ᠬᠥᠬᠡᠬᠣᠲᠠ ᠡᠪᠦᠯ ᠤ᠋ᠨ ᠤᠯᠠᠷᠢᠯ ᠤ᠋ᠨ ᠬᠤᠸᠠᠷ ᠫᠤᠤᠵᠢᠩ ᠤ᠋ᠨ ᠦᠶ᠋ᠯᠡᠳᠬᠦᠨ ᠤ᠋ ᠶᠠᠰᠤ ᠴᠢᠨᠠᠷ᠎ᠢ ᠪᠠᠢᠴᠠᠭᠠᠵᠠᠢ
2025-12-01 11:59:20
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠡᠪᠦᠯ ᠤ᠋ᠨ ᠤᠯᠠᠷᠢᠯ ᠬᠦᠷᠴᠦ᠍ ᠢᠷᠡᠬᠦ᠌ ᠵᠢ ᠳᠠᠭᠠᠯᠳᠤᠨ᠂ ᠬᠤᠸᠠᠷ ᠫᠤᠤᠵᠢᠩ ᠤ᠋ᠨ ᠦᠶ᠋ᠯᠡᠳᠬᠦᠨ ᠤ᠋ ᠶᠠᠰᠤ ᠴᠢᠨᠠᠷ ᠤ᠋ᠨ ᠠᠶᠤᠯ ᠲᠦᠭᠰᠢᠭᠦᠷᠢ ᠵᠢ ᠡᠬᠢ ᠡᠭᠦᠰᠦᠯ ᠡᠴᠡ ᠨᠢ ᠰᠡᠷᠭᠡᠢᠯᠡᠨ ᠠᠷᠢᠯᠭᠠᠵᠤ᠂ ᠣᠯᠠᠨ ᠨᠡᠢᠲᠡ ᠶ᠋ᠢᠨ ᠠᠮᠤᠷ ᠲᠦᠪᠱᠢᠨ ᠪᠠ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠶ᠋ᠢᠨ ᠲᠥᠯᠥᠭᠡ᠂ ᠤᠢᠷ᠎ᠠ ᠶ᠋ᠢᠨ ᠬᠤᠭᠤᠴᠠᠭᠠᠨ ᠳ᠋ᠤ᠂ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠪᠥᠬᠥ᠌ ᠬᠣᠲᠠ ᠶ᠋ᠢᠨ ᠬᠡᠪᠴᠢᠶᠡᠨ ᠳ᠋ᠤ ᠬᠤᠸᠠᠷ ᠫᠤᠤᠵᠢᠩ ᠤ᠋ᠨ ᠦᠶ᠋ᠯᠡᠳᠬᠦᠨ ᠤ᠋ ᠶᠠᠰᠤ ᠴᠢᠨᠠᠷ᠎ᠢ ᠲᠤᠰᠭᠠᠶ ᠬᠢᠨᠠᠨ ᠪᠠᠢᠴᠠᠭᠠᠬᠤ ᠠᠵᠢᠯᠯᠠᠭ᠎ᠠ ᠵᠢ ᠵᠣᠬᠢᠶᠠᠨ ᠪᠠᠢᠭᠤᠯᠵᠤ ᠥᠷᠨᠢᠭᠦᠯᠪᠡ᠃

ᠬᠠᠤᠯᠢ ᠬᠡᠷᠡᠭ᠌ᠵᠢᠭᠦᠯᠬᠦ᠌ ᠠᠵᠢᠯᠲᠠᠨ ᠪᠥᠭᠡᠮ ᠢ᠋ᠶ᠋ᠡᠷ ᠪᠤᠷᠤᠯᠠᠭᠤᠯᠬᠤ ᠠᠵᠤ ᠠᠬᠤᠢᠯᠠᠯ᠂ ᠬᠡᠪᠴᠢᠶ᠎ᠡ ᠪᠡᠷ ᠨᠡᠯᠢᠶᠡᠳ ᠶᠡᠬᠡ ᠵᠢᠵᠢᠭ᠌ᠯᠡᠨ ᠪᠤᠷᠤᠯᠠᠭᠤᠯᠬᠤ ᠴᠡᠭ ᠢ᠋ᠶ᠋ᠡᠷ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠡᠵᠡᠩᠨᠡᠭ᠌ᠴᠢ ᠶ᠋ᠢᠨ 《ᠡᠵᠡᠩᠨᠡᠯᠲᠡ ᠶ᠋ᠢᠨ ᠦᠨᠡᠮᠯᠡᠯ》 ᠤ᠋ᠨ ᠡᠵᠡᠩᠨᠡᠯᠲᠡ ᠶ᠋ᠢᠨ ᠬᠡᠪᠴᠢᠶ᠎ᠡ ᠨᠢ ᠬᠤᠸᠠᠷ ᠫᠤᠤᠵᠢᠩ ᠢ᠋ ᠪᠥᠭᠡᠮ ᠢ᠋ᠶ᠋ᠡᠷ ᠪᠤᠷᠤᠯᠠᠭᠤᠯᠬᠤ ᠪᠠ ᠪᠣᠷᠣᠯᠠᠭᠤᠯᠬᠤ ᠵᠡᠷᠭᠡ ᠵᠢ ᠪᠠᠭ᠍ᠲᠠᠭᠠᠭ᠍ᠰᠠᠨ ᠡᠰᠡᠬᠦ᠌ ᠵᠢ ᠬᠢᠨᠠᠨ ᠪᠠᠢᠴᠠᠭᠠᠵᠤ᠂ ᠦᠨᠡᠮᠯᠡᠯ ᠦᠭᠡᠶ ᠪᠡᠷ ᠡᠵᠡᠩᠨᠡᠬᠦ᠌ ᠠᠵᠢᠯᠯᠠᠭ᠎ᠠ ᠳ᠋ᠤ ᠡᠷᠡᠰ ᠴᠣᠬᠢᠯᠲᠠ ᠥᠭ᠌ᠪᠡ᠃ ᠡᠭᠦᠨ ᠤ᠋ ᠬᠠᠮᠲᠤ᠂ ᠡᠵᠡᠩᠨᠡᠭ᠌ᠴᠢ ᠶ᠋ᠢ ᠪᠠᠷᠠᠭ᠎ᠠ ᠣᠷᠣᠭᠤᠯᠬᠤ᠎ᠳᠠᠭᠠᠨ ᠪᠠᠢᠴᠠᠭᠠᠨ ᠱᠢᠯᠭᠠᠬᠤ᠂ ᠭᠡᠷᠡᠴᠢ ᠪᠠ ᠪᠠᠷᠢᠮᠲᠠ ᠪᠢᠴᠢᠭ ᠠᠪᠬᠤ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠪᠦᠷᠢᠨ ᠪᠦᠲᠦᠨ ᠪᠠᠷᠠᠭ᠎ᠠ ᠣᠷᠣᠭᠤᠯᠬᠤ ᠡᠭᠡ ᠲᠠᠨᠭᠰᠠ ᠪᠠ ᠦᠢᠯᠡᠳᠬᠦᠨ ᠢ᠋ ᠪᠠᠢᠴᠠᠭᠠᠨ ᠱᠢᠯᠭᠠᠭ᠍ᠰᠠᠨ ᠮᠡᠳᠡᠭᠦᠯᠦᠯᠲᠡ ᠵᠢ ᠪᠠᠢᠭᠤᠯᠵᠤ᠂ ᠦᠢᠯᠡᠳᠬᠦᠨ ᠤ᠋ ᠢᠷᠡᠯᠳᠡ ᠵᠢ ᠮᠥᠷᠳᠡᠵᠦ᠍ ᠪᠣᠯᠬᠤ᠂ ᠶᠠᠰᠤ ᠴᠢᠨᠠᠷ ᠢ᠋ ᠡᠵᠡᠮᠳᠡᠵᠦ᠍ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠦᠶ᠋ᠯᠡᠳᠬᠦᠨ ᠤ᠋ ᠫᠤᠤᠵᠢᠩ ᠲᠠᠯᠪᠢᠬᠤ ᠵᠠᠶ ᠵᠢ ᠲᠣᠳᠣᠷᠬᠠᠢᠯᠠᠭ᠍ᠰᠠᠨ ᠡᠰᠡᠬᠦ᠌᠂ 《ᠠᠷᠢᠬᠢ ᠤᠤᠭᠤᠬᠰᠠᠨ ᠤ᠋ ᠳᠠᠷᠠᠭ᠎ᠠ ᠫᠤᠤᠵᠢᠩ ᠲᠠᠯᠪᠢᠬᠤ ᠵᠢ ᠴᠢᠩᠭ᠎ᠠ ᠴᠠᠭᠠᠵᠠᠯᠠᠬᠤ》 ᠵᠡᠷᠭᠡ ᠵᠠᠩᠭᠢᠯᠠᠭ᠎ᠠ ᠶ᠋ᠢᠨ ᠠᠮᠤᠷ ᠲᠦᠪᠰᠢᠨ ᠤ᠋ ᠲᠤᠬᠠᠢ ᠮᠡᠳᠡᠭᠡ ᠵᠠᠩᠭᠢ ᠵᠢ ᠰᠠᠨᠠᠭᠤᠯᠤᠭ᠍ᠰᠠᠨ ᠡᠰᠡᠬᠦ᠌ ᠵᠢ ᠭᠤᠤᠯᠳᠠᠯᠭ᠎ᠠ ᠲᠠᠢ ᠪᠠᠢᠴᠠᠭᠠᠵᠤ᠂ 《ᠦᠶ᠋ᠯᠡᠳᠪᠦᠷᠢ ᠶ᠋ᠢᠨ ᠨᠡᠷ᠎ᠡ ᠦᠭᠡᠢ᠂ ᠦᠶ᠋ᠯᠡᠳᠪᠦᠷᠢ ᠶ᠋ᠢᠨ ᠬᠠᠶᠢᠭ ᠦᠭᠡᠶ᠂ ᠬᠢᠷᠢ ᠲᠡᠩᠴᠡᠭ᠌ᠰᠡᠨ ᠦᠨᠡᠮᠯᠡᠯ ᠦᠭᠡᠶ》 ᠦᠢᠯᠡᠳᠬᠦᠨ ᠪᠣᠯᠤᠨ ᠬᠤᠳᠠᠯ ᠬᠠᠭᠤᠷᠮᠠᠭ ᠴᠢᠨᠠᠷ ᠮᠠᠭᠤ ᠦᠶ᠋ᠯᠡᠳᠬᠦᠨ ᠤ᠋ ᠵᠠᠬ᠎ᠠ ᠳᠡᠯᠭᠡᠭᠦᠷ ᠲᠦ᠍ ᠣᠷᠣᠬᠤ ᠵᠢ ᠴᠢᠩᠭ᠎ᠠ ᠰᠡᠷᠭᠡᠢᠯᠡᠪᠡ᠃ ᠬᠢᠨᠠᠨ ᠪᠠᠢᠴᠠᠭᠠᠯᠲᠠ ᠬᠢᠬᠦ ᠶ᠋ᠢᠨ ᠳᠠᠭᠠᠤ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭ᠌ᠴᠢᠳ ᠲᠦ᠍ ᠬᠤᠸᠠᠷ ᠫᠤᠤᠵᠢᠩ ᠤ᠋ᠨ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ᠂ ᠦᠶ᠋ᠯᠡᠳᠬᠦᠨ ᠤ᠋ ᠪᠠᠷᠢᠮᠵᠢᠶ᠎ᠠ ᠵᠢᠴᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠦᠶ᠋ᠯᠡᠳᠬᠦᠨ ᠤ᠋ ᠶᠠᠰᠤ ᠴᠢᠨᠠᠷ ᠤ᠋ᠨ ᠬᠠᠤᠯᠢ》 ᠵᠡᠷᠭᠡ ᠵᠢ ᠤᠬᠠᠭᠤᠯᠵᠤ᠂ ᠲᠡᠳᠡᠨ ᠢ᠋ ᠠᠮᠤᠷ ᠲᠦᠪᠱᠢᠨ ᠤ᠋ ᠬᠠᠷᠢᠭᠤᠴᠠᠯᠭ᠎ᠠ ᠶ᠋ᠢᠨ ᠦᠵᠡᠯ ᠤᠬᠠᠮᠰᠠᠷ ᠢ᠋ ᠪᠠᠲᠤ ᠪᠠᠬᠢ ᠪᠣᠶ ᠪᠣᠯᠭᠠᠵᠤ᠂ ᠪᠠᠷᠠᠭ᠎ᠠ ᠣᠷᠣᠭᠤᠯᠬᠤ ᠶᠠᠰᠤ ᠴᠢᠨᠠᠷ ᠤ᠋ᠨ ᠪᠣᠭᠣᠮᠲᠠ ᠵᠢ ᠴᠢᠩᠭ᠎ᠠ ᠠᠳᠭᠤᠵᠤ᠂ ᠬᠠᠤᠯᠢ ᠪᠤᠰᠤ᠂ ᠬᠢᠷᠢ ᠲᠡᠩᠴᠡᠭᠦ᠌ ᠥᠬᠡᠶ ᠦᠶ᠋ᠯᠡᠳᠬᠦᠨ ᠢ᠋ ᠤᠬᠠᠮᠰᠠᠷ ᠡᠴᠡ ᠪᠠᠨ ᠬᠣᠷᠢᠭ᠍ᠯᠠᠬᠤ ᠵᠢ ᠱᠠᠭᠠᠷᠳᠠᠪᠠ᠃

