​ᠬᠦᠬᠡᠬᠤᠳᠠ ᠵᠢᠨ ᠶᠡᠷᠦᠡᠭᠭᠡᠢᠯᠡᠨ ᠵᠠᠰᠠᠬᠤ ᠲᠦᠪ ᠦᠨᠳᠦᠰᠦᠨ ᠱᠠᠳᠤᠨ ᠤ᠋ ᠨᠡᠢᠭᠡᠮ ᠤ᠋ᠨ ᠵᠠᠰᠠᠯᠳᠠ ᠳ᠋ᠤ ᠰᠢᠨ᠎ᠠ ᠬᠦᠳᠡᠯᠭᠡᠭᠦ ᠬᠦᠴᠦᠨ ᠤᠯᠭᠤᠨ᠎ᠠ
2025-12-01 16:05:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠬᠴᠢ ᠵᠢᠨ ᠦᠭᠡ 

ᠬᠥᠷᠰᠢ ᠵᠡᠷᠭᠡᠯᠡᠳᠡᠭᠡ᠎ᠶ᠋ᠢᠨ ᠮᠥᠷᠭᠥᠯᠳᠦᠭᠡᠨ ᠂ ᠠᠳᠠᠯ ᠠᠬᠤᠢ ᠵᠢᠨ ᠵᠠᠭᠤᠷᠠᠯᠳᠤᠭᠠᠨ ᠂ ᠬᠥᠳᠡᠯᠮᠦᠷᠢᠴᠢᠨ ᠬᠢᠭᠡᠳ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠬᠣᠭᠣᠷᠣᠨᠳᠣᠬᠢ ᠵᠥᠷᠢᠴᠡᠯ ᠁ ᠤᠤᠯ ᠳ᠋ᠠᠭᠠᠨ ᠤᠯᠠᠨ ᠲᠦᠮᠡᠨ ᠡᠳᠡᠭᠡᠷ ᠶᠠᠪᠤᠳᠠᠯ ᠲᠤᠬᠢᠶᠠᠯᠳᠤᠪᠠᠯ ᠬᠡᠳᠦ ᠬᠡᠳᠦᠨ ᠰᠠᠯᠠᠭ᠎ᠠ ᠮᠦᠴᠢᠷ ᠤ᠋ᠨ ᠬᠤᠭᠤᠷᠤᠨᠳᠤ ᠬᠦᠶᠦᠵᠦ ᠴᠠᠭ ᠬᠦᠴᠦ ᠶᠡᠬᠡᠳᠡ ᠵᠠᠷᠤᠴᠠᠭᠤᠯᠳᠠᠭ ᠪᠠᠢᠵᠠᠢ᠃ ᠡᠳᠦᠭᠡ ᠤᠢᠷ᠎ᠠ ᠬᠠᠪᠢ ᠵᠢᠨ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ ᠲᠸ᠋ ᠬᠦᠷᠪᠡᠯ ᠲᠠᠷᠤᠢ ᠲᠤᠬᠢᠳᠠᠢ ᠰᠠᠢᠬᠠᠨ ᠰᠢᠢᠳᠪᠤᠷᠢᠯᠡᠴᠢᠭᠡᠳᠡᠭ᠃ ᠡᠨᠡ ᠵᠢᠯ᠎ᠡᠴᠡ ᠨᠠᠭᠠᠰᠢ᠂ ᠦᠪᠦᠷ ᠮᠤᠡᠭᠭᠤᠯ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ ᠂ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢ ᠵᠡᠷᠭᠡ᠎ᠳᠦᠨᠢ ᠲᠡᠭᠦᠯᠳᠡᠷᠵᠢᠭᠦᠯᠦᠨ᠂ 103 ᠬᠣᠱᠢᠭᠤ ᠱᠢᠶᠠᠨ (ᠬᠣᠲᠠ᠂ ᠲᠣᠭᠣᠷᠢᠭ)᠂ 1033 ᠰᠤᠮᠤ ᠱᠢᠶᠠᠩ ᠪᠠᠯᠭᠠᠰᠤ(ᠵᠡᠭᠡᠯᠢ ᠭᠤᠳᠤᠮᠵᠢ) ᠶ᠋ᠢᠨ ᠶᠡᠷᠦᠩᠬᠡᠢᠯᠡᠨ ᠵᠠᠰᠠᠬᠤ ᠲᠥᠪ᠎ᠢ ᠪᠦᠬᠦᠨ᠎ᠢ ᠪᠠᠢᠭᠤᠯᠵᠤ ᠳᠠᠭᠤᠰᠭᠠᠨ᠂ 13923 ᠭᠠᠴᠠᠭ᠎ᠠ ᠲᠣᠰᠭᠣᠨ (ᠨᠡᠢᠭᠡᠮ ᠲᠣᠭᠣᠷᠢᠭ) ᠎ᠤ᠋ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢᠨ ᠬᠠᠮᠤᠷᠬᠤ ᠨᠣᠷᠮ᠎ᠠ᠎ᠶ᠋ᠢ 100%᠎ᠳ᠋ᠤ ᠬᠦᠷᠭᠡᠬᠦ᠌᠎ᠶ᠋ᠢ ᠠᠬᠢᠭᠤᠯᠪᠠ᠃ ᠲᠤᠰ ᠬᠤᠭᠤᠴᠠᠭᠠᠨ ᠡᠴᠨ ᠪᠢᠳᠡ ᠡᠯ᠎ᠠ ᠭᠠᠵᠠᠷ ᠤ᠋ᠨ ᠶᠡᠷᠦᠡᠭᠭᠡᠢᠯᠡᠨ ᠵᠠᠰᠠᠬᠤ ᠲᠦᠪ ᠤ᠋ᠨ ᠵᠢᠷᠤᠮᠵᠢᠭᠤᠯᠬᠤ ᠪᠠᠢᠭᠤᠯᠤᠯᠲᠠ ᠵᠢᠨ ᠲᠤᠯᠢᠯᠠᠭᠤᠯᠵᠤ ᠪᠤᠯᠬᠤᠢᠴᠠ ᠲᠤᠷᠰᠢᠯᠭ᠎ᠠ ᠠᠷᠭ᠎ᠠ ᠬᠢᠳᠡᠯ ᠢ᠋ ᠲᠠᠨᠢᠯᠴᠠᠭᠤᠯᠵᠤ᠂ ᠤᠨᠤᠴᠠᠳᠠᠢ ᠦᠢᠯᠡᠴᠢᠯᠡᠭᠡ ᠪᠡᠷ ᠤᠯᠠᠨ ᠲᠦᠮᠡᠨ ᠤ᠋ ᠰᠡᠳᠬᠢᠯ ᠢ᠋ ᠲᠤᠯᠠᠭᠠᠴᠠᠭᠤᠯᠵᠤ ᠪᠠᠢᠬᠤ ᠦᠢᠯᠡᠳᠦᠯᠭᠡ ᠵᠢ ᠲᠡᠯᠭᠡᠨ ᠦᠵᠡᠬᠦᠯᠦᠨ᠎ᠠ᠃


 — ᠮᠢᠨᠦ᠍ ᠬᠦᠴᠢᠷ ᠠᠰᠠᠭᠤᠳᠠᠯ᠎ᠢ ᠡᠢᠮᠤ ᠲᠦᠷᠭᠡᠨ ᠱᠢᠶ᠋ᠳᠪᠦᠷᠢᠯᠡᠵᠦ᠍ ᠥᠭ᠌ᠭᠦᠨ᠎ᠡ ᠭᠡᠵᠦ᠍ ᠪᠤᠳᠤᠵᠤ ᠣᠯᠤᠭ᠍ᠰᠠᠨ ᠥᠬᠡᠶ᠂ ᠣᠲᠣ ᠪᠢ ᠰᠠᠨᠠᠭ᠎ᠠ ᠠᠮᠤᠷ ᠠᠵᠢᠯᠯᠠᠵᠤ ᠳᠡᠢᠯᠬᠦ᠌ ᠪᠤᠯᠵᠠᠢ᠂ ᠲᠠᠨᠠᠷ᠎ᠲᠤ ᠦᠨᠡᠬᠡᠷ ᠲᠠᠯᠠᠷᠬᠠᠵᠤ ᠪᠠᠢᠨ᠎ᠠ᠃

 ᠣᠢᠷ᠎ᠠ᠎ᠳᠤ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠎ᠤᠨ ᠡᠶᠡᠳᠡᠭᠦᠯᠬᠦ᠌ ᠲᠠᠰᠤᠭ᠎ᠲᠤ᠂ ᠯᠢ ᠠᠪᠠᠬᠠᠶ ᠡᠶᠡᠳᠡᠭᠦᠯᠦᠭ᠌ᠴᠢ᠎ᠶ᠋ᠢᠨ ᠭᠠᠷ᠎ᠢ ᠠᠳᠭᠤᠵᠤ ᠲᠠᠯᠠᠷᠬᠠᠬᠰᠠᠨ ᠰᠡᠳᠬᠢᠯ ᠵᠢᠡᠨ ᠢᠯᠡᠳᠭᠡᠨ᠎ᠠ᠃ ᠤᠤᠯ ᠨᠢ ᠲᠡᠷᠨ ᠠᠵᠤ ᠠᠬᠤᠢᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠡᠴᠡ ᠪᠣᠯᠵᠤ᠂ ᠠᠵᠢᠯ ᠎ᠤᠨ ᠪᠠᠢᠷᠢ ᠱᠢᠯᠵᠢᠭᠦ ᠠᠰᠠᠭᠤᠳᠠᠯ᠎ᠳᠦ ᠲᠤᠯᠭᠠᠷᠠᠨ᠂ ᠶᠡᠷᠦᠩᠬᠡᠢᠯᠡᠨ ᠵᠠᠰᠠᠬᠤ ᠲᠥᠪ ᠎ᠤᠨ ᠵᠤᠬᠢᠴᠠᠭᠤᠯᠭ᠎ᠠ᠎ᠪᠠᠷ ᠠᠵᠤ ᠠᠬᠤᠢᠯᠠᠯ ᠎ᠲᠠᠶ ᠰᠠᠨᠠᠭᠠᠨ ᠳ᠋ᠤ ᠲᠤᠬᠢᠷᠠᠬᠰᠠᠨ ᠱᠢᠶ᠋ᠳᠪᠦᠷᠢᠯᠡᠬᠦ᠌ ᠲᠥᠰᠦᠯ ᠲᠣᠭ᠍ᠲᠠᠵᠠᠶ᠃


QQ20251201-160410.png


 ᠡᠨᠡ ᠪᠤᠯ ᠬᠥᠬᠡᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠲᠦ ᠡᠳᠦᠷ ᠪᠦᠷᠢ ᠲᠤᠬᠢᠶᠠᠯᠳᠤᠳᠠᠭ ᠡᠡᠭ ᠤ᠋ᠨ ᠶᠠᠪᠤᠳᠠᠯ ᠲᠡᠳᠦᠢ᠃ ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠬᠢᠨ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ᠂ ᠣᠯᠠᠨ ᠲᠦᠮᠡᠨ᠎ᠢ ᠦᠨᠡᠨ ᠬᠦ᠌ 《ᠨᠢᠭᠡ ᠯᠡ ᠡᠭᠦᠳᠡ᠎ᠪᠡᠷ ᠣᠷᠣᠭᠤᠯᠵᠤ᠂ ᠲᠦᠪᠡᠭᠳᠡᠢ ᠠᠰᠠᠭᠤᠳᠠᠯ ᠵᠢᠡᠨ ᠰᠢᠢᠳᠪᠦᠷᠢᠯᠡᠬᠦ》 ᠵᠢ ᠪᠡᠶᠡᠯᠡᠬᠦᠯᠪᠡ᠃ ᠣᠳᠣᠬᠠᠨ ᠪᠣᠯᠲᠠᠯ᠎ᠠ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠨᠢᠭᠡᠨᠲᠡ ᠲᠦᠮᠡ ᠭᠠᠷᠤᠶ ᠵᠥᠷᠢᠴᠡᠯ ᠵᠠᠭᠤᠷᠠᠯᠳᠤᠭᠠᠨ᠎ᠢ ᠠᠮᠵᠢᠯᠲᠠ᠎ᠲᠠᠶ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ ᠨᠢ 90% ᠎ᠶ᠋ᠢ ᠳᠠᠪᠠᠪᠠ᠃

 《ᠳᠥᠷᠪᠡᠨ ᠢᠯᠴᠢ ᠬᠡᠷᠡᠭ᠌ᠯᠡᠬᠦ᠌ ᠪᠠᠢᠭᠤᠯᠭ᠎ᠠ ᠤᠷᠲᠤ ᠬᠤᠭᠤᠴᠠᠭ᠎ᠠ᠎ᠪᠠᠷ ᠵᠣᠭᠣᠰ ᠵᠢᠡᠨ ᠪᠣᠳᠣᠬᠤ ᠦᠭᠡᠢ᠂ ᠪᠢᠳᠡᠨ᠎ᠦ ᠪᠡᠯᠡ ᠮᠥᠩᠭᠥ᠎ᠶ᠋ᠢᠨ ᠳᠠᠷᠤᠭᠠᠰᠤ ᠮᠠᠰᠢ ᠶᠡᠬᠡ᠂ ᠳᠤᠯᠠᠭᠠᠯᠠᠭ᠎ᠠ ᠬᠠᠩᠭᠠᠬᠤ ᠡᠳ᠋ ᠪᠣᠳᠠᠰ ᠬᠤᠳᠠᠯᠳᠤᠨ ᠠᠪᠬᠤ ᠬᠦᠷᠲᠡᠯ᠎ᠡ ᠨᠥᠯᠥᠭᠡᠯᠡᠭ᠌ᠳᠡᠵᠡᠶ》᠃ ᠬᠥᠬᠡᠬᠣᠲᠠ᠎ᠶ᠋ᠢᠨ ᠨᠢᠭᠡᠨ ᠢᠯᠴᠢ ᠶ᠋ᠢᠨ ᠬᠦᠴᠦᠨ ᠎ᠦ ᠺᠣᠮᠫᠠᠨᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠵᠸᠦ ᠠᠪᠤᠭᠠᠢ ᠬᠡᠳᠦᠨ ᠰᠠᠷ᠎ᠠ ᠦᠷᠬᠦᠯᠵᠢᠯᠡᠭᠰᠡᠨ ᠰᠦᠶ᠋ᠳᠭᠡᠯ ᠥᠷᠢᠲᠦᠭ᠌ᠰᠡᠨ ᠵᠠᠭᠤᠷᠠᠯᠳᠤᠭᠠᠨ᠎ᠢ ᠴᠡᠭᠡᠵᠢᠯᠡᠵᠦ᠍ ᠪᠠᠢᠨ᠎ᠠ᠂ ᠺᠤᠮᠫᠠᠨᠢ ᠡᠴᠨ ᠶᠠᠭ ᠵᠠᠭᠠᠯᠳᠤᠯᠭ᠎ᠠ ᠬᠢᠬᠦ᠌᠎ᠪᠡᠷ ᠪᠡᠯᠡᠳᠭᠡᠵᠦ᠍ ᠪᠠᠢᠬᠤ ᠦᠶ᠎ᠡ᠎ᠳᠦ᠂ ᠱᠢᠨ᠎ᠡ ᠬᠣᠲᠠ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠤᠨ ᠬᠢᠨ ᠲᠡᠳᠠ ᠨᠠᠷ᠎ᠤᠨ ᠠᠰᠠᠭᠤᠳᠠᠯ᠎ᠢ ᠰᠢᠢᠳᠪᠤᠷᠢᠯᠡᠵᠦ ᠦᠭᠪᠡ᠃

 《ᠶᠡᠷᠦᠩᠬᠡᠢᠯᠡᠨ ᠵᠠᠰᠠᠬᠤ ᠲᠥᠪ  ᠤ᠋ᠨ ᠠᠵᠢᠯᠳᠡᠨ ᠪᠢᠳᠡᠨ᠎ᠢ ᠳᠠᠭᠤᠳᠠᠭᠠᠳ ᠵᠦᠪᠬᠡᠨ ᠬᠤᠷᠠᠯ ᠬᠢᠭ᠌ᠰᠡᠨ ᠪᠢᠰᠢ᠂ ᠬᠠᠷᠢᠨ ᠲᠠᠨᠭᠰᠠ ᠨᠢᠭᠡᠪᠦᠷᠢ᠎ᠶ᠋ᠢ ᠤᠷᠢᠳᠴᠢᠯᠠᠨ ᠡᠮᠬᠢᠯᠡᠵᠦ ᠭᠠᠷᠭᠠᠪᠠ᠃ ᠨᠢᠭᠡ ᠵᠢᠯ ᠤ᠋ᠨ ᠬᠤᠭᠤᠴᠠᠭ᠎ᠠ ᠳᠠᠢ ᠵᠠᠷᠭᠤ ᠵᠠᠭᠠᠯᠳᠤᠯᠭ᠎ᠠ ᠬᠢᠬᠦ ᠪᠤᠯᠤᠯᠴᠠᠭ᠎ᠠ ᠳᠠᠢ ᠪᠠᠢᠬᠰᠠᠨ᠎ᠢ ᠶᠡᠷᠦᠩᠬᠡᠢᠯᠡᠨ ᠵᠠᠰᠠᠬᠤ ᠲᠥᠪ᠎ᠦᠨ ᠠᠵᠢᠯᠲᠠᠨ᠎ᠤ ᠬᠦᠯᠢᠴᠡᠡᠭᠬᠦᠢ ᠡᠶᠡᠳᠡᠭᠦᠯᠭᠡ ᠪᠡᠷ ᠨᠢᠭᠡ ᠰᠠᠷ᠎ᠠ ᠵᠢᠨ ᠳᠤᠳᠤᠷ᠎ᠠ ᠱᠢᠢᠳᠪᠦᠷᠢᠯᠡᠪᠡ》 ᠬᠡᠵᠦ ᠵᠸᠦ ᠠᠪᠤᠭᠠᠢ ᠬᠡᠯᠡᠨ᠎ᠠ᠃

 《ᠥᠩᠭᠡᠷᠡᠭ᠌ᠰᠡᠨ᠎ᠳᠦ ᠤᠯᠠᠨ ᠲᠦᠮᠡᠨ ᠵᠥᠷᠢᠴᠡᠯ ᠵᠠᠭᠤᠷᠠᠯᠳᠤᠭᠠᠨ᠎ᠲᠠᠶ ᠪᠣᠯᠪᠠᠯ ᠶᠡᠷᠦ ᠨᠢ ᠬᠡᠳᠦ ᠬᠡᠳᠦᠨ ᠰᠠᠯᠠᠭ᠎ᠠ ᠮᠥᠴᠢᠷ᠎ᠢᠶᠡᠷ ᠶᠠᠪᠤᠵᠤ᠂ ᠡᠮᠬᠢ ᠲᠠᠷᠠᠭᠠᠯᠠᠯ ᠨᠢ ᠪᠤᠳᠤᠯᠢᠶᠠᠨᠲᠠᠶ ᠪᠥᠭᠡᠳ ᠨᠡᠯᠢᠶᠡᠳ ᠤᠷᠲᠤ ᠴᠠᠭ ᠬᠡᠷᠡᠭᠰᠡᠳᠡᠭ᠃ ᠣᠲᠣ ᠶᠡᠷᠦᠩᠬᠡᠢᠯᠡᠨ ᠵᠠᠰᠠᠬᠤ ᠲᠥᠪ᠎ᠲᠦ ᠬᠦᠷᠪᠡᠯ ᠲᠤᠰᠭᠠᠶ ᠬᠥᠮᠦᠨ ᠬᠥᠲᠥᠯᠦᠨ ᠵᠢᠯᠣᠭᠣᠳᠴᠤ᠌᠂ ᠲᠥᠷᠥᠯ ᠬᠤᠪᠢᠶᠠᠨ ᠱᠢᠶ᠋ᠳᠪᠦᠷᠢᠯᠡᠵᠦ᠍᠂ ᠣᠯᠠᠨ ᠲᠠᠯ᠎ᠠ᠎ᠪᠠᠷ ᠬᠣᠯᠪᠣᠭᠠᠯᠠᠨ ᠡᠶᠡᠳᠡᠭᠦᠯᠵᠦ᠍᠂ ᠥᠨᠳᠥᠷ ᠪᠦᠲᠦᠮᠵᠢᠲᠡᠶ ᠰᠢᠢᠳᠪᠤᠷᠢᠯᠡᠵᠦ ᠴᠢᠳᠠᠨ᠎ᠠ》 ᠭᠡᠵᠦ᠍ ᠱᠢᠨ᠎ᠡ ᠬᠤᠳᠠ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠦᠨ ᠠᠵᠢᠯᠳᠠᠨ ᠶᠠᠷᠢᠨ᠎ᠠ᠃

 ᠬᠥᠬᠡᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠪᠠᠢᠭᠤᠯᠤᠭ᠍ᠳᠠᠭ᠍ᠰᠠᠨ᠎ᠠᠴᠠ ᠨᠠᠭᠠᠰᠢ᠂ 《ᠪᠠᠢᠭᠤᠯᠤᠮᠵᠢ᠂ ᠠᠵᠢᠯᠲᠠᠨ᠂ ᠵᠠᠷᠤᠳᠠᠯ᠂ ᠳᠦᠷᠢᠮ᠂ ᠲᠠᠯᠠᠪᠤᠷ ᠲᠠᠪᠤ ᠵᠢ ᠪᠦᠷᠢᠯᠳᠦᠬᠦᠯᠬᠦ》 ᠪᠠᠷᠢᠮᠵᠢᠶ᠎ᠠ ᠪᠡᠷ ᠪᠥᠲᠥᠭᠡᠨ ᠪᠠᠢᠭᠤᠯᠵᠤ᠂ ᠣᠯᠠᠨ ᠰᠠᠯᠠᠭ᠎ᠠ ᠮᠥᠴᠢᠷ᠎ᠦᠨ ᠡᠬᠢ ᠪᠠᠶᠠᠯᠢᠭ ᠎ᠢ ᠡᠮᠬᠢᠯᠡᠨ ᠨᠡᠢᠯᠡᠭᠦᠯᠵᠦ᠍᠂ 《ᠪᠠᠢᠩᠭᠤ ᠰᠠᠭᠤᠬᠤ + ᠡᠭᠡᠯᠵᠢᠯᠡᠨ ᠰᠠᠭᠤᠬᠤ + ᠬᠡᠵᠢᠶ᠎ᠡ ᠳᠠᠭᠤᠳᠠᠪᠠᠯ ᠬᠡᠵᠢᠶ᠎ᠡ ᠢᠷᠡᠬᠦ᠌》 ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ 《ᠨᠢᠭᠡ ᠥᠷᠲᠡᠭᠡᠴᠢᠯᠡᠭᠰᠠᠨ ᠮᠠᠶᠢᠭ᠎ᠵᠢᠡᠷ  ᠭᠥᠯᠢᠶᠡᠨ ᠠᠪᠴᠤ᠌ ᠱᠢᠶ᠋ᠳᠪᠦᠷᠢᠯᠡᠨ᠂ ᠪᠦᠬᠦᠨ᠎ᠢ ᠵᠣᠬᠢᠴᠠᠭᠤᠯᠤᠨ ᠡᠶᠡᠳᠡᠬᠦᠯᠵᠦ᠂ ᠪᠥᠬᠥ᠌ ᠬᠡᠯᠬᠢᠶ᠎ᠡ᠎ᠪᠡᠷ ᠱᠢᠶ᠋ᠳᠪᠦᠷᠢᠯᠡᠬᠦ᠌》᠎ᠶ᠋ᠢ ᠠᠬᠢᠭᠤᠯᠪᠠ᠃ ᠡᠭᠦᠨ᠎ᠳᠦ᠂ ᠱᠢᠨ᠎ᠡ ᠬᠣᠲᠠ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠨᠡᠢᠲᠡ 6343 ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠨ᠂ 4758 ᠬᠡᠷᠡᠭ᠎ᠢ ᠨᠢ ᠱᠢᠶ᠋ᠳᠪᠦᠷᠢᠯᠡᠪᠡ; ᠰᠠᠢᠬᠠᠨ ᠲᠣᠭᠣᠷᠢᠭ ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ᠌ ᠱᠢᠰᠲ᠋ᠧᠮ᠎ᠢ ᠪᠠᠢᠭᠤᠯᠵᠤ᠂ ᠡᠨᠡ ᠵᠢᠯ ᠲᠤᠭᠤᠷᠢᠭ ᠤ᠋ᠨ ᠱᠠᠳᠤᠨ ᠤ᠋ ᠶᠡᠷᠦᠩᠬᠡᠢᠯᠡᠨ ᠵᠠᠰᠠᠬᠤ ᠲᠦᠪ 553 ᠬᠤᠪᠢ ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠪᠠᠯᠭᠠᠰᠤ ᠵᠡᠭᠡᠯᠢ᠎ᠶ᠋ᠢᠨ ᠱᠠᠳᠤᠨ ᠤ᠋ ᠶᠡᠷᠦᠩᠬᠡᠢᠯᠡᠨ ᠵᠠᠰᠠᠬᠤ ᠲᠦᠪ 575 ᠬᠤᠪᠢ ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠱᠢᠶ᠋ᠳᠪᠦᠷᠢᠯᠡᠬᠦ᠌ ᠨᠣᠷᠮ᠎ᠠ ᠢᠯᠡᠳᠲᠡ ᠳᠡᠭᠡᠭ᠌ᠰᠢᠯᠡᠪᠡ; ᠬᠣᠲᠣᠩ ᠠᠷᠠᠳ᠎ᠤᠨ ᠲᠣᠭᠣᠷᠢᠭ᠎ᠤᠨ ᠵᠠᠭᠤᠷᠠᠯᠳᠤᠭᠠᠨ᠎ᠢ ᠱᠢᠶ᠋ᠳᠪᠦᠷᠢᠯᠡᠭ᠌ᠰᠡᠨ ᠨᠣᠷᠮ᠎ᠠ 95.07%᠂ ᠲᠣᠭ᠍ᠲᠠᠬᠤ ᠱᠢᠶᠠᠨ᠎ᠤ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠭ᠌ᠰᠡᠨ ᠨᠣᠷᠮ᠎ᠠ 96%᠎ᠳ᠋ᠤ ᠬᠥᠷᠪᠡ᠃ ᠥᠨᠳᠥᠷ ᠪᠦᠲᠦᠮᠵᠢᠲᠡᠶ ᠱᠢᠶ᠋ᠳᠪᠦᠷᠢᠯᠡᠬᠦ᠌ ᠠᠵᠢᠯ ᠨᠢ ᠣᠯᠠᠨ ᠲᠦᠮᠡᠨ᠎ᠳᠦ 《ᠨᠢᠭᠡ ᠯᠡ ᠡᠭᠦᠳᠡ᠎ᠪᠡᠷ ᠣᠷᠣᠵᠤ᠂ ᠲᠦᠪᠡᠭᠳᠡᠢ ᠠᠰᠠᠭᠤᠳᠠᠯ ᠵᠢᠡᠨ ᠰᠢᠢᠳᠪᠦᠷᠢᠯᠡᠬᠦ》 ᠳᠥᠭᠥᠮ ᠳᠥᠲᠡ ᠪᠠ ᠬᠠᠢᠷ᠎ᠠ ᠬᠠᠯᠠᠮᠵᠢ᠎ᠶ᠋ᠢ ᠦᠨᠡᠨ ᠬᠦ᠌ ᠮᠡᠳᠡᠷᠡᠭᠦᠯᠪᠡ᠃

 《4 ᠵᠢᠯ ᠪᠣᠯᠴᠢᠬᠠᠯ᠎ᠠ᠂ ᠪᠢ ᠡᠨᠡ ᠴᠠᠯᠢᠩ᠎ᠢ ᠤᠯᠵᠦ ᠳᠡᠢᠯᠬᠦ᠌ ᠦᠭᠡᠢ ᠪᠤᠯᠤᠬᠰᠠᠨ ᠭᠡᠵᠦ᠍ ᠪᠤᠳᠤᠵᠦ ᠪᠠᠢᠵᠠᠢ》᠃ ᠬᠥᠯᠥᠰᠥᠨ ᠠᠵᠢᠯᠴᠢᠨ ᠵᠢᠶᠠ ᠠᠪᠤᠭᠠᠢ ᠮᠠᠯᠵᠢᠯ᠎ᠤᠨ ᠲᠠᠯᠠᠪᠠᠢ᠎ᠶ᠋ᠢᠨ ᠠᠵᠢᠯ᠎ᠢᠶᠠᠨ ᠬᠢᠵᠤ ᠳᠠᠭᠤᠰᠭᠠᠭ᠍ᠰᠠᠨ᠎ᠤ ᠳᠠᠷᠠᠭ᠎ᠠ᠂ ᠬᠥᠯᠥᠰᠥᠯᠡᠭ᠌ᠴᠢ ᠨᠢ ᠬᠠᠷᠢᠨ ᠴᠠᠯᠢᠩ ᠢ᠋ ᠨᠢ ᠪᠤᠳᠤᠵᠤ ᠦᠭᠭᠦ ᠦᠭᠡᠢ ᠬᠤᠢᠰᠢᠯᠠᠭᠤᠯᠪᠠ᠃ ᠬᠦᠳᠡᠯᠮᠦᠷᠢ ᠵᠢᠨ ᠭᠡᠷ᠎ᠡ ᠥᠬᠡᠶ᠂ ᠬᠦᠯᠦᠰᠦᠯᠡᠭᠴᠢ ᠨᠢ ᠰᠤᠷᠠᠭ ᠳᠠᠰᠤᠷᠠᠵᠦ᠂ ᠭᠠᠷ ᠨᠤᠬᠤᠯᠠᠨ ᠭᠠᠴᠢᠬᠳᠠᠬᠤ᠎ᠳᠠᠭᠠᠨ ᠲᠦᠮᠡᠳ ᠵᠡᠭᠦᠨ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ ᠢ᠋ ᠪᠤᠳᠤᠵᠤ ᠤᠯᠪᠠ᠃ ᠠᠵᠢᠯᠳᠠᠨ ᠤᠴᠢᠷ ᠶᠠᠪᠤᠳᠠᠯ᠎ᠤᠨ ᠡᠬᠢ ᠡᠭᠦᠰᠦᠯ ᠢ᠋ ᠨᠢ ᠰᠣᠨᠣᠰᠤᠭ᠍ᠰᠠᠨ᠎ᠤ ᠲᠠᠷᠠᠭ᠎ᠠ᠂ ᠬᠡᠷᠡᠭ᠎ᠢ ᠲᠠᠷᠤᠢᠬᠠᠨ  ᠬᠥᠳᠡᠯᠮᠦᠷᠢ᠎ᠶ᠋ᠢᠨ ᠬᠢᠨᠠᠨ ᠪᠠᠢᠴᠠᠭᠠᠯᠲᠠ᠎ᠶ᠋ᠢᠨ ᠰᠠᠯᠠᠭ᠎ᠠ ᠮᠥᠴᠢᠷ᠎ᠲᠦ ᠲᠤᠱᠢᠶᠠᠨ ᠱᠢᠢᠳᠪᠦᠷᠢᠯᠡᠭᠦᠯᠬᠦ᠌᠎ᠶ᠋ᠢᠨ ᠬᠠᠮᠲᠤ《ᠵᠥᠪᠳᠡᠯᠴᠡᠨ ᠱᠢᠢᠳᠪᠦᠷᠢᠯᠡᠬᠦ᠌》 ᠲᠣᠭ᠍ᠲᠠᠴᠠ᠎ᠶ᠋ᠢ ᠡᠬᠢᠯᠡᠭᠦᠯᠵᠦ᠍᠂ ᠵᠠᠬᠢᠳᠠᠯ ᠰᠤᠷᠪᠤᠯᠵᠢᠯᠠᠯ᠂ ᠲᠠᠷᠢᠶᠠᠯᠠᠩ ᠮᠠᠯ ᠠᠵᠤ ᠠᠬᠤᠢ᠂ ᠳᠣᠲᠣᠭᠠᠳᠤ᠎ᠶ᠋ᠢ ᠬᠠᠮᠠᠭᠠᠯᠠᠬᠤ᠂ ᠱᠢᠭᠦᠬᠦ᠌ ᠬᠣᠷᠢᠢ᠎ᠠ ᠵᠡᠷᠭᠡ ᠰᠠᠯᠠᠭ᠎ᠠ ᠮᠥᠴᠢᠷ᠎ᠢ ᠴᠤᠭ᠍ᠯᠠᠭᠤᠯᠤᠨ ᠤᠯᠠᠨ ᠲᠠᠯ᠎ᠠ᠎ᠶ᠋ᠢᠨ ᠵᠣᠬᠢᠴᠠᠭᠤᠯᠭ᠎ᠠ ᠬᠢᠪᠡ᠃

《ᠬᠤᠷᠠᠯ ᠳᠡᠭᠡᠷ᠎ᠡ᠂ ᠡᠯ᠎ᠡ ᠰᠠᠯᠠᠭ᠎ᠠ ᠮᠥᠴᠢᠷ ᠲᠥᠷᠥ᠎ᠶ᠋ᠢᠨ ᠪᠣᠳᠣᠯᠭ᠎ᠠ ᠵᠢ ᠲᠠᠢᠯᠪᠤᠷᠢᠯᠠᠵᠤ᠂ ᠪᠣᠳᠠᠲᠤ ᠶᠠᠪᠤᠳᠠᠯ᠎ᠢ ᠳᠡᠯᠭᠡᠵᠦ᠍ ᠂ ᠨᠥᠭᠥᠭᠡ ᠡᠲᠡᠭᠡᠳ᠎ᠡᠴᠡ ᠨᠢᠭᠡ ᠭᠠᠷᠠᠭ᠎ᠤᠨ ᠳᠣᠲᠣᠷ᠎ᠠ ᠪᠢᠳᠡᠨ᠎ᠦ ᠴᠠᠯᠢᠩ᠎ᠢ ᠪᠤᠳᠤᠵᠤ ᠥᠭ᠌ᠭᠦᠨ᠎ᠡ ᠭᠡᠵᠦ᠍ ᠠᠮᠠᠯᠠᠵᠠᠶ》 ᠬᠡᠵᠦ ᠵᠢᠶᠠ ᠠᠪᠤᠭᠠᠢ ᠪᠠᠶᠠᠷᠳᠠᠢᠬᠠᠨ ᠬᠡᠯᠡᠨ᠎ᠠ᠃ ᠬᠡᠳᠦᠨ ᠡᠳᠦᠷ ᠤ᠋ᠨ ᠲᠠᠷᠠᠭ᠎ᠠ᠂ 8 ᠲᠦᠮᠡᠨ ᠲᠥᠭᠥᠷᠢᠭ᠎ᠦᠨ ᠴᠠᠯᠢᠩ ᠵᠢᠡᠨ ᠤᠯᠵᠤ ᠠᠪᠤᠭᠠᠳ᠂ ᠵᠢᠶᠠ ᠠᠪᠤᠭᠠᠢ ᠲᠤᠰᠭᠠᠢᠯᠠᠨ ᠡᠶᠡᠳᠡᠭᠦᠯᠦᠭ᠌ᠴᠢ᠎ᠳᠦ ᠤᠬᠤᠷ ᠴᠢᠮᠡᠭᠡ ᠶᠠᠪᠤᠭᠤᠯᠵᠤ ᠲᠠᠯᠠᠷᠬᠠᠯ ᠵᠢᠡᠨ ᠢᠯᠡᠳᠭᠡᠵᠡᠢ᠃

 ᠣᠢᠷ᠎ᠠ᠎ᠶ᠋ᠢᠨ ᠵᠢᠯ᠎ᠳᠦ᠂ ᠬᠥᠬᠡᠬᠣᠲᠠ ᠦᠨᠳᠦᠰᠦᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠢ ᠪᠠᠢᠭᠤᠯᠤᠨ ᠬᠦᠴᠦᠷᠬᠡᠭ᠌ᠵᠢᠭᠦᠯᠬᠦ᠌᠎ᠪᠡᠷ ᠳᠠᠮᠵᠢᠨ᠂ 《ᠪᠢᠴᠢᠯ ᠵᠠᠰᠠᠯᠲᠠ》 ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ 《ᠪᠠᠭ᠎ᠠ ᠶᠠᠪᠤᠳᠠᠯ᠎ᠢ ᠲᠣᠰᠭᠣᠨ᠎ᠠᠴᠠ᠎ᠪᠠᠨ ᠭᠠᠷᠭᠠᠬᠤ ᠥᠬᠡᠶ᠂ ᠶᠡᠬᠡ ᠶᠠᠪᠤᠳᠠᠯ᠎ᠢ ᠪᠠᠯᠭᠠᠰᠤ᠎ᠠᠴᠠ᠎ᠪᠠᠨ ᠭᠠᠷᠭᠠᠬᠤ ᠥᠬᠡᠶ᠂ ᠵᠥᠷᠢᠴᠡᠯ᠎ᠢ ᠳᠡᠭᠡᠭ᠌ᠰᠢ ᠲᠤᠱᠢᠶᠠᠬᠤ ᠥᠬᠡᠶ》 ᠪᠠᠢᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃ ᠡᠭᠦᠨ᠎ᠳᠦ᠂ ᠬᠣᠲᠣᠩ ᠠᠷᠠᠳ᠎ᠤᠨ ᠲᠣᠭᠣᠷᠢᠭ᠎ᠲᠤ ᠭᠤᠷᠪᠠᠨ ᠳᠡᠰ᠎ᠤᠨ ᠶᠡᠷᠦᠩᠬᠡᠢᠯᠡᠨ ᠵᠠᠰᠠᠬᠤ ᠠᠵᠢᠯ᠎ᠤᠨ ᠱᠢᠰᠲ᠋ᠧᠮ᠎ᠢ ᠪᠠᠢᠭᠤᠯᠵᠤ᠂ ᠨᠡᠢᠭᠡᠮ ᠲᠣᠭᠣᠷᠢᠭ᠎ᠤᠨ ᠳᠠᠪᠬᠤᠷᠭ᠎ᠠ᠎ᠳᠤ 《ᠲᠡᠮᠦᠷ ᠭᠤᠷᠪᠠᠯᠵᠢᠨ》ᠤ᠋ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠪᠠ; ᠱᠢᠨ᠎ᠡ ᠬᠣᠲᠠ ᠲᠣᠭᠣᠷᠢᠭ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠨᠳᠦᠰᠦᠨ ᠱᠠᠲᠤ ᠲᠡᠢᠰᠢ ᠤᠷᠲᠤᠳᠭᠠᠬᠤ᠎ᠶ᠋ᠢ ᠠᠬᠢᠭᠤᠯᠪᠠ; ᠰᠠᠢᠬᠠᠨ ᠲᠣᠭᠣᠷᠢᠭ 229 ᠲᠣᠰᠭᠣᠨ (ᠨᠡᠢᠭᠡᠮ ᠲᠣᠭᠣᠷᠢᠭ) ᠤ᠋ ᠪᠠᠷᠢᠮᠵᠢᠶᠠᠵᠢᠭᠰᠠᠨ ᠶᠡᠷᠦᠩᠬᠡᠢᠯᠡᠨ ᠵᠠᠰᠠᠬᠤ ᠵᠢᠭ᠍ᠰᠠᠭᠠᠯ ᠎ᠤᠨ ᠭᠠᠵᠠᠷ ᠎ᠤᠨ ᠪᠠᠢᠭᠤᠯᠤᠯᠳᠠ ᠶ᠋ᠢ ᠪᠡᠶᠡᠯᠡᠭᠦᠯᠵᠦ᠍᠂ 7394 ᠠᠰᠠᠷ᠎ᠤᠨ ᠳᠠᠷᠤᠭ᠎ᠠ᠎ᠶ᠋ᠢ ᠰᠣᠩᠭᠣᠨ ᠭᠠᠷᠭᠠᠪᠠ᠃ ᠡᠭᠦᠨ᠎ᠦ ᠬᠠᠮᠲᠤ ᠂ ᠡᠯ᠎ᠡ ᠬᠣᠱᠢᠭᠤ ᠱᠢᠶᠠᠨ ᠲᠣᠭᠣᠷᠢᠭ᠎ᠤᠨ᠎ᠬᠢᠨ ᠪᠠᠰᠠ ᠤᠯᠤᠰ ᠲᠥᠷᠥ᠍ ᠬᠠᠤᠯᠢ ᠴᠠᠭᠠᠵᠠ᠎ᠶ᠋ᠢᠨ ᠭᠡᠱᠢᠭᠦᠨ᠎ᠦ ᠡᠭᠦᠷᠭᠡ ᠬᠠᠷᠢᠭᠤᠴᠠᠯᠭ᠎ᠠ ᠎ᠶ᠋ᠢ ᠲᠣᠳᠣᠷᠬᠠᠢᠯᠠᠬᠤ᠂ ᠲᠠᠯᠠᠪᠤᠷ ᠭᠠᠵᠠᠷ ᠎ᠤᠨ ᠴᠢᠳᠠᠮᠵᠢ᠎ᠶ᠋ᠢ ᠵᠢᠷᠤᠮᠵᠢᠭᠤᠯᠬᠤ᠂ ᠲᠤᠤᠷᠵᠢᠯ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠲᠤᠤᠷᠵᠢᠯ᠎ᠤᠨ ᠠᠵᠢᠯᠲᠠᠨ᠎ᠤ ᠪᠠᠲᠤᠯᠠᠭ᠎ᠠ᠎ᠶ᠋ᠢ ᠴᠢᠩᠭᠠᠳᠭᠠᠬᠤ ᠵᠡᠷᠭᠡ ᠠᠷᠭ᠎ᠠ ᠬᠡᠮᠵᠢᠶ᠎ᠡ ᠎ᠪᠡᠷ ᠦᠨᠳᠦᠰᠦᠨ ᠱᠠᠲᠤᠨ᠎ᠤ ᠰᠠᠭᠤᠷᠢ᠎ᠶ᠋ᠢ ᠪᠥᠬᠥ᠌ ᠬᠦᠴᠦᠨ᠎ᠢᠶᠡᠷ᠎ᠢᠶᠡᠨ ᠪᠡᠬᠢᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠢ ᠵᠦᠷᠢᠴᠡᠯ ᠵᠠᠭᠤᠷᠠᠯᠳᠤᠭᠠᠨ ᠢ᠋ ᠰᠢᠢᠳᠪᠤᠷᠢᠯᠡᠨ ᠨᠠᠮᠳᠠᠭᠤᠯᠬᠤ 《ᠡᠮᠦᠨ᠎ᠡ ᠵᠠᠬ᠎ᠠ ᠎ᠶ᠋ᠢᠨ ᠬᠠᠷᠠᠭᠤᠯ᠎ᠤᠨ ᠭᠠᠵᠠᠷ》  ᠪᠤᠯᠭᠠᠨ  ᠴᠤᠬᠴᠠᠯᠠᠪᠠ᠃

ᠠᠵᠤ ᠠᠬᠤᠢᠯᠠᠯ᠎ᠤᠨ ᠤᠳᠠᠭᠠᠨ ᠵᠢᠯ᠎ᠦᠨ ᠥᠷᠢ ᠱᠢᠷᠢ᠎ᠶ᠋ᠢ ᠱᠢᠢᠳᠪᠦᠷᠢᠯᠡᠬᠦ᠌᠎ᠡᠴᠡ ᠭᠡᠷ ᠪᠦᠯᠢ᠎ᠶ᠋ᠢᠨ ᠵᠦᠷᠢᠴᠡᠯ ᠵᠠᠭᠤᠷᠠᠯᠳᠤᠭᠠᠨ ᠎ᠢ ᠱᠢᠢᠳᠪᠦᠷᠢᠯᠡᠬᠦ᠌ ᠬᠦᠷᠲᠡᠯ᠎ᠡ᠂ ᠬᠥᠯᠥᠰᠥᠨ ᠠᠵᠢᠯᠴᠢᠨ᠎ᠤ ᠴᠠᠯᠢᠡᠭ ᠢ᠋ ᠪᠠᠳᠤᠯᠠᠬᠤ᠎ᠠᠴᠠ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠬᠦᠷᠲᠡᠯ᠎ᠡ᠂ ᠬᠥᠬᠡᠬᠣᠲᠠ᠎ᠶ᠋ᠢᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠶᠠᠭ ᠵᠢᠷᠤᠮᠵᠢᠭᠤᠯᠬᠤ ᠪᠠᠢᠭᠤᠯᠤᠯᠲᠠ᠂ ᠪᠣᠳᠠᠲᠤ ᠴᠣᠭ᠍ᠴᠠ᠎ᠶ᠋ᠢᠨ ᠠᠵᠢᠯᠯᠠᠭᠠᠨ᠎ᠢᠶᠠᠷ ᠳᠠᠮᠵᠢᠨ ᠥᠨᠳᠥᠷ ᠪᠦᠲᠦᠮᠵᠢᠲᠡᠢ ᠦᠢᠯᠡᠴᠢᠯᠡᠭᠡ᠎ᠬᠠᠩᠭᠠᠵᠦ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠳᠦᠷᠰᠦ ᠪᠠᠢᠳᠠᠯ᠎ᠢ ᠬᠤᠪᠢᠷᠠᠭᠤᠯᠵᠤ ᠪᠠᠢᠨ᠎ᠠ᠃ 《ᠶᠡᠷᠦᠩᠬᠡᠢᠯᠡᠨ ᠵᠠᠰᠠᠬᠤ ᠲᠥᠪ᠎ᠨᠢ ᠵᠦᠪᠬᠡᠨ ᠨᠢᠭᠡ ᠫᠠᠢᠰᠠ ᠡᠯᠭᠦᠬᠰᠡᠨ ᠶᠠᠪᠤᠳᠠᠯ ᠪᠢᠰᠢ᠂ ᠬᠠᠷᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌᠂ ᠲᠣᠭ᠍ᠲᠠᠴᠠ᠎ᠵᠢᠨ ᠱᠢᠨ᠎ᠡ᠎ᠶ᠋ᠢ ᠡᠭᠦᠳᠬᠦ᠌᠂ ᠴᠤᠪᠤᠷᠠᠯ᠎ᠢ ᠰᠢᠯᠢᠳᠡᠭᠵᠢᠬᠦᠯᠬᠦ ᠪᠡᠷ ᠳᠠᠮᠵᠢᠨ᠂ ᠦᠨᠳᠦᠰᠦᠨ ᠱᠠᠲᠤᠨ᠎ᠤ ᠵᠠᠰᠠᠯᠲᠠ᠎ᠶ᠋ᠢ ᠱᠢᠰᠲ᠋ᠧᠮ ᠲᠠᠢ ᠲᠤᠳᠤᠨᠤ ᠦᠶ᠋ᠯᠡᠴᠢᠯᠡᠭᠡ᠎ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠵᠦ ᠪᠠᠢᠨ᠎ᠠ》ᠭᠡᠵᠦ ᠬᠥᠬᠡᠬᠣᠲᠠ᠎ᠶ᠋ᠢᠨ ᠨᠡᠢᠭᠡᠮ᠎ᠦᠨ ᠠᠮᠤᠷ ᠎ᠢ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃

 ᠶᠡᠷᠦᠩᠬᠡᠢᠯᠡᠨ ᠵᠠᠰᠠᠬᠤ ᠲᠥᠪ ᠨᠢ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠲᠠᠪᠴᠠᠩ ᠪᠣᠯᠬᠤ᠎ᠪᠠᠷ ᠪᠠᠷᠠᠬᠤ ᠦᠭᠡᠢ ᠨᠡᠩ ᠴᠤ᠌ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠨᠡᠢᠭᠡᠮ ᠤ᠋ᠨ ᠬᠠᠯᠠᠭᠤᠨ ᠳᠤᠯᠠᠭᠠᠨ ᠎ᠢ ᠳᠠᠮᠵᠢᠭᠤᠯᠬᠤ ᠬᠣᠯᠪᠣᠭᠠᠰᠤ ᠪᠣᠯᠬᠤ ᠶᠤᠮ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ᠎ᠶ᠋ᠢᠨ ᠭᠦᠨᠵᠡᠭᠡᠶ ᠠᠭᠢᠬᠤ᠎ᠶ᠋ᠢ ᠳᠠᠭᠠᠯᠳᠤᠨ᠂ ᠬᠥᠬᠡᠬᠣᠲᠠ ᠦᠷᠭᠦᠯᠵᠢᠯᠡᠨ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ ᠬᠢᠭᠡᠳ ᠦᠨᠳᠦᠰᠦᠨ ᠱᠠᠲᠤᠨ᠎ᠤ ᠵᠠᠰᠠᠯᠲᠠ ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂《ᠵᠥᠷᠢᠴᠡᠯ᠎ᠵᠠᠭᠤᠷᠠᠯᠳᠤᠭᠠᠨ ᠲᠠᠢ ᠪᠤᠯ ᠶᠡᠷᠦᠡᠭᠭᠡᠢᠯᠡᠨ ᠵᠠᠰᠠᠬᠤ ᠲᠦᠪ ᠢ᠋ ᠡᠷᠢᠬᠦ᠌》 ᠎ᠶ᠋ᠢ ᠣᠯᠠᠨ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠭᠠᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ  ᠤᠷᠤᠨ ᠤ᠋ ᠲᠥᠪ᠂ ᠬᠠᠤᠯᠢ ᠪᠡᠷ ᠵᠠᠰᠠᠬᠤ ᠤᠷᠤᠨ ᠤ᠋ ᠲᠥᠪ  ᠢ᠋ ᠪᠦᠳᠦᠭᠡᠨ ᠪᠠᠢᠭᠤᠯᠬᠤ ᠰᠠᠭᠤᠷᠢ᠎ᠶ᠋ᠢ ᠪᠡᠬᠢᠵᠢᠭᠦᠯᠵᠦ᠍᠂ ᠠᠷᠠᠳ ᠣᠯᠠᠨ ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭᠳᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号