《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠵᠢᠭᠦᠷᠲᠡᠨ ᠢ᠋ ᠨᠢᠲᠤᠯᠬᠤ ᠬᠠᠮᠢᠶᠠᠷᠤᠯᠲᠠ᠎ᠶ᠋ᠢᠨ ᠳᠦᠷᠢᠮ》 ᠢ᠋ 12 ᠰᠠᠷ᠎ᠠ ᠎ᠶ᠋ᠢᠨ 1 ᠎ᠤ᠋ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ
2025-12-01 16:07:04
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠯᠤᠰ ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠪᠠ ᠨᠢᠲᠤᠯᠬᠤ ᠬᠡᠪᠴᠢᠢ᠎ᠡ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠮᠠᠯ ᠵᠢᠭᠦᠷᠲᠡᠨ᠎ᠦ ᠠᠰᠢᠭ ᠰᠢᠮ᠎ᠠ ᠵᠢᠨ ᠶᠠᠰᠤ ᠴᠢᠨᠠᠷ᠎ᠤᠨ ᠠᠮᠤᠷ ᠲᠦᠪᠱᠢᠨ ᠨᠢ ᠤᠯᠠᠨ ᠲᠦᠮᠡᠨ᠎ᠦ ᠡᠷᠡᠭᠦᠯ ᠮᠡᠨᠳᠦ ᠪᠠ ᠠᠵᠤ ᠦᠢᠯᠡᠰ᠎ᠦᠨ ᠬᠥᠭ᠌ᠵᠢᠯᠲᠡ᠎ᠲᠡᠶ ᠱᠢᠭᠤᠳ ᠬᠣᠯᠪᠣᠭ᠍ᠳᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠳᠤᠭᠠᠷ ᠬᠤᠷᠠᠯ᠎ᠠᠴᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠮᠠᠯ ᠵᠢᠭᠦᠷᠲᠡᠨ ᠢ᠋ ᠨᠢᠲᠤᠯᠬᠤ ᠬᠠᠮᠢᠶᠠᠷᠤᠯᠲᠠ᠎ᠶ᠋ᠢᠨ ᠲᠦᠷᠢᠮ》  (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ)  ᠢ᠋ ᠪᠠᠲᠤᠯᠠᠵᠤ᠂ 12 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠵᠦ᠍᠂ ᠮᠠᠯ ᠵᠢᠭᠦᠷᠲᠡᠨ᠎ᠦ ᠠᠱᠢᠭ ᠱᠢᠮ᠎ᠡ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠳ᠋ᠤ ᠲᠦᠷᠢᠮ ᠤ᠋ᠨ ᠲᠤᠯᠭᠠᠭᠤᠷᠢᠯᠠᠯ ᠬᠠᠡᠭᠭᠠᠪᠠ᠃