ᠤᠢᠯᠠᠭᠠᠬᠰᠠᠨ ᠢ᠋ᠶ᠋ᠡᠷ᠂ ᠲᠣᠰ ᠤᠳᠠᠭᠠᠨ ᠤ᠋ ᠲᠤᠰᠭᠠᠶ ᠪᠠᠢᠴᠠᠭᠠᠯᠲᠠ ᠶ᠋ᠢᠨ ᠠᠵᠢᠯᠯᠠᠭ᠎ᠠ ᠨᠢ ᠴᠠᠭᠠᠨ ᠰᠠᠷ᠎ᠠ ᠶ᠋ᠢᠨ ᠡᠮᠦᠨ᠎ᠡ ᠬᠣᠢᠨ᠎ᠠ ᠪᠣᠯᠲᠠᠯ᠎ᠠ ᠦᠷᠭᠦᠯᠵᠢᠯᠡᠬᠦ᠌ ᠪᠣᠯᠤᠨ᠎ᠠ᠃ ᠬᠦᠬᠡᠬᠤᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠪᠠᠰᠠ ᠥᠷᠭᠡᠨ ᠣᠯᠠᠨ ᠬᠡᠷᠡᠭ᠌ᠯᠡᠭ᠌ᠴᠢ᠎ᠳᠤ 《ᠬᠤᠸᠠᠷ ᠫᠤᠤᠵᠢᠩ ᠡᠵᠡᠩᠨᠡᠬᠦ᠌ (ᠵᠢᠵᠢᠭ᠌ᠯᠡᠨ ᠪᠤᠷᠤᠯᠠᠭᠤᠯᠬᠤ) ᠵᠥᠪᠱᠢᠶᠡᠷᠡᠯ ᠤ᠋ᠨ ᠦᠨᠡᠮᠯᠡᠯ》 ᠲᠠᠢ ᠵᠢᠵᠢᠭ᠌ᠯᠡᠨ ᠪᠤᠷᠤᠯᠠᠭᠤᠯᠬᠤ ᠲᠤᠤᠷ ᠴᠡᠭ ᠲᠦ᠍ ᠬᠦᠷᠴᠦ᠍ ᠬᠤᠸᠠᠷ ᠫᠤᠤᠵᠢᠩ ᠬᠤᠳᠠᠯᠳᠤᠨ ᠠᠪᠴᠤ᠂ ᠦᠢᠯᠡᠳᠬᠦᠨ ᠤ᠋ ᠶᠠᠰᠤ ᠴᠢᠨᠠᠷ ᠤ᠋ᠨ ᠠᠰᠠᠭᠤᠳᠠᠯ ᠪᠤᠶᠤ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠡᠵᠡᠩᠨᠡᠯᠲᠡ ᠶ᠋ᠢᠨ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ ᠳ᠋ᠤᠨᠢ 12315 ᠬᠠᠯᠠᠮᠱᠢᠯ ᠤᠲᠠᠰᠤ ᠵᠢ ᠤᠲᠠᠰᠤᠳᠠᠵᠤ ᠢᠯᠡᠴᠢᠯᠡᠨ ᠮᠡᠳᠡᠬᠦᠯᠦᠭᠡᠷᠡᠢ ᠭᠡᠵᠦ ᠰᠠᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号