠬᠠᠨᠳᠤᠭᠤᠯᠵᠤ᠂ ᠤᠰᠤᠯᠠᠯᠲᠠ᠎ᠶ᠋ᠢᠨ ᠤᠷᠤᠨ᠎ᠤ ᠬᠠᠮᠢᠶᠠᠷᠤᠯᠲᠠ᠎ᠶᠢᠨ ᠰᠠᠯᠠᠭ᠎ᠠ ᠮᠦᠴᠢᠷ᠎ᠡᠴᠡ ᠬᠦᠳᠡᠯᠦᠩᠭᠦᠢ ᠬᠠᠮᠢᠶᠠᠷᠤᠯᠲᠠ ᠪᠣᠯᠤᠨ ᠰᠢᠨᠵᠢᠯᠡᠬᠦ ᠤᠬᠠᠭᠠᠨᠴᠢ ᠮᠠᠭᠠᠳᠯᠠᠯᠢ᠋ ᠴᠢᠩᠭᠠᠳᠬᠠᠵᠠᠢ᠃ ᠴᠠᠭ ᠠᠭᠤᠷ᠎ᠤ᠋ᠨ ᠤᠷᠢᠳᠴᠢᠯᠠᠭᠰᠠᠨ ᠮᠡᠳᠡᠭᠡᠨᠦ᠌ ᠮᠡᠳᠡᠭᠡ ᠵᠠᠩᠭᠢ᠎ᠶ᠋ᠢ ᠨᠢᠭᠲᠠ ᠮᠥᠷᠳᠡᠨ᠂ᠴᠠᠭ ᠠᠭᠤᠷ᠎ᠤ᠋ᠨ ᠬᠤᠪᠢᠷᠠᠯᠲᠠ᠎ᠶ᠋ᠢ ᠦᠨᠳᠦᠰᠦᠯᠡᠨ ᠤᠰᠤ ᠬᠠᠩᠭᠠᠬᠤ ᠲᠥᠰᠦᠯᠳ᠋ᠦ᠍ ᠴᠠᠭ ᠲᠤᠬᠠᠢ᠎ᠳ᠋ᠤᠨᠢ ᠲᠣᠬᠢᠷᠠᠭᠤᠯᠤᠯᠲᠠ ᠬᠢᠬᠦ ᠪᠤᠯᠤᠨ᠎ᠠ᠂ ᠨᠠᠮᠤᠷ᠎ᠤ᠋ᠨ ᠤᠰᠤᠯᠠᠯᠲᠠ᠎ᠶ᠋ᠢᠨ ᠠᠵᠢᠯ᠎ᠤ᠋ᠨ ᠲᠡᠭᠤᠰᠬᠤ ᠴᠠᠭ ᠬᠤᠭᠤᠴᠠᠭ᠎ᠠ᠎ᠶ᠋ᠢ ᠠᠯᠳᠠᠯ ᠦᠭᠡᠢ ᠠᠩᠬᠠᠷᠴᠤ᠂ ᠤᠰᠤ ᠬᠠᠩᠭᠠᠬᠤ ᠲᠥᠯᠥᠪᠯᠡᠭᠡ᠎ᠶ᠋ᠢ ᠲᠠᠰᠤᠷᠠᠯᠲᠠ ᠦᠭᠡᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠤᠰᠤᠨ᠎ᠤ᠋ ᠤᠷᠤᠰᠬᠠᠯ᠎ᠤ᠋ᠨ ᠥᠨᠳᠥᠷ ᠪᠦᠲᠦᠮᠵᠢᠲᠡᠢ᠂ ᠡᠮᠬᠢ ᠵᠢᠷᠤᠮ᠎ᠲᠠᠢ ᠳᠠᠮᠵᠢᠭᠤᠯᠬᠤ᠎ᠶ᠋ᠢ ᠦᠨᠡᠨ ᠬᠦ ᠪᠠᠲᠤᠯᠠᠪᠠ᠃ ᠤᠰᠤ ᠬᠠᠩᠭᠠᠬᠤ ᠪᠠᠲᠤᠯᠠᠭ᠎ᠠ᠎ᠶ᠋ᠢᠨ ᠲᠠᠯ᠎ᠠ᠎ᠪᠠᠷ᠂ ᠡᠩ ᠲᠡᠷᠢᠭᠦᠨ᠎ᠳ᠋ᠦ᠍ ᠤᠰᠤᠯᠠᠬᠤ ᠳᠡᠰ ᠳᠠᠷᠠᠭᠠᠯᠠᠯᠢ᠋ ᠲᠣᠳᠣᠷᠬᠠᠢᠯᠠᠵᠤ᠂ ᠠᠮᠤ ᠪᠤᠳᠠᠭᠠᠨ᠎ᠤ᠋ ᠭᠣᠣᠯ ᠲᠠᠷᠢᠮᠠᠯ᠎ᠤ᠋ᠨ ᠣᠷᠣᠨ᠂ ᠳᠠᠪᠤᠰᠤ ᠬᠤᠵᠢᠷᠰᠢᠯᠲᠠᠶ᠋ᠢᠨ ᠬᠡᠮᠵᠢᠶ᠎ᠡ ᠨᠡᠯᠢᠶᠡᠳ ᠥᠨᠳᠥᠷ ᠣᠷᠣᠨ ᠪᠦᠰᠡ ᠳᠠᠰᠢ ᠭᠣᠣᠯᠳᠠᠯᠭ᠎ᠠ᠎ᠲᠠᠢ ᠬᠡᠯᠪᠡᠢᠯᠭᠡᠵᠦ᠂ ᠵᠠᠩᠭᠢᠯᠠᠭ᠎ᠠ᠎ᠶ᠋ᠢᠨ ᠣᠷᠣᠨ᠎ᠤ᠋ ᠤᠰᠤᠯᠠᠯᠲᠠ᠎ᠶ᠋ᠢᠨ ᠬᠡᠷᠡᠭᠴᠡᠭᠡ ᠱᠠᠭᠠᠷᠳᠠᠯᠭ᠎ᠠ᠎ᠶ᠋ᠢ ᠪᠦᠬᠦ ᠬᠦᠴᠦᠨ᠎ᠢ᠋ᠶ᠋ᠡᠷ᠎ᠢ᠋ᠶ᠋ᠡᠨ ᠪᠠᠲᠤᠯᠠᠵᠤ᠂ ᠨᠠᠮᠤᠷ᠎ᠤ᠋ᠨ ᠤᠰᠤᠯᠠᠯᠲᠠ᠎ᠶ᠋ᠢᠨ ᠠᠵᠢᠯ᠎ᠤ᠋ᠨ ᠦᠷ᠎ᠡ ᠪᠦᠲᠦᠮᠵᠢ ᠪᠣᠯᠤᠨ ᠶᠠᠰᠤ ᠴᠢᠨᠠᠷ᠎ᠢ᠋ ᠪᠦᠬᠦᠯᠢ ᠴᠣᠭᠴᠠ᠎ᠪᠠᠷ ᠳᠡᠭᠡᠭᠰᠢᠯᠡᠭᠦᠯᠪᠡ᠃