《ᠲᠦᠷᠢᠮ》 ᠨᠢ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠮᠠᠯ ᠵᠢᠭᠦᠷᠲᠡᠨ ᠎ᠢ ᠨᠢᠲᠤᠯᠬᠤ᠎ᠶ᠋ᠢ ᠬᠢᠨᠠᠨ ᠬᠠᠮᠢᠶᠠᠷᠬᠤ ᠦᠨᠳᠦᠰᠦᠯᠡᠯ ᠬᠦᠷᠦᠯᠴᠡᠬᠦ᠌ ᠥᠬᠡᠶ ᠪᠠᠢᠬᠤ ᠠᠰᠠᠭᠤᠳᠠᠯ ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠮᠦᠨ᠎ᠦ ᠬᠦᠴᠦ᠍᠎ᠪᠡᠷ  ᠲᠡᠵᠢᠭᠡᠭᠰᠡᠨ  ᠦᠬᠡᠷ᠂ ᠬᠣᠨᠢ᠂ ᠢᠮᠠᠭ᠎ᠠ ᠂ ᠲᠡᠬᠢᠶ᠎ᠠ ᠂ ᠭᠠᠯᠠᠭᠤ ᠵᠡᠷᠭᠡ ᠬᠡᠷ᠎ᠦᠨ ᠲᠡᠵᠢᠭᠡᠪᠦᠷᠢ ᠵᠢᠭᠦᠷᠲᠡᠨ ᠵᠢᠴᠢ ᠨᠢᠲᠤᠯᠤᠭ᠍ᠰᠠᠨ᠎ᠤ ᠳᠠᠷᠠᠭᠠᠬᠢ  ᠪᠤᠯᠪᠠᠰᠤᠷᠠᠭᠤᠯᠤᠬᠰᠠᠨ ᠦᠭᠡᠢ ᠪᠦᠳᠦᠭᠡᠭᠳᠡᠬᠦᠨ᠎ᠢ ᠪᠦᠬᠦᠨ᠎ᠢ ᠬᠢᠨᠠᠨ ᠬᠠᠮᠢᠶᠠᠷᠬᠤ ᠬᠡᠪᠴᠢᠶᠡᠨ᠎ᠳᠦ ᠣᠷᠣᠭᠤᠯᠪᠡ᠃ 

ᠬᠠᠮᠢᠶᠠᠷᠤᠯᠲᠠ᠎ᠶ᠋ᠢᠨ ᠵᠠᠷᠴᠢᠮ ᠤ᠋ᠨ ᠲᠠᠯ᠎ᠠ᠎ᠪᠠᠷ᠂ 《ᠨᠢᠭᠡᠳᠦᠯᠲᠡᠶ ᠲᠥᠯᠥᠪᠵᠢᠭᠦᠯᠬᠦ᠌᠂ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠬᠤ᠂ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠂ ᠪᠥᠬᠥ᠌ ᠶᠠᠪᠤᠴᠠ᠎ᠪᠠᠷ ᠬᠢᠨᠠᠨ ᠬᠠᠮᠢᠶᠠᠷᠬᠤ》 ᠭᠤᠤᠯ ᠱᠠᠭᠠᠷᠳᠠᠯᠭ᠎ᠠ᠎ᠶ᠋ᠢ ᠲᠣᠭ᠍ᠲᠠᠭᠠᠵᠤ᠂ ᠮᠠᠯ ᠵᠢᠭᠦᠷᠲᠡᠨ᠎ᠢ ᠲᠣᠭ᠍ᠲᠠᠮᠠᠯ ᠭᠠᠵᠠᠷ ᠲᠸ᠋ ᠨᠢᠲᠤᠯᠬᠤ᠂ ᠲᠥᠪᠯᠡᠷᠡᠭᠦᠯᠦᠨ ᠬᠢᠵᠢᠭ ᠪᠠᠢᠴᠠᠭᠠᠬᠤ ᠳᠦᠷᠢᠮ᠎ᠢ ᠬᠡᠷᠡᠭ᠌ᠵᠢᠭᠦᠯᠬᠦ᠌ ᠎ᠶ᠋ᠢ ᠲᠣᠳᠣᠷᠬᠠᠢᠯᠠᠨ᠂ ᠮᠠᠯᠵᠢᠬᠤ ᠲᠠᠷᠢᠶᠠᠯᠠᠬᠤ ᠣᠷᠣᠨ᠎ᠤ ᠬᠤᠪᠢ ᠬᠥᠮᠦᠨ᠎ᠦ ᠥᠪᠡᠰᠦᠪᠡᠨ ᠨᠢᠳᠤᠯᠵᠤ ᠥᠪᠡᠰᠦᠪᠡᠨ ᠢᠳᠡᠬᠦ᠌᠎ᠶ᠋ᠢ ᠭᠠᠷᠭᠠᠪᠠᠯ᠂ ᠲᠣᠭ᠍ᠲᠠᠮᠠᠯ ᠭᠠᠵᠠᠷ ᠪᠢᠰᠢ ᠪᠣᠯ ᠨᠢᠲᠤᠯᠵᠤ ᠪᠣᠯᠬᠤ ᠥᠬᠡᠶ; ᠬᠢᠯᠢ ᠬᠢᠵᠠᠭᠠᠷ ᠤᠷᠤᠨ ᠪᠠ  ᠵᠠᠮ ᠬᠠᠷᠢᠯᠴᠠᠭ᠎ᠠ ᠳᠥᠭᠥᠮ ᠦᠭᠡᠢ ᠭᠠᠵᠠᠷ  ᠣᠷᠣᠨ᠎ᠳᠦ ᠴᠢᠭ᠌ᠯᠡᠭᠦᠯᠦᠨ᠂ ᠵᠥᠪᠬᠡᠨ ᠲᠤᠰ ᠭᠠᠵᠠᠷ᠎ᠤᠨ ᠬᠠᠩᠭᠠᠯᠭ᠎ᠠ᠎ᠵᠢ ᠪᠠᠳᠤᠯᠠᠬᠤ ᠪᠠᠭ᠎ᠠ ᠬᠡᠯᠪᠡᠷᠢ᠎ᠶ᠋ᠢᠨ ᠨᠢᠲᠤᠯᠬᠤ ᠲᠠᠯᠠᠪᠤᠷ ᠪᠠᠢᠭᠤᠯᠬᠤ᠎ᠶ᠋ᠢ ᠵᠥᠪᠱᠢᠶᠡᠷᠡᠵᠦ᠍᠂ ᠬᠢᠨᠠᠯᠲᠠ ᠬᠠᠮᠢᠶᠠᠷᠤᠯᠲᠠ᠎ᠶ᠋ᠢᠨ ᠴᠢᠩᠭ᠎ᠠ ᠴᠢᠨᠠᠷ ᠪᠠ ᠣᠯᠠᠨ ᠲᠦᠮᠡᠨ᠎ᠳᠦ ᠳᠥᠭᠥᠮ ᠦᠵᠡᠭᠦᠯᠬᠦ ᠵᠢ ᠬᠠᠮᠲᠤ᠎ᠳᠤᠨᠢ ᠬᠠᠷᠠᠭᠠᠯᠵᠠᠪᠡ᠃

《ᠲᠦᠷᠢᠮ》 ᠎ᠳ᠋ᠦ᠍ ᠵᠠᠰᠠᠭ᠎ᠤᠨ ᠣᠷᠳᠣᠨ ᠵᠢᠴᠢ ᠡᠯ᠎ᠠ ᠰᠠᠯᠠᠭ᠎ᠠ ᠮᠥᠴᠢᠷ᠎ᠦᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠵᠠᠰᠠᠭ᠎ᠤᠨ ᠣᠷᠳᠣᠨ᠎ᠠᠴᠠ ᠬᠢᠵᠢᠭ ᠪᠠᠢᠴᠠᠭᠠᠬᠤ ᠪᠠ ᠬᠢᠨᠠᠨ ᠬᠠᠮᠢᠶᠠᠷᠬᠤ ᠵᠠᠷᠤᠳᠠᠯ᠎ᠢ ᠡᠳ᠋᠎ᠦᠨ ᠵᠠᠰᠠᠭ᠎ᠤᠨ ᠲᠥᠰᠦᠪ᠎ᠲᠦ ᠣᠷᠣᠭᠤᠯᠵᠤ᠂ ᠶᠠᠰᠤ ᠴᠢᠨᠠᠷ᠎ᠤᠨ ᠠᠮᠤᠷ ᠲᠦᠪᠱᠢᠨ᠎ᠦ ᠮᠥᠷᠳᠡᠬᠦ ᠱᠢᠰᠲ᠋ᠧᠮ ᠤ᠋ᠨ ᠪᠠᠢᠭᠤᠯᠤᠯᠲᠠ ᠎ᠶ᠋ᠢ ᠠᠬᠢᠭᠤᠯᠤᠨ᠂ ᠰᠤᠮᠤ ᠱᠢᠶᠠᠩ ᠪᠠᠯᠭᠠᠰᠤ᠂ ᠵᠡᠭᠡᠯᠢ ᠭᠤᠳᠤᠮᠵᠢ᠎ᠶ᠋ᠢᠨ ᠠᠯᠪᠠᠨ ᠬᠡᠷ᠎ᠨᠢ ᠤᠬᠠᠭᠤᠯᠭ᠎ᠠ ᠬᠦᠮᠦᠵᠢᠯ ᠤ᠋ᠨ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠂ ᠳᠣᠲᠣᠭᠠᠳᠤ ᠎ᠶ᠋ᠢ ᠬᠠᠮᠠᠭᠠᠯᠠᠬᠤ ᠵᠡᠷᠭᠡ ᠣᠯᠠᠨ ᠰᠠᠯᠠᠭ᠎ᠠ ᠮᠥᠴᠢᠷ ᠎ᠦᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠵᠢᠯᠴᠠᠨ ᠠᠵᠢᠯᠯᠠᠵᠤ᠂ 《ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ᠍ ᠂ ᠣᠯᠠᠨ ᠲᠠᠯ᠎ᠠ᠎ᠪᠠᠷ ᠬᠠᠮᠵᠢᠯᠴᠠᠭ᠍ᠰᠠᠨ》  ᠬᠢᠨᠠᠯᠲᠠ ᠬᠠᠮᠢᠶᠠᠷᠤᠯᠲᠠ᠎ᠶ᠋ᠢᠨ ᠪᠠᠢᠷᠢᠱᠢᠯ᠎ᠢ ᠪᠣᠶ ᠪᠣᠯᠭᠠᠬᠤ ᠬᠡᠷᠡᠭ᠌ᠲᠡᠶ ᠭᠡᠵᠦ᠍ ᠲᠣᠳᠣᠷᠬᠠᠢᠯᠠᠪᠠ᠃

ᠨᠢᠲᠤᠯᠬᠤ ᠭᠤᠤᠯ ᠴᠣᠭ᠍ᠴᠠ᠎ᠶ᠋ᠢ ᠵᠥᠪᠱᠢᠶᠡᠷᠡᠨ ᠣᠷᠣᠭᠤᠯᠬᠤ ᠲᠠᠯ᠎ᠠ᠎ᠪᠠᠷ᠂ 《ᠲᠦᠷᠢᠮ》 ᠎ᠳ᠋ᠤ ᠮᠠᠯ ᠵᠢᠭᠦᠷᠲᠡᠨ᠎ᠢ ᠲᠣᠭ᠍ᠲᠠᠮᠠᠯ ᠭᠠᠵᠠᠷ ᠨᠢᠲᠤᠯᠬᠤ ᠦᠶ᠋ᠯᠡᠳᠪᠦᠷᠢ (ᠲᠠᠯᠠᠪᠠᠶ) ᠬᠢᠭᠡᠳ ᠪᠠᠭ᠎ᠠ ᠬᠡᠯᠪᠡᠷᠢ᠎ᠶ᠋ᠢᠨ ᠨᠢᠲᠤᠯᠬᠤ ᠲᠠᠯᠠᠪᠠᠶ ᠭᠠᠵᠠᠷ ᠪᠠᠢᠭᠤᠯᠬᠤ ᠨᠥᠬᠥᠴᠡᠯ᠎ᠢ ᠲᠣᠰ ᠲᠣᠰ ᠲᠣᠳᠣᠷᠬᠠᠢᠯᠠᠵᠤ᠂ ᠰᠠᠭᠤᠷᠢ ᠲᠦᠭᠦᠭᠡᠷᠦᠮᠵᠢ᠂ ᠠᠵᠢᠯᠲᠠᠨ᠎ᠤ ᠬᠢᠷᠢ ᠬᠡᠮ᠂ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠲᠠᠯ᠎ᠠ᠎ᠠᠴᠠ《ᠬᠠᠲᠠᠭᠤ ᠪᠠᠷᠢᠮᠵᠢᠶ᠎ᠠ》 ᠲᠣᠭ᠍ᠲᠠᠭᠠᠵᠠᠢ᠃ ᠡᠭᠦᠨ᠎ᠳᠦ᠂ ᠲᠣᠭ᠍ᠲᠠᠮᠠᠯ ᠭᠠᠵᠠᠷ᠎ᠲᠤ ᠨᠢᠲᠤᠯᠬᠤ ᠦᠶ᠋ᠯᠡᠳᠪᠦᠷᠢ (ᠲᠠᠯᠠᠪᠠᠶ) ᠎ᠨᠢ ᠪᠠᠷᠢᠮᠵᠢᠶ᠎ᠠ᠎ᠳᠤ ᠨᠡᠢᠴᠡᠭ᠌ᠰᠡᠨ ᠨᠢᠲᠤᠯᠬᠤ᠎ᠪᠠᠷ ᠪᠡᠯᠡᠳᠭᠡᠭᠦ  ᠲᠠᠰᠤᠭ᠂ ᠱᠢᠯᠭᠠᠨ ᠪᠠᠢᠴᠠᠭᠠᠬᠤ ᠲᠠᠰᠤᠭ᠂ ᠬᠦᠶ᠋ᠲᠡᠨ ᠬᠡᠯᠬᠢᠶᠡᠲᠦ ᠵᠢᠴᠢ ᠬᠤᠤᠷ ᠥᠬᠡᠢᠵᠢᠬᠦᠯᠦᠨ ᠱᠢᠶ᠋ᠳᠪᠦᠷᠢᠯᠡᠬᠦ᠌ ᠲᠦᠬᠦᠭᠡᠷᠦᠮᠵᠢ ᠳᠣᠭᠢᠷᠠᠭᠤᠯᠬᠤ ᠬᠡᠷᠡᠭᠳᠡᠢ; ᠨᠢᠲᠤᠯᠬᠤ ᠮᠡᠷᠭᠡᠵᠢᠯ᠎ᠦᠨ ᠠᠵᠢᠯᠲᠠᠨ᠂ ᠮᠠᠯ ᠡᠮᠨᠡᠯᠭᠡ᠎ᠶ᠋ᠢᠨ ᠡᠷᠡᠭᠦᠯ ᠬᠠᠮᠠᠭᠠᠯᠠᠯ᠎ᠤᠨ ᠱᠢᠯᠭᠠᠨ ᠪᠠᠢᠴᠠᠭᠠᠬᠤ ᠠᠵᠢᠯᠲᠠᠨ᠎ᠨᠢ ᠡᠷᠡᠭᠦᠯ ᠮᠡᠨᠳᠦ᠍᠎ᠶ᠋ᠢᠨ ᠭᠡᠷᠡᠴᠢ ᠪᠤᠶᠤ ᠱᠢᠯᠭᠠᠨ ᠬᠢᠨᠠᠯᠲᠠ᠎ᠳᠤ ᠬᠢᠷᠢ ᠲᠡᠩᠴᠡᠭ᠌ᠰᠡᠨ ᠪᠠᠢᠬᠤ ᠬᠡᠷᠡᠭ᠌ᠲᠡᠶ; ᠪᠠᠭ᠎ᠠ ᠬᠡᠯᠪᠡᠷᠢ᠎ᠶ᠋ᠢᠨ ᠨᠢᠲᠤᠯᠬᠤ ᠲᠠᠯᠠᠪᠤᠷ᠎ᠨᠢ ᠴᠦ᠍ ᠬᠢᠵᠢᠭ᠎ᠢ ᠰᠡᠷᠭᠡᠢᠯᠡᠬᠦ᠌᠂ ᠬᠥᠮᠦᠰ᠎ᠦᠨ ᠬᠢᠷᠢ ᠬᠡᠮ ᠵᠢᠴᠢ ᠡᠪᠡᠳᠴᠢᠨ ᠎ᠦ ᠬᠤᠤᠷ ᠬᠥᠨᠥᠭᠡᠯ᠎ᠲᠡᠶ ᠦᠶ᠋ᠯᠡᠳᠬᠦᠨ ᠎ᠢ ᠬᠤᠤᠷ ᠥᠬᠡᠢᠵᠢᠬᠦᠯᠦᠨ ᠱᠢᠶ᠋ᠳᠪᠦᠷᠢᠯᠡᠬᠦ᠌ ᠦᠨᠳᠦᠰᠦᠨ ᠱᠠᠭᠠᠷᠳᠠᠯᠭ᠎ᠠ᠎ᠶ᠋ᠢ ᠬᠠᠩᠭᠠᠬᠤ ᠬᠡᠷᠡᠭᠳᠡᠢ ᠭᠡᠵᠦ ᠲᠤᠬᠳᠠᠭᠠᠪᠠ᠃

 《ᠲᠦᠷᠢᠮ》 ᠨᠢ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ᠎ᠶ᠋ᠢᠨ ᠬᠠᠮᠲᠤ᠂ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠌᠂ ᠨᠢᠲᠤᠯᠬᠤ᠂ ᠡᠳ᠋ᠱᠢᠭᠦᠯᠬᠦ᠌᠂ ᠬᠦᠷᠭᠡᠬᠦ᠌᠂ ᠪᠣᠷᠣᠯᠠᠭᠤᠯᠬᠤ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠨᠢᠲᠤᠯᠬᠤ ᠭᠤᠤᠯ ᠴᠣᠭ᠍ᠴᠠ᠎ᠶ᠋ᠢᠨ ᠪᠠᠷᠢᠮᠵᠢᠶᠠᠵᠢᠭᠰᠠᠨ ᠪᠠᠢᠭᠤᠯᠤᠯᠲᠠ ᠬᠢᠭᠡᠳ ᠬᠦᠶ᠋ᠲᠡᠨ ᠬᠡᠯᠬᠢᠶᠡᠲᠦ ᠭᠦᠶ᠋ᠯᠭᠡᠭᠡᠨ᠎ᠦ ᠱᠢᠰᠲ᠋ᠧᠮ ᠢ᠋ ᠪᠠᠢᠭᠤᠯᠬᠤ᠎ᠶ᠋ᠢ ᠳᠡᠮᠵᠢᠨ᠎ᠡ ᠭᠡᠵᠦ᠍ ᠲᠣᠳᠣᠷᠬᠠᠢᠯᠠᠪᠠ᠃ ᠡᠭᠦᠨ᠎ᠦ ᠬᠠᠮᠲᠤ᠂ ᠲᠣᠭ᠍ᠲᠠᠮᠠᠯ ᠭᠠᠵᠠᠷ᠎ᠲᠤ ᠨᠢᠲᠤᠯᠬᠤ ᠦᠢᠯᠡᠳᠪᠦᠷᠢ (ᠲᠠᠯᠠᠪᠠᠶ) ᠶ᠋ᠢᠨ ᠦᠢᠯᠡᠳᠪᠦᠷᠢᠯᠡᠯ᠎ᠦᠨ ᠮᠡᠷᠭᠡᠵᠢᠯ᠎ᠦᠨ ᠨᠥᠬᠥᠴᠡᠯ᠎ᠢᠶᠡᠨ ᠳᠡᠰ ᠳᠡᠪᠱᠢᠭᠦᠯᠬᠦ᠌ ᠎ᠶ᠋ᠢ ᠬᠥᠲᠥᠯᠥᠨ ᠵᠢᠯᠣᠭᠣᠳᠴᠤ᠌ ᠲᠡᠳᠬᠦᠨ ᠳᠡᠮᠵᠢᠵᠦ᠍᠂ ᠦᠢᠯᠡᠳᠬᠦᠨ᠎ᠦ ᠢᠷᠡᠯᠲᠡ᠎ᠶ᠋ᠢ ᠮᠥᠷᠳᠡᠬᠦ᠌ ᠪᠠ ᠡᠭᠡᠭᠦᠯᠦᠨ ᠠᠪᠴᠢᠷᠠᠬᠤ ᠳᠦᠷᠢᠮ᠎ᠢ ᠲᠡᠭᠦᠯᠳᠡᠷᠵᠢᠭᠦᠯᠦᠨ᠂ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠨᠢᠲᠤᠯᠬᠤ ᠭᠣᠭ᠍ᠴᠣᠭ᠎ᠠ᠎ᠶ᠋ᠢ ᠵᠢᠷᠤᠮᠵᠢᠭᠤᠯᠬᠤ᠎ᠪᠠᠷ ᠳᠠᠮᠵᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠥᠪᠥᠷ ᠮᠣᠩᠭᠣᠯ᠎ᠤᠨ ᠮᠠᠯ ᠵᠢᠭᠦᠷᠲᠡᠨ᠎ᠦ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠲᠡᠬᠢ ᠥᠷᠢᠰᠥᠯᠳᠦᠬᠦ᠌ ᠬᠦᠴᠦᠨ᠎ᠢ ᠤᠯᠠᠮ ᠨᠢᠭᠡ ᠠᠯᠬᠤᠮ ᠴᠢᠩᠭᠠᠳᠬᠠᠨ᠎ᠠ᠃

ᠲᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ ᠎ᠤ ᠬᠤᠯᠪᠤᠬᠳᠠᠯ ᠪᠦᠬᠦᠢ ᠰᠠᠯᠠᠭ᠎ᠠ ᠮᠥᠴᠢᠷ ᠬᠠᠮᠲᠤᠷᠠᠨ 《ᠲᠦᠷᠢᠮ》 ᠤ᠋ᠨ ᠤᠬᠠᠭᠤᠯᠭ᠎ᠠ ᠲᠠᠢᠯᠤᠮᠵᠢ ᠬᠢᠭᠡᠳ ᠲᠤᠰᠬᠠᠢ ᠪᠣᠯᠪᠠᠰᠤᠷᠠᠯ ᠢ᠋ ᠥᠷᠨᠢᠭᠦᠯᠵᠦ᠍᠂ 《ᠲᠦᠷᠢᠮ》 ᠤ᠋ᠨ ᠡᠯ᠎ᠡ ᠵᠦᠶ᠋ᠯ᠎ᠦᠨ ᠲᠣᠭ᠍ᠲᠠᠭᠠᠯ ᠎ᠢ  ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠮᠠᠯ ᠵᠢᠭᠦᠷᠲᠡᠨ᠎ᠦ ᠠᠱᠢᠭ ᠱᠢᠮ᠎ᠡ ᠎ᠶ᠋ᠢᠨ ᠠᠮᠤᠷ ᠲᠦᠪᠱᠢᠨ ᠎ᠦ ᠰᠡᠷᠭᠡᠢᠯᠡᠯᠲᠡ᠎ᠶ᠋ᠢᠨ ᠱᠤᠭᠤᠮ᠎ᠢ ᠴᠢᠨᠠᠬᠰᠢᠳᠠ ᠪᠡᠬᠢᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号