ᠥᠪᠥᠷ ᠮᠣᠩᠭᠣᠯ ᠤ᠋ᠨ ᠬᠤᠩᠱᠠᠨ ᠰᠣᠶᠣᠯ ᠤ᠋ᠨ ᠰᠤᠳᠤᠯᠭᠠᠨ ᠤ᠋ ᠬᠣᠯᠪᠣᠭ᠎ᠠ ᠪᠠᠢᠭᠤᠯᠤᠭ᠍ᠳᠠᠪᠠ
2025-12-01 16:26:56
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ ᠡᠴᠡ ᠤᠢᠯᠠᠭᠠᠭᠰᠠᠨ ᠢ᠋ᠶ᠋ᠡᠷ᠂ ᠥᠪᠥᠷ  ᠮᠣᠩᠭᠣᠯ ᠤ᠋ᠨ ᠬᠤᠩᠱᠠᠨ ᠰᠣᠶᠣᠯ ᠤ᠋ᠨ ᠰᠤᠳᠤᠯᠭᠠᠨ ᠤ᠋ ᠬᠣᠯᠪᠣᠭ᠎ᠠ ᠲᠦᠷᠦᠬᠦᠬᠡᠨ ᠤᠯᠠᠭᠠᠨᠬᠠᠳᠠ ᠬᠤᠳᠠ ᠳ᠋ᠦ ᠪᠠᠢᠭᠤᠯᠤᠭᠳᠠᠵᠦ᠂ ᠬᠤᠩᠱᠠᠨ ᠰᠣᠶᠣᠯ ᠤ᠋ᠨ ᠥᠪ ᠢ᠋ ᠬᠠᠮᠠᠭᠠᠯᠠᠬᠤ᠂ ᠤᠬᠠᠭᠤᠯᠤᠨ ᠳᠡᠯᠭᠡᠨ ᠦᠵᠡᠭᠦᠯᠬᠦ᠌ ᠪᠠ ᠬᠠᠭᠤᠴᠢ ᠰᠤᠳᠤᠯᠤᠯ ᠤ᠋ᠨ ᠠᠵᠢᠯ ᠤ᠋ᠨ ᠳᠤᠮᠳᠠᠬᠢ ᠭᠠᠵᠠᠷ ᠣᠷᠣᠨ ᠤ᠋ ᠬᠢᠵᠠᠭᠠᠷᠯᠠᠯ ᠢ᠋ ᠡᠪᠳᠡᠨ᠂ ᠬᠦᠴᠦᠨ ᠵᠤᠢᠯ ᠢ᠋ ᠨᠠᠩ ᠰᠠᠢᠨ ᠨᠡᠢᠳᠭᠡᠵᠦ᠍᠂ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠌ ᠪᠠ ᠳᠠᠪᠠᠭᠤᠯᠢᠭ ᠢ᠋ᠶ᠋ᠠᠨ ᠬᠠᠷᠢᠯᠴᠠᠨ ᠨᠥᠬᠥᠪᠥᠷᠢᠯᠡᠬᠦ ᠳ᠋ᠤ ᠲᠦᠬᠦᠮ ᠲᠦᠳᠡ ᠲᠠᠪᠴᠠᠩ ᠬᠠᠩᠭᠠᠪᠠ᠃

ᠮᠠᠨ ᠤ᠋ ᠤᠷᠤᠨ 《ᠬᠠᠮᠠᠭᠠᠯᠠᠬᠤ ᠶ᠋ᠢ ᠲᠡᠷᠢᠭᠦᠨ ᠳ᠋ᠦ ᠲᠠᠯᠪᠢᠬᠤ᠂ ᠬᠠᠮᠢᠶᠠᠷᠤᠯᠲᠠ ᠪᠠᠨ ᠴᠢᠩᠭᠠᠳᠭᠠᠬᠤ᠂ ᠦᠨ᠎ᠡ ᠥᠷᠲᠡᠭ ᠢ᠋ ᠠᠭᠤᠳᠠᠯᠬᠤ᠂ ᠪᠦᠲᠦᠮᠵᠢᠲᠡᠶ ᠠᠱᠢᠭ᠍ᠯᠠᠬᠤ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠠᠮᠢᠳᠤᠯᠢᠭ ᠪᠣᠯᠭᠠᠬᠤ》 ᠱᠢᠨ᠎ᠡ ᠴᠠᠭ ᠦᠶ᠎ᠡ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠠᠵᠢᠯ ᠤ᠋ᠨ ᠴᠢᠭ᠌ᠯᠡᠯᠲᠡ ᠶ᠋ᠢ ᠪᠠᠷᠢᠮᠲᠠᠯᠠᠨ᠂ 《ᠤᠯᠤᠰ ᠤ᠋ᠨ ᠲᠥᠯᠥᠭᠡ ᠬᠠᠭᠤᠴᠢ ᠰᠤᠳᠤᠯᠤᠯ ᠬᠢᠬᠦ᠌᠂ ᠡᠷᠳᠡᠮ ᠱᠢᠨᠵᠢᠯᠡᠭᠡᠨ ᠢ᠋ᠶ᠋ᠡᠷ ᠡᠬᠡ ᠤᠯᠤᠰ ᠤ᠋ᠨ ᠢ᠋ᠶ᠋ᠠᠨ ᠲᠥᠯᠥᠭᠡ ᠵᠢᠳᠬᠦᠬᠦ᠌》 ᠪᠠᠷ ᠲᠡᠮᠡᠴᠡᠬᠦ᠌ ᠬᠠᠷᠠᠯᠲᠠ ᠪᠠᠨ ᠪᠣᠯᠭᠠᠵᠤ᠂ ᠬᠤᠩᠱᠠᠨ ᠰᠣᠶᠣᠯ ᠭᠡᠬᠦ᠌ ᠡᠨᠡ ᠬᠦ᠌ ᠬᠣᠪᠣᠷ ᠨᠠᠨᠳᠢᠨ ᠲᠡᠦᠬᠡ ᠰᠣᠶᠣᠯ ᠤ᠋ᠨ ᠥᠪ ᠢ᠋ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠨ᠂ ᠰᠠᠢᠲᠤᠷ ᠠᠱᠢᠭ᠍ᠯᠠᠵᠤ᠂ ᠣᠯᠠᠨ ᠡᠱᠢᠲᠦ ᠨᠢᠭᠡ ᠴᠣᠭ᠍ᠴᠠᠵᠢᠭ᠍ᠰᠠᠨ ᠳᠤᠮᠳᠠᠳᠤ ᠶ᠋ᠢᠨ ᠪᠣᠯᠪᠠᠰᠤᠨ ᠤ᠋ ᠡᠬᠢ ᠡᠭᠦᠰᠦᠯ ᠢ᠋ ᠨᠤᠲᠠᠯᠠᠬᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠣᠨᠣᠯ ᠤ᠋ᠨ ᠦᠨᠳᠦᠰᠦᠯᠡᠯ ᠬᠠᠩᠭᠠᠬᠤ  ᠵᠤᠷᠢᠯᠭ᠎ᠠ ᠪᠡᠷ ᠥᠪᠥᠷ ᠮᠣᠩᠭᠣᠯ ᠤ᠋ᠨ ᠬᠤᠩᠱᠠᠨ ᠰᠣᠶᠣᠯ ᠤ᠋ᠨ ᠰᠤᠳᠤᠯᠭᠠᠨ ᠤ᠋ ᠬᠣᠯᠪᠣᠭ᠎ᠠ ᠶ᠋ᠢ ᠪᠠᠢᠭᠤᠯᠵᠠᠢ᠃

ᠬᠤᠩᠱᠠᠨ ᠰᠣᠶᠣᠯ ᠪᠣᠯ ᠪᠠᠷᠠᠭᠤᠨ ᠯᠢᠶᠣᠤᠾᠧ ᠭᠣᠣᠯ ᠤ᠋ᠨ ᠪᠣᠯᠪᠠᠰᠤᠨ ᠤ᠋ ᠬᠠᠮᠤᠭ ᠤ᠋ᠨ ᠲᠥᠯᠥᠭᠡᠯᠡᠬᠦ᠌ ᠴᠢᠨᠠᠷᠲᠠᠢ ᠬᠠᠭᠤᠴᠢ ᠰᠤᠳᠤᠯᠤᠯ ᠤ᠋ᠨ ᠰᠣᠶᠣᠯ ᠤ᠋ᠨ ᠨᠢᠭᠡ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠦᠪᠤᠷ ᠮᠤᠩᠭᠤᠯ ᠬᠤᠩᠱᠠᠨ ᠰᠣᠶᠣᠯ ᠤ᠋ᠨ ᠥᠪ ᠢ᠋ ᠬᠠᠮᠠᠭᠠᠯᠠᠬᠤ᠂ ᠤᠬᠠᠭᠤᠯᠤᠨ ᠳᠡᠯᠭᠡᠨ ᠦᠵᠡᠭᠦᠯᠬᠦ᠌᠂ ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠯᠠᠭ᠎ᠠ ᠬᠢᠬᠦ ᠪᠠ ᠰᠤᠳᠤᠯᠭᠠᠨ ᠤ᠋ ᠠᠵᠢᠯ ᠳ᠋ᠤ ᠭᠠᠷᠮᠠᠭᠠᠶ ᠠᠮᠵᠢᠯᠲᠠ ᠪᠦᠲᠦᠮᠵᠢ ᠤᠯᠵᠠᠢ᠃ ᠡᠨᠡ ᠬᠦ᠌ ᠬᠤᠭᠤᠴᠠᠭᠠᠨ ᠳ᠋ᠦ᠂ ᠼᠠᠢ ᠲᠤᠤ ᠫᠦᠧᠧ᠎ᠶᠢᠨ ᠪᠠᠭᠤᠷᠢ ᠪᠤᠯᠤᠨ ᠠᠥᠬᠠᠨ ᠤ᠋ ᠶᠤᠧᠠᠨ ᠪᠤᠤ ᠱᠠᠨ ᠤ᠋ ᠴᠢᠯᠠᠭᠤᠨ ᠤᠩᠭᠤᠨ ᠵᠡᠷᠭᠡ ᠬᠠᠭᠤᠴᠢ ᠦᠯᠡᠳᠡᠭᠳᠡᠯ ᠢ᠋ ᠠᠭᠤᠳᠠᠯᠤᠨ ᠮᠠᠯᠳᠠᠵᠦ᠂ ᠤᠯᠳᠠᠭᠰᠠᠨ ᠬᠠᠭᠤᠴᠢ ᠡᠳ᠋ ᠨᠢ ᠬᠤᠩᠱᠠᠨ ᠰᠤᠶᠤᠯ ᠤ᠋ᠨ ᠲᠡᠥᠬᠡ ᠵᠢ ᠰᠤᠳᠤᠯᠬᠤ ᠳ᠋ᠦ ᠬᠦᠴᠦᠳᠡᠢ ᠬᠡᠷᠡᠴᠢ ᠬᠠᠩᠭᠠᠪᠠ; 70 ᠵᠢᠯ ᠤ᠋ᠨ ᠬᠠᠭᠤᠴᠢ ᠰᠤᠳᠤᠯᠭᠠᠨ ᠤ᠋ ᠠᠵᠢᠯ ᠤ᠋ᠨ ᠠᠮᠵᠢᠯᠳᠠ ᠪᠦᠳᠦᠮᠵᠢ ᠵᠢ ᠨᠠᠢᠷᠠᠭᠤᠯᠤᠨ ᠡᠮᠬᠢᠳᠬᠡᠵᠦ᠂ ᠬᠤᠩᠱᠠᠨ ᠰᠤᠶᠤᠯ ᠤ᠋ᠨ ᠪᠦᠷᠢᠯᠳᠦᠯ ᠢ᠋ ᠳᠠᠢᠯᠪᠤᠷᠢᠯᠠᠨ᠂ ᠲᠤᠮᠳᠠᠳᠦ᠎ᠶᠢᠨ ᠪᠤᠯᠪᠠᠰᠤᠨ ᠤ᠋ ᠡᠬᠢ ᠡᠬᠦᠰᠦᠯ ᠢ᠋ ᠰᠤᠳᠤᠯᠬᠤ ᠳ᠋ᠦ ᠡᠰᠢ ᠪᠠᠷᠢᠮᠳᠠ ᠬᠠᠩᠭᠠᠪᠠ᠃ ᠪᠠᠰᠠ ᠬᠤᠩᠱᠠᠨ ᠰᠤᠶᠤᠯ ᠤ᠋ᠨ ᠮᠦᠽᠧᠢ ᠵᠢ ᠪᠠᠢᠭᠤᠯᠤᠨ᠂ ᠬᠠᠭᠤᠴᠢ ᠰᠤᠳᠤᠯᠤᠯ ᠤ᠋ᠨ ᠪᠠᠢᠴᠠᠭᠠᠯᠳᠠ᠂ ᠮᠦᠷᠳᠡᠯᠳᠡ᠂ ᠢᠯᠡᠷᠡᠬᠦᠯᠦᠯᠳᠡ ᠵᠢᠨ ᠲᠤᠭᠠᠴᠢᠯᠠᠭᠰᠠᠨ ᠳᠠᠪᠴᠠᠩ ᠢ᠋ ᠪᠠᠢᠭᠤᠯᠵᠦ᠂ ᠦᠪᠦᠷ ᠮᠤᠨᠭᠭᠤᠯ᠂ ᠾᠧᠪᠧᠢ᠂ ᠯᠢᠶᠤᠤᠨᠢᠩ ᠭᠤᠷᠪᠠᠨ ᠮᠤᠵᠢ ᠤᠷᠤᠨ ᠬᠠᠮᠳᠤᠷᠠᠯᠴᠠᠭᠠᠨ ᠤ᠋ ᠵᠦᠪᠯᠡᠯᠴᠡᠬᠡᠷ ᠲᠤᠭᠳᠠᠵᠦ᠂ ᠬᠤᠩᠱᠠᠨ ᠰᠤᠶᠤᠯ ᠤ᠋ᠨ ᠬᠠᠭᠤᠴᠢ ᠰᠤᠳᠤᠯᠭᠠᠨ ᠪᠤᠯᠤᠨ ᠵᠢᠭᠤᠯᠴᠢᠯᠠᠯ ᠤ᠋ᠨ ᠨᠡᠬᠡᠬᠡᠨ ᠠᠰᠢᠭᠯᠠᠯᠳᠠ ᠵᠢ ᠬᠠᠮᠳᠤ ᠪᠡᠷ ᠦᠷᠨᠢᠬᠦᠯᠬᠦ ᠪᠡᠷ ᠲᠤᠭᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号