ᠦᠪᠦᠷ ᠮᠤᠩᠭᠤᠯ᠎ᠤᠨ ᠴᠠᠰᠤ ᠮᠦᠰᠦᠨ᠎ᠤ ᠲᠠᠮᠢᠷ᠎ᠤᠨ ᠬᠦᠳᠡᠯᠭᠡᠭᠡᠨ᠎ᠤ ᠴᠢᠨᠠᠷ ᠰᠠᠢᠳᠠᠢ ᠬᠦᠭᠵᠢᠯᠳᠡ ᠵᠢᠨ ᠠᠶᠠᠨ
2025-12-01 17:16:27
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠳᠦ ᠡᠪᠦᠯ᠎ᠦᠨ ᠤᠯᠠᠷᠢᠯ ᠣᠷᠳᠣ ᠪᠥᠭᠡᠳ ᠬᠠᠬᠢᠷ ᠬᠦᠶ᠋ᠲᠡᠨ᠂ ᠮᠦᠰᠦ ᠴᠠᠰᠤᠨ᠎ᠤ ᠡᠬᠢ ᠪᠠᠶᠠᠯᠢᠭ ᠡᠯᠪᠡᠭ ᠪᠠᠢᠵᠤ᠂ ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠢ ᠬᠥᠭ᠌ᠵᠢᠭᠦᠯᠬᠦ ᠥᠪᠡᠷᠮᠢᠴᠡ ᠳᠠᠪᠠᠭᠤᠯᠢᠭ ᠪᠠᠢᠭᠠᠯᠢ᠎ᠶ᠋ᠢᠨ ᠨᠦᠭᠦᠴᠠᠯ ᠲᠠᠢ᠃ ᠬᠥᠯᠥᠨ ᠪᠤᠢ᠌ᠷ᠎ᠤᠨ ᠲᠠᠯ᠎ᠠ ᠨᠤᠲᠤᠭ᠂ ᠤᠯᠠᠭᠠᠨᠴᠠᠪ᠎ᠤᠨ ᠭᠠᠯᠲᠤ ᠠᠭᠤᠯᠠᠨ᠎ᠤ ᠴᠠᠰᠤᠲᠤ ᠲᠠᠯ᠎ᠠ ᠁ ᠨᠢ ᠤᠯᠠᠨ ᠶᠠᠩᠵᠤ᠎ᠶ᠋ᠢᠨ ᠴᠠᠰᠤ ᠮᠥᠰᠥ᠍ ᠎ᠤ ᠬᠦᠳᠡᠯᠭᠡᠭᠡᠨ᠎ᠤ ᠨᠦᠭᠦᠴᠡᠯ᠎ᠢ ᠪᠦᠷᠢᠯᠳᠦᠭᠦᠯᠵᠦ᠍᠂ ᠤᠯᠠᠨ ᠵᠦᠢᠯ᠎ᠤᠨ ᠲᠤᠰᠭᠠᠢ ᠮᠡᠷᠭᠡᠵᠢᠯ᠎ᠦᠨ ᠤᠷᠤᠯᠳᠤᠭᠠᠨ᠎ᠤ ᠬᠡᠷᠡᠭ᠌ᠴᠡᠭᠡ᠎ᠶ᠋ᠢ ᠬᠠᠩᠭᠠᠭ᠍ᠰᠠᠨ᠎ᠢᠶᠠᠷ ᠪᠠᠷᠠᠬᠤ ᠦᠭᠡᠢ ᠪᠠᠰᠠ ᠤᠯᠠᠨ ᠲᠦᠮᠡᠨ᠎ᠦ ᠰᠡᠯᠡᠭᠦᠴᠡᠨ ᠵᠢᠭᠤᠯᠴᠢᠯᠠᠬᠤ ᠰᠠᠢᠬᠠᠨ ᠤᠷᠤᠨ ᠪᠤᠯᠪᠠ᠃


QQ20251201-171522.png


ᠮᠥᠰᠥ᠍ ᠴᠠᠰᠤᠨ᠎ᠤ ᠬᠥᠳᠡᠯᠭᠡᠭᠡᠨ᠎ᠦ ᠥᠷᠨᠢᠩᠭᠦᠶ ᠬᠥᠭ᠌ᠵᠢᠯᠲᠡ᠎ᠳ᠋ᠤ ᠲᠦᠷᠦ ᠵᠢᠨ ᠪᠤᠳᠤᠯᠭ᠎ᠠ ᠵᠢᠨ ᠲᠡᠮᠵᠢᠯᠭᠡ ᠬᠠᠩᠭᠠᠪᠠ

ᠬᠥᠯᠥᠨ ᠪᠤᠢ᠌ᠷ ᠬᠤᠳᠠ ᠲᠦᠷᠦ᠍᠎ᠶ᠋ᠢᠨ ᠪᠤᠳᠤᠯᠭ᠎ᠠ᠎ᠪᠠᠷ ᠵᠢᠯᠤᠭᠤᠳᠤᠮᠵᠢ ᠪᠣᠯᠭᠠᠵᠤ᠂ ᠲᠠᠯᠠᠪᠤᠷ ᠣᠷᠳᠣᠨ᠎ᠢᠶᠠᠷ ᠲᠤᠯᠭᠠᠭᠤᠷᠢᠯᠠᠯ ᠪᠣᠯᠭᠠᠨ᠂ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠪᠣᠯᠤᠨ ᠮᠥᠰᠥ᠍ ᠴᠠᠰᠤᠨ᠎ᠤ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 《ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠤᠳᠠ》ᠵᠢᠨ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠥᠷᠭᠡᠳᠭᠡᠪᠡ᠃ 《ᠬᠥᠯᠥᠨ ᠪᠣᠢᠷ ᠬᠣᠲᠠ᠎ᠶ᠋ᠢᠨ ᠴᠠᠰᠤ ᠮᠦᠰᠦᠨ᠎ᠤ ᠲᠠᠮᠢᠷ᠎ᠤᠨ ᠬᠥᠳᠡᠯᠭᠡᠭᠡᠨ᠎ᠢ ᠲᠦᠷᠭᠡᠳᠭᠡᠨ ᠬᠥᠭ᠌ᠵᠢᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》᠂ 《ᠬᠥᠯᠥᠨ ᠪᠣᠢᠷ ᠬᠣᠲᠠ᠎ᠶ᠋ᠢᠨ ᠮᠥᠰᠥ᠍ ᠴᠠᠰᠤᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ (2019 - 2025 ᠣᠨ)》᠂ 《ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠪᠡᠷ ᠮᠥᠰᠥ᠍ ᠴᠠᠰᠤᠨ᠎ᠤ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ 30 ᠵᠤᠷᠪᠤᠰ ᠠᠷᠭ᠎ᠠ ᠬᠡᠮᠵᠢᠶ᠎ᠡ》ᠶ᠋ᠢ ᠲᠣᠭ᠍ᠲᠠᠭᠠᠵᠤ᠂ ᠣᠯᠠᠨ ᠰᠠᠯᠠᠭ᠎ᠠ ᠮᠥᠴᠢᠷ᠎ᠲᠡᠶ ᠬᠠᠮᠲᠤᠷᠠᠨ ᠴᠠᠰᠤ ᠮᠦᠰᠦᠨ᠎ᠤ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠵᠦ᠍᠂ ᠬᠡᠷᠡᠭ᠌ᠯᠡᠭᠡᠨ᠎ᠦ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃

2025 ᠣᠨ᠎ᠤ ᠡᠬᠢ᠎ᠪᠡᠷ ᠦᠪᠦᠷ ᠮᠤᠨᠭᠭᠤᠯ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠯᠤᠭᠠᠨ ᠶᠡᠬᠡ ᠲᠠᠯ᠎ᠠ᠎ᠠᠴᠠ 25 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠤ᠂ ᠪᠦᠷᠢᠨ ᠲᠡᠭᠦᠯᠳᠡᠷ ᠲᠥᠷᠥ᠎ᠶ᠋ᠢᠨ ᠪᠣᠳᠣᠯᠭ᠎ᠠ᠎ᠶ᠋ᠢᠨ ᠲᠤᠯᠭᠠᠭᠤᠷᠢᠯᠠᠯ᠎ᠤᠨ ᠱᠢᠰᠲ᠋ᠧᠮ᠎ᠢ ᠪᠠᠢᠭᠤᠯᠪᠠ᠃ ᠤᠷᠤᠯᠳᠤᠭᠠᠨ᠎ᠢ ᠳᠡᠯᠭᠡᠷᠡᠭᠦᠯᠬᠦ᠌ ᠲᠠᠯ᠎ᠠ᠎ᠪᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠨᠥᠯᠥᠭᠡ᠎ᠶ᠋ᠢ ᠬᠦᠴᠦᠯᠡᠨ ᠥᠷᠭᠡᠳᠭᠡᠵᠦ᠍᠂ 《ᠣᠯᠠᠨ ᠲᠦᠮᠡᠨᠴᠢ ᠮᠥᠰᠥ᠍ ᠴᠠᠰᠤᠨ᠎ᠤ ᠬᠦᠳᠡᠯᠭᠡᠭᠡᠨ᠎ᠤ ᠤᠯᠠᠷᠢᠯ》᠎ᠢ᠋ᠶ᠋ᠠᠷ ᠠᠴᠢᠶᠠᠯᠠᠪᠤᠷᠢ ᠪᠣᠯᠭᠠᠨ᠂ ᠮᠥᠰᠥ᠍ ᠴᠠᠰᠤᠨ᠎ᠤ ᠨᠠᠭᠠᠳᠤᠮ᠂ ᠡᠪᠦᠯ᠎ᠦᠨ ᠤᠯᠠᠷᠢᠯ᠎ᠤᠨ ᠪᠠᠭᠠᠲᠤᠳ᠎ᠤᠨ ᠴᠤᠭ᠍ᠯᠠᠭᠠᠨ᠂ ᠬᠦᠶ᠋ᠲᠡᠨ ᠲᠤᠢᠯ᠎ᠤᠨ ᠮᠠᠷᠠᠽᠤᠨ ᠤᠷᠤᠯᠳᠤᠭᠠᠨ ᠵᠡᠷᠭᠡ ᠤᠨᠴᠠᠯᠢᠬ᠍ᠳᠤ ᠲᠥᠷᠥᠯ ᠲᠡᠮᠳᠡᠭ᠎ᠢ ᠱᠤᠭᠤᠵᠤ᠂ 《ᠨᠢᠭᠡ ᠭᠠᠵᠠᠷ ᠨᠢᠭᠡ ᠦᠶ᠋ᠯᠡᠳᠬᠦᠨ》 ᠎ᠤ᠋  ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ 《ᠰᠠᠷ᠎ᠠ ᠪᠦᠷᠢ ᠭᠤᠤᠯ ᠰᠡᠳᠦᠪ᠎ᠲᠡᠶ᠂ ᠭᠠᠷᠠᠭ ᠪᠦᠷᠢ ᠤᠷᠤᠯᠳᠤᠭᠠᠨ᠎ᠲᠠᠶ᠂ ᠡᠳᠦᠷ ᠪᠦᠷᠢ ᠠᠵᠢᠯᠯᠠᠭ᠎ᠠ᠎ᠲᠠᠶ》 ᠪᠠᠢᠬᠤ ᠬᠠᠯᠠᠭᠤᠨ ᠥᠷᠨᠢᠯᠲᠡ᠎ᠶ᠋ᠢ ᠪᠣᠶ ᠪᠣᠯᠭᠠᠪᠠ᠃  ᠤᠢᠯᠠᠭᠠᠭᠰᠠᠨ ᠵᠢᠡᠷ᠂ 2025 ᠣᠨ᠎ᠤ ᠡᠪᠦᠯ  ᠪᠥᠬᠥ᠌ ᠣᠷᠣᠨ᠎ᠤ ᠡᠯ᠎ᠡ ᠠᠢᠮᠠᠭ ᠬᠣᠲᠠ ᠣᠯᠠᠨ ᠲᠦᠮᠡᠨᠴᠢ ᠮᠥᠰᠥ᠍ ᠴᠠᠰᠤᠨ᠎ᠤ ᠤᠷᠤᠯᠳᠤᠭᠠᠨ᠎ᠤ ᠠᠵᠢᠯᠯᠠᠭ᠎ᠠ᠎ᠶ᠋ᠢ ᠨᠡᠢᠲᠡ 338 ᠵᠦᠶ᠋ᠯ ᠡᠷᠭᠢᠯᠡᠬᠦ ᠪᠡᠷ ᠲᠦᠰᠦᠪᠯᠡᠵᠦ ᠪᠤᠢ᠃ ᠤᠯᠠᠨ ᠲᠦᠮᠡᠨᠴᠢ ᠮᠦᠰᠦ ᠴᠠᠰᠤᠨ᠎ᠤ ᠤᠷᠤᠯᠳᠤᠭᠠᠨ ᠨᠢ ᠴᠠᠨᠠᠯᠠᠯᠲᠠ᠂ ᠮᠥᠰᠥᠨ ᠪᠥᠮᠪᠥᠭᠡ᠂ ᠴᠠᠰᠤᠳᠦ ᠭᠠᠵᠠᠷ᠎ᠤᠨ  ᠬᠥᠯ ᠪᠥᠮᠪᠥᠭᠡ ᠵᠡᠷᠭᠡ ᠣᠯᠠᠨ ᠲᠥᠷᠥᠯ ᠵᠦᠶ᠋ᠯ᠎ᠢ ᠬᠠᠮᠤᠷᠴᠤ᠌᠂ ᠵᠢᠱ᠌ᠢᠯᠲᠡ᠎ᠪᠡᠷ 800 ᠭᠠᠷᠤᠶ ᠲᠦᠮᠡᠨ ᠬᠥᠮᠦᠨ ᠤᠳᠠᠭ᠎ᠠ ᠵᠢ ᠳᠠᠢᠴᠢᠯᠠᠬᠤ ᠪᠣᠯᠤᠨ᠎ᠠ᠃

ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠯᠠᠨ ᠲᠦᠮᠡᠨᠴᠢ ᠰᠠᠭᠤᠷᠢ᠎ᠶ᠋ᠢ ᠲᠠᠰᠤᠷᠠᠯᠲᠠ ᠥᠬᠡᠶ ᠥᠷᠭᠡᠳᠭᠡᠪᠡ

ᠵᠠᠯᠠᠭᠤᠴᠤᠳ ᠪᠠᠭᠠᠴᠤᠳ᠎ᠢ ᠬᠥᠮᠦᠵᠢᠭᠦᠯᠬᠦ᠌ ᠲᠠᠯ᠎ᠠ᠎ᠪᠠᠷ᠂  ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠎ᠶ᠋ᠢ ᠠᠬᠢᠭᠤᠯᠵᠤ᠂ ᠨᠥᠬᠥᠴᠡᠯ᠎ᠲᠡᠶ ᠳᠤᠮᠳᠠᠳᠤ ᠪᠠᠭ᠎ᠠ ᠰᠤᠷᠭᠠᠭᠤᠯᠢ᠎ᠶ᠋ᠢᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠪᠡᠶ᠎ᠡ᠎ᠶ᠋ᠢᠨ ᠲᠠᠮᠢᠷ᠎ᠤᠨ ᠬᠢᠴᠢᠶᠡᠯ ᠪᠤᠶᠤ ᠬᠢᠴᠢᠶᠡᠯ᠎ᠦᠨ ᠭᠠᠳᠠᠨᠠᠬᠢ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠭᠤᠯᠬᠤ᠎ᠶ᠋ᠢ ᠳᠡᠮᠵᠢᠵᠦ᠍᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠤ ᠱᠢᠰᠲ᠋ᠧᠮ᠎ᠢ ᠪᠠᠢᠭᠤᠯᠵᠤ᠂ ᠡᠪᠦᠯ᠎ᠦᠨ ᠤᠯᠠᠷᠢᠯ᠎ᠤᠨ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶᠢᠨ ᠲᠠᠮᠢᠷ᠎ᠤᠨ ᠴᠤᠭ᠍ᠯᠠᠭᠠᠨ ᠪᠠ ᠰᠤᠷᠭᠠᠭᠤᠯᠢ᠎ᠶ᠋ᠢᠨ ᠬᠣᠭᠣᠷᠣᠨᠳᠣᠬᠢ ᠬᠣᠯᠪᠣᠭᠠᠲᠤ ᠤᠷᠤᠯᠳᠤᠭᠠᠨ᠎ᠢ ᠢᠳᠡᠪᠬᠢᠳᠡᠢ ᠦᠷᠨᠢᠬᠦᠯᠵᠦ ᠪᠤᠢ᠃ 《ᠲᠠᠮᠢᠷ᠎ᠤᠨ ᠠᠩᠭᠢ᠎ᠶ᠋ᠢᠨ ᠨᠡᠭᠡᠭᠡᠯᠲᠡ᠎ᠶ᠋ᠢᠨ ᠡᠳᠦᠷ》 ᠵᠡᠷᠭᠡ ᠬᠡᠯᠪᠡᠷᠢ᠎ᠪᠡᠷ ᠳᠠᠮᠵᠢᠭᠤᠯᠤᠨ  ᠮᠥᠰᠥ᠍ ᠴᠠᠰᠤᠨ᠎ᠤ ᠲᠠᠯᠠᠪᠤᠷ ᠣᠷᠳᠣᠨ ᠪᠣᠯᠤᠨ ᠪᠣᠯᠪᠠᠰᠤᠷᠠᠯ᠎ᠤᠨ ᠡᠬᠢ ᠪᠠᠶᠠᠯᠢᠭ᠎ᠢ ᠵᠠᠯᠠᠭᠤᠴᠤᠳ ᠪᠠᠭᠠᠴᠤᠳ᠎ᠲᠤ ᠡᠮᠬᠢ ᠵᠢᠷᠤᠮ᠎ᠲᠠᠶ ᠨᠡᠭᠡᠭᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠯᠠᠨ ᠲᠦᠮᠡᠨᠴᠢ ᠰᠠᠭᠤᠷᠢ᠎ᠶ᠋ᠢ ᠲᠠᠰᠤᠷᠠᠯᠲᠠ ᠥᠬᠡᠶ ᠥᠷᠭᠡᠳᠭᠡᠪᠡ᠃


QQ20251201-171529.png


ᠲᠤᠰᠭᠠᠶ ᠮᠡᠷᠭᠡᠵᠢᠯ᠎ᠦᠨ ᠥᠷᠢᠰᠥᠯᠳᠦᠭᠡᠨ᠎ᠦ ᠲᠠᠯ᠎ᠠ ᠪᠡᠷ᠂  ᠲᠦᠷᠭᠡᠨ ᠲᠡᠱᠢᠯᠲᠡ᠂ ᠡᠪᠦᠯ᠎ᠦᠨ ᠤᠯᠠᠷᠢᠯ᠎ᠤᠨ ᠬᠣᠶᠠᠷ ᠲᠥᠷᠥᠯ ᠵᠦᠶ᠋ᠯ ᠵᠡᠷᠭᠡ ᠳᠠᠪᠠᠭᠤᠯᠢᠭ ᠲᠥᠷᠥᠯ ᠵᠦᠶ᠋ᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠠᠩᠭᠢ᠂ ᠪᠣᠯᠪᠠᠰᠤᠷᠠᠯ᠂ ᠡᠮᠨᠡᠯᠭᠡ》 ᠎ᠶ᠋ᠢᠨ ᠬᠠᠮ ᠬᠡᠯᠪᠡᠷᠢ᠎ᠶ᠋ᠢᠨ ᠪᠦᠯᠬᠦᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ ᠴᠢᠳᠠᠪᠤᠷᠢᠲᠠᠨ ᠬᠥᠮᠦᠵᠢᠭᠦᠯᠬᠦ᠌ ᠱᠢᠰᠲ᠋ᠧᠮ᠎ᠢ ᠪᠠᠢᠭᠤᠯᠵᠤ᠂ ᠤᠯᠤᠰ᠎ᠤᠨ ᠠᠩᠭᠢ᠎ᠳᠤ ᠴᠢᠳᠠᠪᠤᠷᠢᠲᠠᠨ ᠬᠦᠷᠭᠡᠬᠦ᠌ ᠡᠷᠴᠢᠮ᠎ᠢᠶᠡᠨ ᠴᠢᠩᠭᠠᠷᠠᠭᠤᠯᠵᠤ᠂ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠪᠥᠬᠥ᠌ ᠤᠯᠤᠰ᠎ᠤᠨ 《ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ》 ᠵᠡᠷᠭᠡ ᠴᠢᠬᠤᠯᠠ ᠶᠡᠬᠡ ᠤᠷᠤᠯᠳᠤᠭᠠᠨ᠎ᠳᠤ ᠪᠥᠬᠥ᠌ ᠬᠦᠴᠦᠨ᠎ᠢᠶᠡᠷ᠎ᠢᠶᠡᠨ ᠪᠡᠯᠡᠳᠭᠡᠵᠦ᠍ ᠪᠣᠶ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠨᠡᠢᠭᠡᠮᠯᠢᠭ ᠣᠯᠠᠨ ᠲᠦᠮᠡᠨ᠎ᠳᠦ ᠦᠶ᠋ᠯᠡᠴᠢᠯᠡᠬᠦ᠌᠂ ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠪᠣᠯᠭᠠᠵᠤ᠂ ᠨᠠᠮ᠎ᠤᠨ ᠪᠠᠢᠭᠤᠯᠤᠯᠲᠠ᠂ ᠣᠯᠠᠨ ᠲᠦᠮᠡᠨᠴᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠬᠦ᠌᠂ ᠠᠵᠢᠯ ᠲᠥᠷᠥᠯ᠎ᠢ ᠬᠥᠲᠥᠯᠥᠨ ᠳᠠᠭᠠᠭᠤᠯᠬᠤ ᠪᠠ ᠦᠶ᠋ᠯᠡᠴᠢᠯᠡᠬᠦ᠌ ᠵᠡᠷᠭᠡ  ᠣᠯᠠᠨ ᠲᠠᠯ᠎ᠠ ᠵᠢᠨ ᠠᠷᠭ᠎ᠠ ᠬᠡᠮᠵᠢᠶ᠎ᠡ᠎ᠠᠪᠴᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠵᠤ᠂ ᠣᠯᠠᠨ ᠲᠦᠮᠡᠨ᠎ᠦ ᠳᠤᠮᠳᠠ ᠭᠦᠨᠵᠡᠭᠡᠢᠷᠡᠭᠦᠯᠦᠨ᠂ ᠣᠨᠴᠠᠭᠠᠶ ᠬᠥᠮᠦᠰ᠎ᠲᠦ ᠠᠱᠢᠭ ᠬᠦᠷᠲᠡᠭᠡᠪᠡ᠃《ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠭᠤᠤᠯ ᠰᠡᠳᠦᠪᠲᠦ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠪᠠᠢᠩᠭᠤ ᠬᠡᠷᠡᠭ᠌ᠵᠢᠭᠦᠯᠵᠦ᠍᠂ 1000 ᠭᠠᠷᠤᠶ  ᠲᠠᠰᠬᠠᠯᠵᠢᠭᠤᠯᠤᠭᠴᠢ᠎ᠶ᠋ᠢ ᠲᠣᠮᠢᠯᠠᠨ ᠰᠤᠷᠭᠠᠭᠤᠯᠢ᠎ᠳᠤ ᠬᠦᠨᠵᠡᠭᠡᠢᠷᠡᠭᠦᠯᠦᠨ ᠵᠢᠭᠠᠨ ᠵᠢᠯᠣᠭᠣᠳᠴᠤ᠌᠂ 120 ᠭᠠᠷᠤᠶ ᠰᠤᠷᠭᠠᠭᠤᠯᠢ᠎ᠶ᠋ᠢᠨ ᠬᠦᠷᠢᠶᠡᠨ᠎ᠦ ᠲᠦᠮᠡ ᠭᠠᠷᠤᠶ ᠵᠠᠯᠠᠭᠤᠴᠤᠳ ᠪᠠᠭᠠᠴᠤᠳ᠎ᠲᠤ ᠲᠤᠰᠭᠠᠶ ᠮᠡᠷᠭᠡᠵᠢᠯ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠵᠢᠭᠠᠨ ᠰᠤᠷᠭᠠᠯᠲᠠ ᠬᠦᠷᠲᠡᠭᠡᠵᠦ᠍᠂ ᠵᠠᠯᠠᠭᠤᠴᠤᠳ ᠪᠠᠭᠠᠴᠤᠳ᠎ᠲᠤ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠷᠢᠳᠢ ᠱᠢᠳᠢ᠎ᠶ᠋ᠢ ᠮᠡᠳᠡᠷᠡᠭᠦᠯᠪᠡ᠃

ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠠᠵᠤ ᠠᠬᠤᠶ᠎ᠶ᠋ᠢᠨ ᠦᠨ᠎ᠡ ᠥᠷᠲᠡᠭ᠎ᠢ ᠭᠦᠶ᠋ᠴᠡᠳ ᠪᠠᠳᠠᠷᠠᠭᠤᠯᠪᠠ

ᠥᠪᠥᠷ ᠮᠣᠩᠭᠣᠯ ᠤᠯᠤᠰ᠎ᠤᠨ ᠮᠥᠰᠥ᠍ ᠴᠠᠰᠤᠨ᠎ᠤ ᠠᠵᠤ ᠠᠬᠤᠶ᠎ᠶ᠋ᠢᠨ 《 ᠨᠢᠭᠡ ᠣᠷᠣᠨ ᠬᠣᠶᠠᠷ ᠪᠦᠰᠡ ᠣᠯᠠᠨ ᠵᠠᠩᠭᠢᠯᠠᠭ᠎ᠠ᠎ᠶ᠋ᠢᠨ ᠴᠡᠭ》᠎ᠤ᠋ᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠬᠥᠯᠥᠨ ᠪᠣᠢᠷ᠂ ᠬᠢᠩᠭᠠᠨ ᠠᠢᠮᠠᠭ᠎ᠢᠶᠠᠷ ᠭᠤᠤᠯ ᠪᠣᠯᠭᠠᠭ᠍ᠰᠠᠨ ᠮᠥᠰᠥ᠍ ᠴᠠᠰᠤᠨ᠎ᠤ ᠠᠵᠤ ᠠᠬᠤᠶ᠎ᠶ᠋ᠢᠨ ᠬᠥᠲᠥᠯᠥᠨ ᠳᠠᠭᠠᠭᠤᠯᠬᠤ ᠣᠷᠣᠨ᠎ᠢ ᠪᠥᠲᠥᠭᠡᠨ ᠪᠠᠢᠭᠤᠯᠵᠤ᠂ 《ᠬᠦᠰᠡᠯ ᠮᠦᠷᠦᠭᠡᠳᠦᠯ᠎ᠤᠨ ᠷᠠᠱᠢᠶᠠᠨ》᠂ 《ᠤᠮᠠᠷᠠᠲᠤ ᠬᠢᠯᠢ᠎ᠶ᠋ᠢᠨ ᠭᠡᠷᠡᠯᠲᠦ ᠰᠤᠪᠤᠳ᠎ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠬᠣᠲᠠ》 ᠵᠡᠷᠭᠡ ᠬᠣᠲᠠ᠎ᠶ᠋ᠢᠨ ᠨᠡᠷ᠎ᠡ᠎ᠶ᠋ᠢᠨ ᠬᠠᠭᠤᠳᠠᠰᠤ᠎ᠶ᠋ᠢ ᠬᠦᠴᠦᠯᠡᠨ ᠴᠣᠭ᠍ᠴᠠᠯᠠᠪᠠ᠃ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠲᠠᠯ᠎ᠠ᠎ᠪᠠᠷ᠂ ᠮᠥᠰᠥ᠍ ᠴᠠᠰᠤᠨ᠎ᠤ ᠬᠦᠳᠡᠯᠭᠡᠭᠡᠨ᠎ᠤ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠦᠶ᠋ᠯᠡᠳᠬᠦ᠌᠎ᠶ᠋ᠢ ᠬᠥᠭ᠌ᠵᠢᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠲᠣᠨᠣᠭ ᠲᠥᠬᠥᠭᠡᠷᠦᠮᠵᠢ᠎ᠶ᠋ᠢ ᠬᠠᠮᠠᠭᠠᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ᠂ ᠲᠤᠰᠭᠠᠶ ᠮᠡᠷᠭᠡᠵᠢᠯ᠎ᠦᠨ ᠪᠣᠯᠪᠠᠰᠤᠷᠠᠯ ᠬᠢᠬᠦ᠌ ᠵᠡᠷᠭᠡ ᠠᠵᠤ ᠦᠶ᠋ᠯᠡᠰ᠎ᠢ ᠪᠣᠢᠵᠢᠭᠤᠯᠵᠤ᠂ ᠮᠥᠰᠥ᠍ ᠴᠠᠰᠤᠨ᠎ᠤ ᠰᠣᠶᠣᠯ᠎ᠤᠨ ᠪᠦᠳᠦᠭᠡᠯᠴᠢ ᠦᠶ᠋ᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠤᠷᠤᠯᠳᠤᠭᠠᠨ᠎ᠤ IP ᠎ᠶ᠋ᠢ ᠡᠭᠦᠳᠦᠭ᠌ᠰᠡᠨ ᠪᠠᠢᠨ᠎ᠠ᠃ 

《ᠴᠠᠰᠤ ᠮᠥᠰᠥ᠍ + ᠠᠷᠠᠳ᠎ᠤᠨ ᠰᠠᠭᠤᠴᠠ》᠂ 《ᠴᠠᠰᠤ ᠮᠥᠰᠥ᠍ + ᠮᠣᠷᠢᠨ ᠮᠡᠷᠭᠡᠵᠢᠯ》᠂ 《ᠴᠠᠰᠤ ᠮᠥᠰᠥ᠍ + ᠵᠢᠭᠤᠯᠴᠢᠯᠠᠯ》 ᠵᠡᠷᠭᠡ ᠬᠢᠯᠢ ᠠᠯᠤᠰᠯᠠᠭ᠍ᠰᠠᠨ ᠪᠦᠲᠦᠭᠡᠭ᠌ᠳᠡᠬᠦᠨ᠎ᠢ ᠲᠠᠰᠤᠷᠠᠯᠲᠠ ᠥᠬᠡᠶ ᠨᠡᠭᠡᠭᠡᠵᠦ᠂ ᠮᠥᠰᠥ᠍ ᠴᠠᠰᠤᠨ᠎ᠤ ᠴᠤᠭ᠍ᠯᠠᠭᠠᠨ ᠵᠡᠷᠭᠡ ᠪᠡᠷ ᠳᠠᠮᠵᠢᠭᠤᠯᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠠᠵᠤ ᠠᠬᠤᠶ᠎ᠶ᠋ᠢᠨ ᠦᠨ᠎ᠡ ᠥᠷᠲᠡᠭ᠎ᠢ ᠭᠦᠶ᠋ᠴᠡᠳ ᠪᠠᠳᠠᠷᠠᠭᠤᠯᠪᠠ᠃


QQ20251201-171536.png

 

ᠥᠪᠥᠷ ᠮᠣᠩᠭᠣᠯ ᠮᠥᠰᠥ᠍ ᠴᠠᠰᠤᠨ᠎ᠤ ᠠᠵᠤ ᠠᠬᠤᠶ᠎ᠳᠤ ᠬᠡᠷᠡᠭ᠌ᠯᠡᠬᠦ᠌ ᠭᠠᠵᠠᠷ᠎ᠢ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠳᠦ ᠣᠷᠣᠭᠤᠯᠵᠤ᠂ ᠰᠤᠯᠠ ᠪᠠᠢᠭ᠎ᠠ ᠦᠶ᠋ᠯᠡᠳᠪᠦᠷᠢ᠎ᠶ᠋ᠢᠨ ᠬᠡᠷ ᠪᠠᠢᠱᠢᠩ᠂ ᠬᠤᠳᠠᠯᠳᠤᠭᠠᠨ᠎ᠤ ᠲᠥᠬᠥᠭᠡᠷᠦᠮᠵᠢ ᠵᠡᠷᠭᠡ᠎ᠶ᠋ᠢ ᠠᠱᠢᠭ᠍ᠯᠠᠨ ᠬᠡᠷ ᠳᠣᠲᠣᠷᠠᠬᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠥᠪ᠎ᠢ ᠥᠭᠡᠷᠡᠴᠢᠯᠡᠨ ᠥᠷᠭᠡᠳᠭᠡᠵᠦ᠍᠂ ᠴᠠᠰᠤ ᠮᠥᠰᠥ᠍ᠨ᠎ᠤ ᠲᠠᠮᠢᠷ᠎ᠤᠨ ᠬᠥᠳᠡᠯᠭᠡᠭᠡᠨ᠎ᠦ ᠳᠥᠷᠪᠡᠨ ᠤᠯᠠᠷᠢᠯ᠎ᠤᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠵᠣᠷᠢᠭ᠍ᠵᠢᠭᠤᠯᠪᠠ᠃ ᠭᠤᠤᠯᠳᠠᠯᠭ᠎ᠠ᠎ᠲᠠᠶ ᠣᠷᠣᠨ ᠪᠦᠰᠡ᠎ᠳᠦ ᠷᠠᠱᠢᠶᠠᠨ᠂ ᠶᠠᠭ᠍ᠰᠢ᠂ ᠵᠠᠯᠠᠨ ᠠᠢᠯ ᠵᠡᠷᠭᠡ ᠭᠠᠵᠠᠷ᠎ᠤᠨ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠨᠳᠥᠷ ᠲᠦᠪᠱᠢᠨ ᠪᠥᠬᠥᠶ ᠮᠥᠰᠥ᠍ ᠴᠠᠰᠤᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠲᠠᠰᠤᠷᠠᠯᠲᠠ ᠥᠬᠡᠶ ᠲᠠᠰ ᠳᠡᠪᠱᠢᠬᠦᠯᠪᠠ᠃ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠂ ᠹᠸᠩ ᠬᠤᠸᠠᠩ ᠱᠠᠨ ᠠᠭᠤᠯᠠ᠎ᠶ᠋ᠢᠨ ᠴᠠᠨᠠᠯᠠᠯᠲᠠ᠎ᠶᠢᠨ ᠲᠠᠯᠠᠪᠠᠢ ᠵᠡᠷᠭᠡ ᠨᠢᠭᠡ ᠪᠦᠯᠦᠭ ᠥᠨᠳᠥᠷ ᠪᠠᠷᠢᠮᠵᠢᠶᠠᠲᠤ ᠲᠠᠯᠠᠪᠠᠢ ᠣᠷᠳᠣᠨ᠎ᠢ ᠪᠦᠳᠦᠭᠡᠨ ᠪᠠᠢᠭᠤᠯᠵᠤ ᠠᠱᠢᠭ᠍ᠯᠠᠯᠲᠠ᠎ᠳᠤ ᠣᠷᠣᠭᠤᠯᠤᠨ᠂ ᠥᠪᠥᠷ ᠮᠣᠩᠭᠣᠯ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠠᠯᠠᠪᠤᠷ ᠤᠷᠳᠤᠨ᠎ᠤ ᠪᠦᠲᠦᠭᠡᠨ ᠪᠠᠢᠭᠤᠯᠤᠯᠲᠠ ᠪᠠ ᠪᠠᠢᠭᠤᠯᠤᠮᠵᠢ᠎ᠶ᠋ᠢᠨ ᠲᠡᠰ᠎ᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠦᠭ᠌ᠰᠡᠨ ᠪᠥᠭᠡᠳ 2026 ᠣᠨ᠎ᠤ ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠯᠤᠰ᠎ᠤᠨ ᠲᠦᠷᠭᠡᠨ ᠲᠡᠱᠢᠯᠲᠡ᠎ᠶ᠋ᠢᠨ ᠲᠦᠷᠦᠯ ᠵᠦᠢᠯ᠎ᠦᠨ ᠤᠷᠤᠯᠳᠤᠭᠠᠨ᠎ᠳᠤ ᠪᠡᠯᠡᠳᠭᠡᠬᠦ᠌ ᠪᠣᠯᠪᠠᠰᠤᠷᠠᠯ᠎ᠤᠨ ᠰᠠᠭᠤᠷᠢᠨ ᠪᠠ ᠪᠦᠬᠦ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠰᠠᠭᠤᠷᠢᠨ᠎ᠢᠶᠠᠷ ᠵᠢᠭ᠍ᠰᠠᠭᠠᠭ᠍ᠳᠠᠪᠠ᠃ ᠡᠢᠨ᠎ᠬᠦ  ᠦᠪᠦᠷ ᠮᠤᠨᠭᠭᠤᠯ 《ᠮᠦᠨᠭᠭᠦᠨ ᠴᠠᠭᠠᠨ ᠳᠡᠯᠡᠭᠡᠢ᠎ᠴᠦ ᠠᠯᠲᠠᠠ ᠠᠭᠤᠯᠠ ᠮᠦᠨᠭᠭᠦᠨ ᠬᠠᠢᠷᠠᠬᠠᠨ ᠮᠦᠨ》 ᠭᠡᠭᠦ ᠭᠦᠭᠵᠢᠯᠲᠡ᠎ᠶᠢᠨ ᠤᠢᠯᠠᠭᠠᠭᠳᠠᠬᠤᠨ᠎ᠢ ᠦᠷᠭᠦᠯᠵᠢᠯᠡᠨ ᠳᠤᠭᠤᠰᠢᠯᠠᠭᠤᠯᠵᠦ᠂ ᠡᠪᠦᠯ᠎ᠤᠨ ᠤᠯᠠᠷᠢᠯ᠎ᠤᠨ ᠴᠠᠰᠤ ᠮᠦᠰᠦᠨ᠎ᠤ ᠵᠢᠭᠤᠯᠴᠢᠯᠠᠯ᠂ ᠪᠦᠬᠦ ᠤᠷᠤᠨ ᠪᠦᠰᠡ᠂ ᠪᠦᠬᠦ ᠠᠵᠦ ᠦᠢᠯᠡᠰ᠎ᠤᠨ ᠵᠢᠭᠤᠯᠴᠢᠯᠠᠯ᠎ᠢ  ᠶᠡᠭᠡ  ᠪᠡᠷ  ᠬᠦᠭᠵᠢᠭᠦᠯᠵᠦ  ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号