ᠡᠨᠡ ᠵᠢᠯ ᠪᠤᠭᠤᠲᠤ ᠬᠤᠳᠠ ᠵᠢᠨ ᠪᠤᠬᠢᠷᠳᠤᠯ ᠦᠭᠡᠢ ᠢᠳᠡᠭᠡᠨ᠎ᠤ ᠪᠦᠳᠦᠭᠡᠭᠳᠡᠭᠦᠨ 15 ᠨᠡᠮᠡᠭᠳᠡᠪᠡ
2025-12-01 12:02:16
ᠵᠣᠬᠢᠶᠠᠭ᠍ᠴᠢ᠄
ᠸ ·ᠭᠡᠷᠡᠯᠳᠤ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ  ᠪᠤᠭᠤᠲᠤ ᠬᠤᠳᠠ ᠳ᠋ᠤ 9 ᠪᠤᠬᠢᠷᠳᠤᠯ ᠦᠭᠡᠢ ᠢᠳᠡᠭᠡᠨ᠎ᠤ ᠪᠦᠳᠦᠭᠡᠭᠳᠡᠭᠦᠨ ᠨᠡᠮᠡᠭᠳᠡᠵᠤ᠂ ᠤᠳᠤ ᠪᠤᠯᠳᠠᠯ᠎ᠠ ᠡᠨᠡ ᠵᠢᠯ ᠪᠤᠭᠤᠲᠤ ᠬᠤᠳᠠ ᠳ᠋ᠤ 15 ᠪᠤᠬᠢᠷᠳᠤᠯ ᠦᠭᠡᠢ ᠢᠳᠡᠭᠡᠨ᠎ᠤ ᠪᠦᠳᠦᠭᠡᠭᠳᠡᠭᠦᠨ ᠨᠡᠮᠡᠭᠳᠡᠨ᠂ ᠵᠢᠯ᠎ᠤᠨ ᠬᠠᠷᠠᠯᠳᠠ ᠪᠠᠨ ᠲᠠᠪᠠᠭᠤᠯᠤᠨ ᠪᠡᠶᠡᠯᠡᠬᠦᠯᠵᠦ᠂ ᠮᠠᠯ᠎ᠤᠨ ᠠᠰᠢᠬ ᠰᠢᠮ᠎ᠡ ᠲᠠᠷᠢᠶᠠᠯᠠᠩ᠎ᠤᠨ ᠪᠦᠳᠦᠭᠡᠭᠳᠡᠭᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠭᠡᠷᠡᠴᠢᠯᠡᠬᠦ ᠠᠵᠢᠯ ᠰᠢᠨ᠎ᠠ ᠱᠠᠳᠤᠨ ᠳ᠋ᠤ ᠠᠬᠢᠵᠠᠢ᠃

ᠪᠤᠭᠤᠲᠤ ᠬᠤᠳᠠ ᠵᠢᠨ ᠡᠨᠡ ᠵᠢᠯ ᠎ᠤᠨ ᠨᠡᠮᠡᠭᠳᠡᠭᠰᠡᠨ 15 ᠪᠤᠬᠢᠷᠳᠤᠯ ᠦᠭᠡᠢ ᠢᠳᠡᠭᠡᠨ᠎ᠤ ᠪᠦᠳᠦᠭᠡᠭᠳᠡᠭᠦᠨ ᠦᠪᠦᠷ ᠮᠤᠩᠭᠤᠯ᠎ᠤᠨ ᠯᠤ᠌ ᠷᠦᠢ ᠰᠢᠶᠠᠩ ᠲᠤᠰᠤᠨ᠎ᠤ ᠬᠢᠵᠠᠭᠠᠷᠳᠤ ᠺᠤᠮᠫᠠᠨᠢ᠂ ᠦᠪᠦᠷ  ᠮᠤᠩᠭᠤᠯ᠎ᠤᠨ ᠢᠤᠢ  ᠪᠦᠧᠧ ᠬᠤᠢ ᠬᠢᠵᠠᠭᠠᠷᠳᠤ ᠺᠤᠮᠫᠠᠨᠢ᠂ ᠪᠤᠭᠤᠲᠤ ᠬᠤᠳᠠ ᠵᠢᠨ ᠲᠢᠶᠠᠨ ᠡᠾᠧ ᠲᠠᠷᠢᠵᠦ ᠲᠡᠵᠢᠭᠡᠬᠦ ᠲᠠᠷᠢᠶᠠᠴᠢᠨ᠎ᠤ ᠲᠤᠰᠬᠠᠢ ᠬᠤᠷᠰᠢᠶ᠎ᠠ᠂ ᠬᠦᠶᠠᠩ ᠰᠢᠶᠠᠨ᠎ᠤ ᠸᠠᠨ ᠱᠦᠨ ᠪᠠᠢ ᠶᠢᠩ ᠲᠠᠷᠢᠶᠠᠴᠢᠨ᠎ᠤ ᠲᠤᠰᠬᠠᠢ ᠬᠤᠷᠰᠢᠶ᠎ᠠ᠂  ᠬᠦᠶᠠᠩ ᠰᠢᠶᠠᠨ᠎ᠤ ᠭᠤᠸᠠᠩ ᠢ ᠳᠧ ᠲᠠᠷᠢᠶᠠᠴᠢᠨ ᠡᠷᠦᠭᠡ ᠵᠢᠨ ᠠᠮᠢ ᠠᠬᠤᠢ ᠵᠢᠨ ᠲᠤᠰᠬᠠᠢ ᠬᠤᠷᠰᠢᠶ᠎ᠠ ᠲᠠᠢ ᠬᠤᠯᠪᠤᠬᠳᠠᠵᠦ᠂ ᠪᠦᠳᠦᠭᠡᠭᠳᠡᠭᠦᠨ᠎ᠨᠢ ᠬᠤᠮᠠ ᠵᠢᠨ ᠲᠤᠰᠤ᠂ ᠨᠠᠷᠠᠨ ᠬᠤᠸᠠᠷ᠎ᠤᠨ ᠲᠤᠰᠤ᠂ ᠨᠤᠭᠤᠭᠠᠨ ᠦᠷ᠎ᠠ ᠵᠢᠨ ᠲᠤᠰᠤ᠂ ᠬᠤᠨᠢᠨ ᠮᠢᠬ᠎ᠠ᠂ ᠦᠭᠡᠷ᠎ᠤᠨ ᠮᠢᠬ᠎ᠠ᠂ ᠰᠠᠭᠠᠭ᠎ᠤᠨ ᠭᠤᠯᠢᠷ᠎ᠤᠨ ᠪᠦᠲᠦᠭᠡᠭᠳᠡᠭᠦᠨ᠂ ᠲᠠᠷᠪᠤᠰ᠂ ᠬᠦᠵᠡᠯᠵᠡᠭᠡᠨ᠎ᠠ᠂ ᠮᠧᠢ ᠽᠤᠤ ᠲᠤᠮᠤ ᠢᠩᠳᠤᠤᠷ ᠵᠡᠷᠭᠡ ᠪᠠᠢᠵᠦ᠂ ᠪᠦᠳᠦᠭᠡᠭᠳᠡᠭᠦᠨ᠎ᠤ ᠴᠢᠨᠡᠷ ᠴᠢᠨᠰᠠᠭ᠎ᠠ ᠰᠢᠯᠢᠳᠡᠭ ᠪᠦᠭᠡᠳ ᠤᠨᠴᠠᠯᠢᠬ ᠨᠢ ᠳᠤᠪᠤᠢᠮ᠎ᠠ ᠪᠠᠢᠵᠦ᠂ ᠦᠢᠯᠡᠳᠪᠦᠷᠢᠯᠡᠯ᠎ᠤᠨ ᠭᠤᠤᠯ ᠴᠤᠬᠴᠠ ᠨᠢ ᠪᠦᠷᠢᠨ ᠲᠡᠭᠦᠯᠳᠡᠷ ᠶᠠᠰᠤ ᠴᠢᠨᠠᠷ᠎ᠤᠨ ᠡᠵᠡᠮᠳᠡᠬᠦ ᠰᠢᠰᠲᠧᠮ᠎ᠢ ᠪᠠᠢᠭᠤᠯᠵᠦ᠂ ᠪᠤᠬᠢᠷᠳᠤᠯ ᠦᠭᠡᠢ ᠢᠳᠡᠭᠡᠨ᠎ᠤ ᠦᠢᠯᠡᠳᠪᠦᠷᠢᠯᠡᠯ᠎ᠤᠨ ᠪᠠᠷᠢᠮᠵᠢᠶ᠎ᠠ ᠵᠢ ᠴᠢᠩᠭ᠎ᠠ ᠪᠠᠷᠢᠮᠳᠠᠯᠠᠨ ᠦᠢᠯᠡᠳᠪᠦᠷᠢᠯᠡᠵᠦ᠂ ᠡᠬᠢ ᠡᠭᠦᠰᠦᠯ ᠡᠴᠡ ᠨᠢ ᠪᠦᠳᠦᠭᠡᠭᠳᠡᠭᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠪᠠᠳᠤᠯᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号